ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
ᠨᠡᠶᠢᠲᠡᠯᠡᠭᠰᠡᠨ ᠴᠠᠭ᠄
2024/3/7
ᠪᠠᠶᠢᠭᠤᠯᠤᠮᠵᠢ ᠶᠢᠨ ᠡᠷᠬᠡ ᠴᠢᠳᠠᠪᠤᠷᠢ      ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︵ᠳᠣᠷᠣᠭᠰᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠭᠡᠵᠦ ᠲᠣᠪᠴᠢᠯᠠᠨ᠎ᠠ︶ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠬᠡᠷᠡᠭ ᠡᠷᠭᠢᠯᠡᠬᠦ ᠪᠠᠶᠢᠭᠤᠯᠤᠮᠵᠢ ᠮᠥᠨ᠂ ᠵᠢᠩᠬᠢᠨᠢ ᠰᠠᠯᠠᠭᠠᠨ ᠤ ᠲᠠᠰ ᠪᠠᠶᠢᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠳᠠᠷᠠᠭᠠᠯᠠᠯ ᠳᠤ ᠵᠢᠭᠰᠠᠭᠠᠭᠳᠠᠳᠠᠭ᠃ ᠰᠢᠶᠠᠨ ᠤ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠰᠢᠶᠠᠨ ᠤ ᠠᠵᠢᠯ ᠤᠨ ᠪᠠᠶᠢᠳᠠᠯ ᠢ ᠣᠶᠢᠯᠠᠭᠠᠭᠤᠯᠵᠤ ᠡᠵᠡᠮᠰᠢᠭᠦᠯᠬᠦ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠭᠡᠴᠢ ᠶᠢᠨ ᠬᠤᠭᠤᠷᠣᠨᠳᠣᠬᠢ ᠰᠣᠯᠪᠢᠴᠠᠨ ᠬᠤᠯᠪᠣᠯᠳᠤᠭᠰᠠᠨ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃      ︵ᠬᠤᠶᠠᠷ︶ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠰᠢᠶᠠᠨ ᠤ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠵᠤ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠡᠷᠭᠡ ᠡᠬᠡ ᠨᠤᠤᠷᠠᠭ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠪᠡ᠃      ︵ᠭᠤᠷᠪᠠ︶ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠬᠤᠷᠠᠯ ᠵᠢᠴᠢ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠴᠤ ᠪᠠᠶᠢᠭᠠᠳ ᠬᠤᠷᠠᠯ ᠢᠶᠠᠷ ᠲᠣᠭᠲᠠᠭᠠᠭᠰᠠᠨ ᠤᠴᠢᠷ ᠶᠠᠪᠤᠳᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃  ᠰᠢᠶᠠᠨ ᠤ ᠵᠠᠰᠠᠭ ᠤᠨ ᠣᠷᠳᠣᠨ ᠤ ᠬᠤᠷᠠᠯᠳᠤᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠲᠦᠷᠪᠡ︶ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠬᠠᠷᠢᠭᠤᠴᠠᠬᠤ ᠵᠣᠬᠢᠶᠠᠨ ᠪᠠᠶᠢᠭᠤᠯᠤᠯᠲᠠ ᠪᠠ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠢᠨ ᠴᠢᠬᠤᠯᠠ ᠬᠡᠷᠡᠭ ᠶᠠᠪᠤᠳᠠᠯ ᠤᠨ ᠠᠵᠢᠯᠯᠠᠭ᠎ᠠ ᠶᠢᠨ ᠲᠤᠬᠢᠷᠠᠭᠤᠯᠤᠯᠳᠠ᠃      ︵ᠲᠠᠪᠤ︶ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠶᠠᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ ᠬᠠᠷᠢᠭᠤᠴᠠᠨ ᠬᠢᠨᠠᠨ ᠬᠠᠷᠭᠤᠭᠤᠯᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠳᠣᠷᠣᠭᠰᠢ ᠲᠠᠷᠬᠠᠭᠠᠨ᠎ᠠ᠃ ᠰᠢᠶᠠᠨ ᠤ ᠵᠠᠰᠠᠭ ᠤᠨ ᠣᠷᠳᠣᠨ ᠪᠠ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠮᠡᠳᠡᠭᠡ ᠶᠢ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠰᠢᠶᠠᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠵᠢᠴᠢ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ︵ᠳᠣᠯᠤᠭ᠎ᠠ︶ ᠰᠢᠶᠠᠨ ᠤ ᠵᠠᠰᠠᠭ ᠤᠨ ᠣᠷᠳᠣᠨ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ᠂ ᠬᠡᠯᠡᠯᠴᠡᠭᠡᠷ ᠭᠡᠷ᠎ᠡ ᠵᠡᠷᠭᠡ ᠡᠬᠡ ᠪᠢᠴᠢᠭ ᠤᠨ ᠬᠠᠤᠯᠢ ᠴᠠᠭᠠᠵᠠ ᠶᠢᠨ ᠬᠢᠨᠠᠨ ᠪᠠᠶᠢᠴᠠᠭᠠᠬᠤ ᠠᠵᠢᠯ ᠵᠢᠴᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠃      ︵ᠨᠠᠢᠮᠠ︶ ᠰᠢᠶᠠᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠥᠯᠥᠪᠯᠡᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠵᠠᠰᠠᠭ ᠤᠨ ᠣᠷᠳᠣᠨ ᠤ ᠨᠡᠷ᠎ᠡ ᠪᠠᠷ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠢ ᠳᠠᠭᠠᠭᠠᠨ  ᠭᠦᠢᠴᠡᠳᠭᠡᠨ᠎ᠡ᠃      ︵ᠶᠢᠰᠦ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ  ᠦᠢᠯᠡᠴᠢᠯᠡᠭᠡ ᠬᠠᠩᠭᠠᠨ᠎ᠠ᠃      ︵ᠠᠷᠪᠠ︶ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠠᠷᠪᠠᠨ ᠨᠢᠭᠡ︶ ᠰᠢᠶᠠᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠰᠢᠶᠠᠨ ᠤ ᠵᠠᠰᠠᠭ ᠤᠨ ᠣᠷᠳᠣᠨ ᠤ ᠵᠢᠵᠢᠭᠦᠷᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃      ︵ᠠᠷᠪᠠᠨ ᠭᠤᠷᠪᠠ︶ ᠬᠤᠲᠠ᠂ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠭᠤᠯᠭ᠎ᠠ᠂ ᠰᠠᠨᠠᠯ᠂ ᠰᠠᠨᠠᠯ ᠳᠤᠷᠠᠳᠤᠯᠭ᠎ᠠ ᠪᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠲᠤᠰᠬᠠᠶ ᠰᠢᠪᠠᠳᠠᠨ ᠰᠢᠢᠳᠪᠦᠷᠢᠯᠡᠭᠦᠯᠬᠦ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ  ᠰᠢᠢᠳᠪᠦᠷᠢᠯᠡᠬᠦ ᠶᠢ ᠬᠠᠷᠢᠭᠤᠴᠠᠨ᠎ᠠ᠃      ︵ᠠᠷᠪᠠᠨ ᠲᠦᠷᠪᠡ︶ ᠭᠠᠳᠠᠭᠠᠳᠤ ᠶᠠᠪᠤᠳᠠᠯ ᠤᠨ ᠠᠵᠢᠯ ᠢ ᠬᠠᠷᠢᠭᠤᠴᠠᠨ ᠭᠦᠢᠴᠡᠳᠬᠡᠨ᠎ᠡ︔ ᠭᠠᠳᠠᠭᠠᠳᠤ ᠶᠢᠨ ᠵᠣᠴᠢᠨ᠂ ᠳᠤᠮᠳᠠᠳᠤ ᠶᠢᠨ ᠬᠠᠷᠢᠶᠠᠲᠤ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ᠂ ᠭᠠᠳᠠᠭᠠᠳᠤ ᠶᠢᠨ ᠬᠠᠷᠢᠶ᠎ᠠ ᠲᠠᠢ ᠳᠤᠮᠳᠠᠳᠤ ᠶᠢᠨ ᠬᠥᠮᠦᠰ ᠤᠨ ᠮᠠᠨ ᠤ ᠰᠢᠶᠠᠨ ᠳᠤ ᠢᠷᠡᠵᠤ ᠲᠦᠷᠦᠯ ᠰᠠᠳᠤᠨ ᠢᠶᠠᠨ ᠡᠷᠭᠢᠵᠦ ᠦᠵᠡᠬᠦ᠂ ᠨᠠᠶᠢᠵᠢ ᠨᠥᠬᠦᠳ ᠢᠶᠠᠨ ᠡᠷᠭᠢᠵᠦ ᠦᠵᠡᠬᠦ᠂ ᠠᠵᠢᠯ ᠤᠨ ᠰᠤᠷᠪᠤᠯᠵᠢᠯᠠᠬᠤ ᠠᠵᠢᠯᠯᠠᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ︔  ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠠᠶᠢᠭᠤᠯᠭ᠎ᠠ ᠲᠠᠢ ᠬᠠᠮᠵᠢᠯᠴᠠᠨ ᠭᠠᠳᠠᠭᠠᠳᠤ ᠳᠤ ᠬᠤᠯᠪᠣᠭᠳᠠᠬᠤ ᠠᠮᠤᠷ ᠲᠦᠪᠰᠢᠨ ᠤ ᠠᠵᠢᠯ ᠢ ᠥᠷᠨᠢᠭᠦᠯᠦᠨ᠎ᠡ᠃      ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄      ︵ᠨᠢᠭᠡ︶ ᠶᠡᠷᠦᠩᠬᠡᠶᠢᠯᠡᠭᠰᠡᠨ ᠰᠲ᠋ᠣᠺ᠃ ᠰᠢᠶᠠᠨ ᠤ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠲᠤ ᠦᠢᠯᠡᠴᠢᠯᠡᠬᠦ ᠠᠵᠢᠯ ᠢ ᠬᠠᠷᠢᠭᠤᠴᠠᠨ᠎ᠠ︔ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠤᠨ ᠡᠯ᠎ᠡ ᠵᠦᠢᠯ ᠤᠨ ᠡᠬᠡ ᠪᠢᠴᠢᠭ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠶᠡᠷᠦᠩᠬᠡᠶᠢᠯᠡᠨ ᠮᠡᠳᠡᠭᠦᠯᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠪᠠᠶᠢᠴᠠᠭᠠᠨ ᠰᠢᠮᠳᠠᠭᠤᠯᠤᠨ ᠪᠠᠶᠢᠴᠠᠭᠠᠵᠤ ᠰᠤᠳᠤᠯᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠢ ᠥᠷᠨᠢᠭᠦᠯᠦᠨ᠎ᠡ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃      ︵ᠬᠤᠶᠠᠷ︶ ᠨᠠᠷᠢᠨ ᠪᠢᠴᠢᠭᠡᠴᠢ ᠶᠢᠨ ᠬᠤᠪᠢ᠃ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠬᠡᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠤᠷᠢᠶᠠᠨ ᠲᠠᠷᠬᠠᠭᠠᠬᠤ ᠠᠵᠢᠯᠯᠠᠭᠠᠨ᠂ ᠪᠢᠴᠢᠭ ᠮᠠᠲ᠋ᠧᠷᠢᠶᠠᠯ ᠤᠨ ᠵᠠᠭᠪᠤᠷ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ᠂ ᠲᠠᠮᠠᠭ᠎ᠠ ᠶᠢᠨ ᠬᠠᠮᠢᠶᠠᠷᠤᠯᠲᠠ᠂ ᠪᠢᠴᠢᠭ ᠬᠠᠷ᠎ᠠ ᠲᠠᠩᠰᠠ ᠡᠪᠬᠡᠮᠡᠯ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ︔ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠶᠢᠨ ᠲᠤᠰᠢᠶᠠᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠢᠴᠡᠳᠬᠡᠨ᠎ᠡ᠃ ᠪᠦᠬᠦ ᠰᠢᠶᠠᠨ ᠤ ᠲᠤᠮᠤ ᠬᠡᠯᠪᠡᠷᠢ ᠶᠢᠨ ᠠᠵᠢᠯᠯᠠᠭ᠎ᠠ᠂ ᠴᠢᠬᠤᠯᠠ ᠬᠦᠯᠢᠶᠡᠨ ᠠᠪᠴᠤ ᠤᠬᠠᠭᠠᠯᠠᠬᠤ᠂ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠶᠠᠪᠤᠳᠠᠯ ᠵᠠᠰᠠᠭ ᠤᠨ ᠶᠠᠪᠤᠳᠠᠯ ᠤᠨ ᠬᠦᠯᠢᠶᠡᠨ ᠠᠪᠬᠤ ᠲᠠᠯ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ︵ᠭᠤᠷᠪᠠ︶ ᠵᠠᠰᠠᠭ ᠤᠨ ᠶᠠᠪᠤᠳᠠᠯ ᠤᠨ ᠰᠲ᠋ᠣᠺ᠃ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ ᠵᠢᠴᠢ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠬᠡᠨ᠎ᠡ︔ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ ᠲᠥᠪ ᠤᠨ ᠰᠢᠭᠤᠳ ᠬᠠᠷᠢᠶ᠎ᠠ ᠨᠢᠭᠡᠴᠡ ᠶᠢᠨ ᠴᠢᠬ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ  ᠭᠦᠢᠴᠡᠳᠭᠡᠨ᠎ᠡ︔ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠭᠦᠢᠴᠡᠳᠭᠡᠨ᠎ᠡ︔ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠮᠥᠩᠭᠦᠨ ᠭᠦᠢᠯᠭᠡᠭᠡᠨ ᠤ ᠪᠠᠯᠠ ᠣᠷᠣᠭᠤᠯᠤᠯᠲᠠ ᠵᠡᠷᠭᠡ ᠲᠠᠯ᠎ᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠭᠦᠢᠴᠡᠳᠭᠡᠨ᠎ᠡ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠨᠡᠶᠢᠭᠡᠮ ᠤᠨ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠬᠡᠨ᠎ᠡ︔ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ ᠭᠦᠢᠴᠡᠳᠬᠡᠨ᠎ᠡ︔ ᠡᠬᠡ ᠪᠢᠴᠢᠭ ᠲᠤᠭᠤᠷᠪᠢᠬᠤ᠂ ᠬᠤᠷᠠᠯ ᠤᠨ ᠶᠠᠪᠤᠳᠠᠯ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃      ︵ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠰᠲ᠋ᠣᠺ᠃ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠡᠬᠡ ᠪᠢᠴᠢᠭ ᠢ ᠲᠤᠭᠤᠷᠪᠢᠬᠤ᠂ ᠬᠤᠷᠠᠯ ᠤᠨ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠤᠬᠠᠭᠤᠯᠭ᠎ᠠ᠂ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠪᠠ ᠪᠠᠶᠢᠴᠠᠭᠠᠨ ᠰᠤᠳᠤᠯᠬᠤ ᠠᠵᠢᠯ ᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠣᠳᠠᠲᠠᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠬᠠᠷᠢᠭᠤᠴᠠᠨ ᠵᠢᠯᠣᠭᠤᠳᠴᠤ᠂ ᠬᠤᠯᠪᠣᠭᠳᠠᠯ ᠪᠥᠬᠦᠶ ᠠᠬᠢᠴᠠ ᠶᠢᠨ ᠪᠠᠶᠢᠳᠠᠯ ᠢ ᠮᠡᠳᠡᠭᠦᠯᠦᠨ ᠬᠦᠷᠭᠡᠨ᠎ᠡ︔ ᠰᠢᠶᠠᠨ ᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ︵ᠮᠣᠩᠭᠤᠯ ᠬᠡᠯᠡᠨ ᠤ ᠰᠦᠯᠵᠢᠶᠡᠨ ᠥᠷᠲᠡᠭᠡ ᠪᠠᠭᠲᠠᠨ᠎ᠠ︶᠎ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ︔ ᠰᠢᠶᠠᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠵᠢᠴᠢ ᠠᠷᠠᠳ ᠤᠨ ᠰᠦᠯᠵᠢᠶ᠎ᠡ ᠵᠡᠷᠭᠡ ᠠᠵᠢᠯ ᠢ ᠬᠠᠷᠢᠭᠤᠴᠠᠨ ᠭᠦᠢᠴᠡᠳᠭᠡᠨ᠎ᠡ᠃      ︵ᠲᠠᠪᠤ︶ ᠵᠠᠰᠠᠭ ᠵᠠᠬᠢᠷᠭᠠᠨ ᠤ ᠰᠲ᠋ᠣᠺ᠃ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠵᠦᠢᠯ ᠤᠨ ᠵᠠᠷᠤᠳᠠᠯ ᠤᠨ ᠲᠥᠰᠦᠪ᠂ ᠵᠠᠷᠤᠯᠭ᠎ᠠ᠂ ᠲᠣᠬᠢᠷᠠᠭᠤᠯᠤᠯᠲᠠ᠂ ᠪᠠᠶᠢᠭᠤᠯᠭ᠎ᠠ ᠶᠢᠨ ᠲᠣᠭᠲᠠᠮᠠᠯ ᠬᠥᠷᠥᠩᠭᠡ᠂ ᠠᠯᠪᠠᠨ ᠬᠡᠷᠡᠭᠯᠡᠭᠡᠨ ᠤ ᠬᠡᠷᠡᠭᠰᠡᠯ ᠵᠢᠴᠢ ᠪᠤᠰᠤᠳ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶᠠᠷᠤᠯᠲᠠ᠂ ᠲᠣᠬᠢᠷᠠᠭᠤᠯᠤᠯᠲᠠ ᠪᠠ ᠬᠤᠪᠢᠶᠠᠷᠢᠯᠠᠯᠲᠠ ᠶᠢ ᠬᠠᠷᠢᠭᠤᠴᠠᠨ᠎ᠠ︔ ᠡᠯ᠎ᠡ ᠤᠳᠤᠷᠢᠳᠤᠯᠭ᠎ᠠ ᠶᠢᠨ ᠲᠡᠷᠭᠡ ᠬᠥᠰᠬᠡ ᠶᠢ ᠬᠠᠪᠰᠤᠷᠤᠨ ᠲᠣᠬᠢᠷᠠᠭᠤᠯᠤᠨ᠎ᠠ︔ ᠠᠯᠪᠠᠨ ᠭᠡᠷ ᠤᠨ ᠠᠵᠢᠯᠲᠠᠨ ᠤ ᠶᠠᠪᠤᠳᠠᠯ᠂ ᠴᠠᠯᠢᠩ᠂ ᠰᠤᠷᠭᠠᠨ ᠬᠥᠮᠦᠵᠢᠯ ᠵᠡᠷᠭᠡ ᠠᠵᠢᠯ ᠢ ᠬᠠᠷᠢᠭᠤᠴᠠᠨ᠎ᠠ  ︔᡽ᠵᠠᠰᠠᠭ ᠤᠨ ᠣᠷᠳᠣᠨ ᠵᠢᠴᠢ ᠠᠯᠪᠠᠨ ᠬᠡᠷ ᠤᠨ ᠣᠨ ᠤ ᠬᠢᠨᠠᠨ ᠰᠢᠯᠭᠠᠯᠲᠠ ᠪᠠ ᠤᠯᠤᠰ ᠲᠥᠷᠥ ᠶᠢᠨ ᠠᠵᠢᠯ ᠤᠨ ᠲᠠᠯ᠎ᠠ ᠶᠢᠨ ᠬᠤᠯᠪᠣᠭᠳᠠᠯ ᠪᠥᠬᠦᠶ ᠠᠵᠢᠯ ᠢ ᠬᠠᠷᠢᠭᠤᠴᠠᠬᠤ ᠶᠢᠨ ᠬᠠᠮᠲᠤ᠂ ᠵᠠᠰᠠᠭ ᠤᠨ ᠣᠷᠳᠣᠨ ᠤ ᠠᠯᠪᠠᠨ ᠬᠡᠷ ᠤᠨ ᠵᠢᠵᠢᠭᠦᠷ ᠤᠨ ᠲᠣᠬᠢᠷᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃      ᠪᠠᠶᠢᠭᠤᠯᠭ᠎ᠠ ᠶᠢᠨ ᠨᠠᠮ ᠤᠨ ᠡᠭᠦᠷ᠄ ᠪᠠᠶᠢᠭᠤᠯᠭ᠎ᠠ ᠶᠢᠨ ᠨᠠᠮ ᠤᠨ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃      ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠵᠠᠬᠢᠷᠭᠠᠨ ᠤ ᠣᠷᠣᠨ ᠲᠤᠭ᠎ᠠ 18 ᠡᠷᠬᠢᠯᠡᠭᠴᠢ 1 ᠬᠥᠮᠦᠨ᠂ ᠳᠡᠳ᠋ ᠡᠷᠬᠢᠯᠡᠭᠴᠢ 5 ᠬᠥᠮᠦᠨ ᠢ ᠲᠣᠬᠢᠷᠠᠭᠤᠯᠤᠨ᠎ᠠ︔ ᠰᠲ᠋ᠣᠺ ᠤᠨ ᠳᠡᠰ ᠤᠨ ᠲᠤᠰᠢᠶᠠᠯ ᠤᠨ ᠲᠤᠭ᠎ᠠ 5 ᠬᠥᠮᠦᠨ᠃      ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00 ᠦᠳᠡ ᠶᠢᠨ ᠬᠤᠶᠢᠨᠠᠬᠢ 14᠄ 30 — 18᠄ 00      ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠠᠷᠤ ᠠᠰᠠᠷ ᠤᠨ ᠬᠤᠶᠠᠳᠤᠭᠠᠷ ᠠᠰᠠᠷ      ᠬᠠᠷᠢᠯᠴᠠᠬᠤ ᠤᠲᠠᠰᠤ᠄ 0474 — 7212174      ᠰᠢᠦᠳᠠᠨ ᠬᠠᠶᠢᠷᠴᠠᠭ᠄ xhzfwz@163.com      ᠬᠠᠷᠢᠭᠤᠴᠠᠯᠭᠠᠲᠠᠨ᠄ ᠯᠢ ᡁᠢ ᠪᠢᠨ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3