ᠰᠢᠩ ᠾᠧ ᠰᠢᠶᠠᠨ ᠤ 2024 ᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ | ᠤᠳᠠᠯ ᠥᠬᠡᠶ ᠪᠥᠬᠦ ᠲᠠᠯ᠎ᠠ ᠪᠠᠷ ᠡᠬᠢᠯᠡᠬᠦ ᠭᠡᠵᠦ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ︾ ᠤᠨ ᠠᠷᠪᠠᠨ ᠬᠤᠶᠠᠳᠤᠭᠠᠷ | ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠬᠠᠷᠢᠶ᠎ᠠ ᠲᠣᠭᠤᠷᠢᠭ ᠤᠨ | ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ | ᠲᠥᠯᠥᠭᠡ᠂ ᠣᠨᠴᠠᠭᠠᠶᠢᠯᠠᠨ ᠳᠣᠤᠷᠠᠬᠢ ᠮᠡᠲᠦ ᠵᠠᠷᠯᠠᠶ᠎ᠠ᠄ | 1. ᠪᠥᠬᠦ ᠰᠢᠶᠠᠨ ᠤ ᠬᠡᠪᠴᠢᠶᠡᠨ ᠳᠠᠬᠢ ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠬᠥᠮᠦᠨ ᠤ ᠬᠦᠴᠦ ᠪᠠᠷ | ᠪᠣᠷᠣᠭᠠᠨ ︵ᠴᠠᠰᠤ︶ ᠨᠡᠮᠡᠬᠦ ᠠᠵᠢᠯ 2024 ᠣᠨ ᠤ 4 ᠰᠠᠷ᠎ᠠ ᠶᠢᠨ 1 ᠤ ᠡᠳᠦᠷ ᠠᠴᠠ 2024 ᠣᠨ ᠤ 12 | ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ | 2. ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠠᠵᠢᠯ ᠤᠨ ᠣᠷᠣᠨ ᠪᠦᠰᠡ᠄ ᠰᠢᠩ ᠾᠧ | ᠰᠢᠶᠠᠨ ᠤ ᠬᠠᠷᠢᠶ᠎ᠠ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ᠃ | 3. ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠲᠣᠨᠣᠭᠯᠠᠯ ᠢ | ᠲᠡᠶᠢᠷᠦᠯᠳᠦ ᠰᠤᠮᠤ᠂ ᠭᠤᠷᠪᠠ ᠲᠤᠯᠤᠭ᠎ᠠ ᠶᠢᠨ ᠥᠨᠳᠥᠷ ᠫᠤᠤᠳᠠᠬᠤ ᠶᠡᠭᠡ ᠫᠤᠤ ᠭᠡᠨ᠎ᠡ᠃ | 4. ᠥᠷᠭᠡᠨ ᠤᠯᠠᠨ ᠲᠦᠮᠡᠨ ᠬᠡᠷᠪᠡ ᠮᠠᠨ ᠤ ᠰᠢᠶᠠᠨ ᠤ ᠬᠠᠷᠢᠶᠠᠨ ᠳᠠᠬᠢ ᠭᠠᠵᠠᠷ ᠣᠷᠣᠨ ᠠᠴᠠ ᠰᠠᠭᠠᠳ | ᠭᠠᠷᠴᠤ ᠪᠣᠷᠣᠭᠠᠨ ᠨᠡᠮᠡᠭᠳᠡᠬᠦ ᠲᠡᠶᠢᠷᠦᠯᠳᠦ ᠰᠤᠮᠤ ᠶᠢᠨ ᠭᠠᠵᠠᠷ ᠤᠨᠠᠭᠰᠠᠨ ᠰᠡᠵᠢᠭᠯᠡᠯᠲᠡᠶ ᠶᠠᠭᠤᠮ᠎ᠠ ᠶᠢ ᠣᠯᠵᠤ | ᠮᠡᠳᠡᠭᠰᠡᠨ ᠪᠤᠶᠤ ᠲᠡᠭᠦᠵᠦ ᠣᠯᠤᠭᠰᠠᠨ ᠪᠠᠶᠢᠪᠠᠯ᠂ ᠪᠢᠲᠡᠭᠡᠶ ᠥᠪᠡᠷ ᠢᠶᠠᠨ ᠵᠠᠳᠠᠯᠤᠨ ᠪᠠᠭᠤᠯᠭᠠᠵᠤ᠂ ᠰᠠᠷᠢᠭᠠᠯᠠᠵᠤ᠂ | ᠬᠤᠳᠠᠯᠳᠤᠨ ᠠᠪᠤᠭᠠᠷᠠᠶ᠂ ᠰᠢᠩ ᠾᠧ ᠰᠢᠶᠠᠨ ᠤ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠲᠥᠪ ᠲᠤ | ᠲᠦᠷᠭᠡᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ | 5. ᠬᠡᠷᠪᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠵᠦ ᠠᠵᠢᠯᠯᠠᠬᠤ ᠳᠤ ᠬᠡᠷᠡᠭᠯᠡᠬᠦ ᠰᠤᠮᠤ | ᠳᠠᠷᠢ ᠠᠴᠠ ᠪᠣᠯᠤᠭᠰᠠᠨ ᠬᠥᠮᠦᠨ ᠤ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠵᠡᠷᠭᠡ ᠭᠡᠨᠡᠳᠲᠡ ᠶᠢᠨ ᠠᠳᠡᠯ | ᠭᠠᠷᠪᠠᠯ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠶᠢᠨ ᠬᠠᠮᠲᠤ ᠴᠠᠭ ᠲᠤᠬᠠᠶ ᠳᠤᠨᠢ ᠰᠢᠩ ᠾᠧ ᠰᠢᠶᠠᠨ ᠤ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ ᠪᠣᠯᠤᠨ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠳᠤ ᠮᠡᠳᠡᠭᠳᠡᠭᠡᠷᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠬᠠᠷᠢᠯᠴᠠᠬᠤ ᠤᠲᠠᠰᠤ᠄ 15849164489 | ᠬᠠᠷᠢᠯᠴᠠᠬᠤ ᠬᠥᠮᠦᠨ᠄ ᠯᠦ ᠴᠤᠤ | ᠰᠢᠩ ᠾᠧ ᠰᠢᠶᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ | 2024 ᠣᠨ ᠤ 3 ᠰᠠᠷ᠎ᠠ ᠶᠢᠨ 6 ᠤ ᠡᠳᠦᠷ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |