2024 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/7
ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠥᠬᠦᠳᠡ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠ︶      ᠵᠠᠰᠠᠭ ᠤᠨ ᠣᠷᠳᠣᠨ ᠤ ᠠᠵᠢᠯ ᠤᠨ ᠢᠯᠡᠳᠬᠡᠯ      -- 2024 ᠣᠨ ᠤ 1 ᠰᠠᠷ᠎ᠠ ᠶᠢᠨ 23᠎ ᠤ ᠡᠳᠦᠷ ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ      ᠰᠢᠶᠠᠨ ᠤ ᠳᠠᠷᠤᠭ᠎ᠠ  ᠯᠢ ᠺᠠᠶ ᠳ᠋ᠦᠩᠲᠥᠯᠥᠭᠡᠯᠡᠭᠴᠢᠳ ᠡ᠄      ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2023 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠶ ᠶᠢ ᠰᠡᠷᠭᠦᠭᠡᠨ ᠬᠥᠭᠵᠢᠭᠦᠯᠬᠦ‍ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠴᠢᠩᠭ᠎ᠠ ᠲᠦᠰᠢᠭᠯᠡᠨ ᠳᠠᠭᠠᠭᠤᠯᠵᠤ᠂ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠢᠯᠡᠳᠲᠡ ᠦᠷ᠎ᠡ ᠪᠦᠲᠦᠮᠵᠢ ᠣᠯᠵᠠᠢ᠃      ︵ᠨᠢᠭᠡ︶ ᠠᠵᠤ ᠠᠬᠤᠶ ᠶᠢᠨ ᠳᠡᠭᠡᠭᠰᠢᠯᠡᠯᠲᠡ ᠶᠢᠨ ᠬᠠᠨᠳᠤᠰᠢ ᠰᠠᠶᠢᠵᠢᠷᠠᠪᠠ᠃ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 81.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 26.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2% ᠨᠡᠮᠡᠭᠳᠡᠵᠦ᠂ ᠪᠥᠬᠦ ᠬᠤᠲᠠ ᠶᠢᠨ ᠠᠷᠪᠠᠨ ᠨᠢᠭᠡᠳᠦᠭᠡᠷ ᠲᠤ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 11.75 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠲᠠᠪᠤᠳᠤᠭᠠᠷ ᠲᠤ ᠣᠷᠣᠪᠠ᠃ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21377 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠡᠭᠦᠨ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36343 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8%᠎ ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15517 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2%᠎ ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.1%᠎ ᠪᠠᠷ ᠨᠡᠮᠡᠭᠳᠡᠨ᠂ 2 ᠳ᠋ᠦᠩᠰᠢᠭᠤᠷ ᠲᠥᠭᠦᠷᠢᠭ ᠢ ᠳᠠᠪᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃      ︵ᠬᠤᠶᠠᠷ︶ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠵᠣᠬᠢᠴᠠᠯᠳᠤᠭᠤᠯᠤᠨ ᠬᠥᠭᠵᠢᠭᠦᠯᠦᠨ᠎ᠡ᠃ ᠨᠢᠭᠡ ᠵᠢᠯ ᠤᠨ ᠲᠤᠷᠰᠢ᠂ ᠪᠢᠳᠡ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭᠠᠨ ᠤ ᠲᠣᠮᠣ ᠬᠦᠷᠢᠶᠡᠯᠡᠩ︾᠎ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠪᠠ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ 89 ᠲᠦᠮᠡᠨ ᠮᠦ ᠳᠤ ᠬᠦᠷᠴᠦ᠂ ᠤᠨᠠᠯᠲᠠ 2.54 ᠳ᠋ᠦᠩᠰᠢᠭᠤᠷ ᠵᠢᠩ ᠳᠤ ᠬᠦᠷᠪᠡ︔ ᠢᠳᠡᠰᠢᠨ ᠨᠣᠭᠤᠭ᠎ᠠ ᠳᠠᠷᠢᠬᠤ ᠲᠠᠯᠠᠪᠠᠶ 14.9 ᠲᠦᠮᠡᠨ ᠮᠥ ᠳᠤ ᠬᠦᠷᠴᠦ᠂ ᠭᠠᠷᠤᠯᠲᠠ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 8.87 ᠳ᠋ᠦᠩᠰᠢᠭᠤᠷ ᠵᠢᠩ ᠳᠤ ᠬᠦᠷᠴᠡᠶ︔ ᠮᠠᠯ ᠤᠨᠤᠭ᠎ᠠ ᠶᠢ ᠨᠡᠶᠢᠲᠡ 72.3 ᠲᠦᠮᠡ ᠭᠠᠷᠭᠠᠵᠤ᠂ 2.36 ᠲᠦᠮᠡᠨ ᠲᠣᠨ ᠮᠢᠬᠠᠨ ᠤ ᠵᠦᠢᠯ ᠢ ᠦᠢᠯᠡᠳᠪᠦᠷᠢᠯᠡᠪᠡ︔ ᠪᠥᠬᠦ ᠤᠯᠤᠰ ᠤᠨ ᠠᠩᠬᠠᠳᠠᠭᠴᠢ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠱᠠᠲᠤᠨ ᠤ ᠬᠠᠮᠲᠤ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ  ᠵᠦᠢᠯᠡᠰ ᠢ ᠵᠢᠩᠬᠢᠨᠢ ᠪᠠᠷ ᠡᠬᠢᠯᠡᠭᠦᠯᠪᠡ᠃ ᠠᠵᠤ ᠦᠢᠯᠡᠰᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠠᠵᠤ  ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠤᠮᠠᠷᠠᠲᠤ ᠶᠢᠨ ᠠᠲᠠᠷ ᠭᠠᠵᠠᠷ ᠤᠨ 3 ᠲᠦᠮᠡᠨ ᠲᠣᠨ ᠤ ᠲᠥᠮᠥᠰᠥ ᠶᠢᠨ ᠴᠠᠷᠳᠠᠭᠤᠯ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠮᠠᠯᠵᠢᠯ ᠢ ᠬᠥᠭᠵᠢᠭᠦᠯᠬᠦ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ  ᠵᠦᠢᠯ ᠎ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠴᠠᠷᠯ ᠨᠠᠭᠤᠷ ᠤᠨ ᠲᠠᠷᠢᠶᠠᠯᠠᠩ᠂ ᠾᠧ ᠣᠪᠣᠭᠲᠤ ᠶᠢᠨ ᠠᠮᠤ ᠲᠣᠰᠣ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 74%᠎ ᠳᠤ ᠬᠦᠷᠦᠭᠦᠯᠦᠨ᠎ᠡ᠃ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠰᠢᠩ ᠾᠧ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠳᠤ ᠰᠣᠩᠭᠤᠭᠳᠠᠨ ᠣᠷᠣᠵᠤ᠂ ᠾᠧ ᠣᠪᠣᠭᠲᠤ ᠶᠢᠨ ᠶᠠᠮᠠ ᠶᠢᠨ ᠦᠷ᠎ᠡ ᠶᠢᠨ ᠲᠣᠰᠣ᠂ ᠨᠠᠬᠢᠶ᠎ᠠ ᠶᠢ ᠣᠷᠣᠯᠠᠨ ᠡᠵᠡᠩᠨᠡᠬᠦ ᠨᠠᠷᠢᠮᠤ ᠪᠤᠳᠠᠭ᠎ᠠ ᠪᠥᠬᠦ ᠤᠯᠤᠰ ᠤᠨ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠦᠵᠡᠰᠬᠦᠯᠡᠩ ᠤᠨ ᠠᠯᠲᠠᠨ ᠮᠧᠳᠠᠯ ᠢ ᠭᠥᠷᠳᠡᠪᠡ᠃ ᠨᠢᠭᠡ ᠵᠢᠯ ᠤᠨ ᠲᠤᠷᠰᠢ᠂ ᠪᠢᠳᠡ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠎ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠪᠠ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ︽ᠪᠠᠭ᠎ᠠ ᠬᠡᠮᠵᠢᠶ᠎ᠡ ᠪᠠᠷ ᠲᠦᠷᠢᠮ ᠲᠣᠭᠲᠠᠭᠠᠯ ᠳᠤ ᠳᠡᠪᠰᠢᠭᠦᠯᠬᠦ︾ ᠪᠤᠶᠢᠵᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 6᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ 4᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ 1 ᠰᠢᠨ᠎ᠡ ᠪᠠᠷ ᠨᠡᠮᠡᠭᠳᠡᠪᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠶᠢᠲᠠᠶ ᠶᠢᠨ ᠰᠢᠨ ᠨᠤᠩ 1GW ᠬᠡᠷᠡᠯ ᠴᠡᠨᠡᠭ ᠤᠨ ᠲᠣᠨᠣᠭᠯᠠᠯ ᠤᠨ ᠦᠢᠯᠡᠳᠭᠦᠨ ᠢ ᠰᠦᠯᠵᠢᠶᠡᠨ ᠠᠴᠠ ᠪᠠᠭᠤᠯᠭᠠᠵᠤ᠂ ᠤᠯᠠᠭᠠᠨᠴᠠᠪ ᠬᠤᠲᠠ ᠶᠢᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ  ᠦᠢᠯᠡᠳᠬᠦ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠪᠡ︔ ᠶᠦᠩ ᠱᠧᠩ ᠰᠢᠨ᠎ᠡ ᠮᠠᠲ᠋ᠧᠷᠢᠶᠠᠯ ᠤᠨ 5 ᠲᠦᠮᠡᠨ ᠲᠣᠨ ᠶᠡᠭᠡ ᠬᠡᠮᠵᠢᠶᠡᠨ ᠤ ᠬᠡᠲᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ ᠵᠦᠢᠯ᠂ ᠪᠣᠯᠣᠳ ᠰᠤᠳᠤᠯᠤᠯ ᠤᠨ ᠢ ᠨᠧᠩ 5 ᠲᠦᠮᠡᠨ ᠲᠣᠨ ᠭᠠᠯ ᠳᠠᠭᠠᠭᠠᠮᠠᠭᠠᠶ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠥᠭᠵᠢᠨ ᠪᠠᠳᠠᠷᠠᠭᠰᠠᠨ 2 ᠲᠦᠮᠡᠨ ᠲᠣᠨ ᠬᠡᠲᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠪᠥᠬᠦ ᠠᠵᠢᠯ ᠤᠨ ᠳᠠᠷᠠᠭᠠᠯᠠᠯ ᠤᠨ ᠮᠡᠷᠭᠡᠵᠢᠯ ᠤᠨ ᠥᠭᠡᠷᠡᠴᠢᠯᠡᠯᠲᠡ᠂ 2 ᠲᠦᠮᠡᠨ ᠲᠣᠨ ᠣᠨᠴᠠ ᠲᠥᠷᠥᠯ ᠤᠨ ᠨᠡᠭᠦᠷᠡᠰᠦᠲᠥ᠋ᠷᠥᠭᠴᠢ ᠡᠯᠧᠮᠧᠨ᠋ᠲ ᠤᠨ ᠰᠢᠨ᠎ᠡ ᠮᠠᠲ᠋ᠧᠷᠢᠶᠠᠯ᠂ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ︔ ᠱᠠᠨ ᠾᠧ᠂ ᠰᠠᠨ ᠮᠧᠶ᠂ ᠵᠢᠶᠧ ᠶᠣᠣ ᠵᠡᠷᠭᠡ 3 ᠲᠡᠮᠦᠷ ᠤᠨ ᠬᠠᠶᠢᠯᠤᠰᠢ ᠶᠢᠨ ᠨᠣᠭᠤᠭᠠᠨ ᠴᠠᠬᠢᠯᠭᠠᠨ ᠤ ᠣᠷᠣᠯᠠᠬᠤ ᠲᠥᠷᠥᠯ ᠵᠦᠢᠯ ᠳᠤ ᠰᠢᠩ ᠾᠧ ᠳᠤ ᠡᠷᠦᠬᠡ ᠠᠮᠠ ᠣᠷᠣᠵᠤ᠂ ᠡᠬᠢ ᠦᠵᠡᠮᠵᠢ ᠶᠢᠨ ᠥᠩᠭᠡ ᠦᠵᠡᠮᠵᠢ ᠶᠢᠨ ᠤᠰᠤᠲᠥ᠋ᠷᠥᠭᠴᠢ ᠦᠢᠯᠡᠳᠬᠦ ᠵᠢᠴᠢ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠦᠢᠯᠡᠳᠬᠦ ᠲᠥᠷᠥᠯ ᠵᠦᠢᠯ ᠳᠤ ᠠᠮᠵᠢᠯᠲᠠ ᠲᠠᠢ ᠪᠠᠷ ᠭᠠᠷ ᠤᠨ ᠥᠰᠥᠭ ᠵᠢᠷᠤᠪᠠ᠃ ᠨᠢᠭᠡ ᠵᠢᠯ ᠤᠨ ᠲᠤᠷᠰᠢ᠂ ᠪᠢᠳᠡ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ  ᠦᠢᠯᠡᠰ ᠤᠨ ︽ᠠᠴᠢᠶᠠᠯᠠᠪᠤᠷᠢ ᠶᠢᠨ ᠣᠷᠣᠨ︾᠎ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠦᠷᠭᠦᠯᠵᠢᠯᠡᠨ ᠠᠬᠢᠭᠤᠯᠪᠠ᠃ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠢᠯᠯᠠᠭᠠᠨ ᠰᠠᠶᠢᠨ ᠪᠠᠶᠢᠵᠤ᠂ ᠬᠦᠷᠢᠶᠡᠯᠡᠩ ᠳᠤ ᠰᠢᠨ᠎ᠡ ᠪᠠᠷ ᠤᠷᠤᠭᠰᠠᠨ 7 ᠠᠵᠤ ᠠᠬᠤᠶᠢᠯᠠᠯ᠂ ᠴᠢᠶᠠᠨ ᠬᠠᠶ᠂ ᠵᠢᠶᠦ᠋ᠨ ᠳ᠋ᠦᠩ᠂ ᠰᠢᠨ ᠲᠠᠢ ᠶᠤᠸᠠᠨ ᠵᠡᠷᠭᠡ ᠨᠡᠭᠦᠷᠡᠰᠦ ᠤᠬᠢᠶᠠᠵᠤ ᠰᠣᠩᠭᠤᠨ ᠳᠣᠭᠢᠷᠠᠭᠤᠯᠬᠤ 10 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠵᠢᠯ ᠳᠤ 800 ᠲᠦᠮᠡᠨ ᠲᠣᠨ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠤᠨ᠎ᠠ ︔ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠣᠷᠣᠨ ᠤ ᠲᠥᠷᠥᠯ ᠵᠦᠢᠯ ᠤᠨ ᠭᠠᠳᠠᠭᠠᠳᠤ ᠠᠷᠠᠯᠵᠢᠶ᠎ᠠ ᠦᠷᠭᠦᠯᠵᠢᠯᠡᠨ ᠴᠢᠩᠭᠠᠷᠠᠵᠤ᠂ ᠰᠢᠨ᠎ᠡ ᠪᠠᠷ ᠬᠥᠮᠥᠷᠭᠡ ᠳᠤ ᠣᠷᠣᠭᠤᠯᠬᠤ ᠬᠢᠵᠠᠭᠠᠷᠲᠤ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ 5 ᠪᠠᠶᠢᠵᠤ᠂ ᠪᠥᠸᠧ ᠶᠤᠸᠠᠨ᠂ ᠳ᠋ᠠ ᠱᠧᠩ᠂ ᠴᠤᠸᠠᠨ ᠱᠦᠨ ᠵᠡᠷᠭᠡ 8 ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 1000 ᠲᠦᠮᠡᠨ ᠳ᠋ᠣᠯᠯᠠᠷ ᠲᠤ ᠬᠦᠷᠪᠡ᠃ ᠨᠢᠭᠡ ᠵᠢᠯ ᠤᠨ ᠲᠤᠷᠰᠢ᠂ ᠪᠢᠳᠡ ᠨᠡᠶᠢᠰᠯᠡᠯ ᠳᠤ ᠬᠠᠨᠳᠤᠭᠤᠯᠤᠭᠰᠠᠨ ︽ᠠᠷᠤ ᠲᠠᠯ᠎ᠠ ᠶᠢᠨ ᠴᠡᠴᠡᠷᠯᠢᠭ︾᠎ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠣᠶᠣᠯ ᠤᠨ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠰ ᠤᠨ ᠥᠷᠨᠢᠩᠭᠦᠶ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠰᠤᠮᠤᠨ ᠤ ᠠᠭᠤᠯᠠ᠂ ᠴᠠᠬᠠᠷ ᠨᠠᠭᠤᠷ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠪᠠᠶ ᠮᠧᠶ ᠲᠣᠰᠬᠤᠨ︾᠎ ᠤ ᠤᠰᠤᠲᠤᠭᠰᠠᠨ ᠯᠢ ᠬᠠᠶ ᠨᠠᠭᠤᠷ ᠤᠨ ᠲᠥᠷᠥᠯ ᠵᠦᠢᠯ ᠢ ᠵᠢᠩᠬᠢᠨᠢ ᠪᠠᠷ ᠠᠵᠢᠯᠯᠠᠭᠤᠯᠪᠠ᠃ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ ︾ ᠰᠤᠮᠤᠨ  ᠠᠭᠤᠯᠠ ᠶᠢᠨ ᠳᠠᠭᠤᠤ ᠬᠥᠭᠵᠢᠮ ᠤᠨ ᠤᠯᠠᠷᠢᠯ᠂ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠲᠥᠪ ᠲᠧᠯᠸᠢᠰ ᠲᠤ ᠭᠠᠷᠴᠤ᠂ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ᠲᠤ ︽ᠲᠠᠩᠰᠤᠭ ᠰᠠᠶᠢᠬᠠᠨ ᠠᠮᠠᠷᠠᠯᠲᠠ ᠶᠢᠨ ᠡᠳᠦᠷ᠂ ᠠᠮᠢᠵᠢᠷᠠᠯ ᠤᠨ ᠬᠦᠴᠦᠨ ᠢᠶᠠᠷ ᠳᠤᠮᠳᠠᠳᠤ ᠤᠯᠤᠰ︾ ᠭᠡᠬᠦ ᠪᠤᠯᠤᠩ ᠳᠤ ᠢᠯᠡᠷᠡᠵᠦ᠂ ᠰᠢᠩ ᠾᠧ ᠰᠢᠶᠠᠨ ᠤ ᠵᠢᠭᠤᠯᠴᠢᠯᠠᠯ ᠤᠨ ᠠᠯᠳᠠᠷᠰᠢᠯ ᠪᠠ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠵᠤ᠂ ᠵᠤᠭᠠᠴᠠᠭᠰᠠᠳ ᠢ 30 ᠲᠦᠮᠡᠨ ᠬᠥᠮᠦᠨ ᠤᠳᠠᠭ᠎ᠠ ᠠᠴᠠ ᠳᠠᠪᠠᠪᠠ᠃ ᠰᠤᠮᠤᠨ ᠠᠭᠤᠯᠠ ᠨᠢ ᠪᠦᠬᠦ ᠤᠯᠤᠰ ᠤᠨ ᠤᠳᠤᠨ ᠲᠡᠰ ᠤᠨ ᠠᠮᠢ ᠠᠬᠤᠢ ᠶᠢᠨ ᠡᠷᠡᠭᠦᠯ ᠬᠠᠮᠠᠭᠠᠯᠠᠯ ᠤᠨ ᠰᠠᠭᠤᠷᠢᠨ ᠢᠶᠠᠷ ᠦᠨᠡᠯᠡᠭᠳᠡᠵᠦ᠂ ᠰᠤᠮᠤᠨ ᠨᠤᠲᠤᠭ ᠤᠨ ᠠᠷᠠᠳ ᠤᠨ ᠰᠠᠭᠤᠴᠠ ᠨᠢ ᠤᠯᠠᠭᠠᠨ ᠲᠡᠰ ᠤᠨ ᠠᠷᠠᠳ ᠤᠨ ᠰᠠᠭᠤᠴᠠ ᠪᠠᠷ ᠰᠣᠩᠭᠤᠭᠳᠠᠵᠤ᠂ ᠳ᠋ᠢᠶᠠᠨ ᠽᠢ ᠪᠠᠯᠭᠠᠰᠤᠨ ᠤ ᠵᠦ ᠵᠢᠶᠠ ᠶᠢᠩ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠰᠣᠩᠭᠤᠭᠳᠠᠵᠠᠢ᠃      ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠢᠨᠠᠨ ᠬᠡᠮᠵᠢᠬᠦ ᠲᠣᠭᠲᠠᠴᠠ ᠶᠢ ᠨᠡᠩ ᠪᠦᠷᠢᠨᠰᠢᠬᠦᠯᠵᠤ᠂ ᠲᠦᠷᠪᠡᠨ ᠡᠭᠡᠯᠵᠢ ᠶᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠨᠠᠨ ᠬᠡᠮᠵᠢᠬᠦ ᠡᠲᠡᠭᠡᠳ ᠢ 35 ᠡᠷᠦᠬᠡ 75 ᠬᠥᠮᠦᠨ ᠳᠤ ᠰᠢᠨ᠎ᠡ ᠪᠠᠷ ᠣᠷᠣᠭᠤᠯᠵᠤ᠂ ︽ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ︾᠂ ︽ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾᠎ ᠶᠢ ᠪᠡᠶᠡᠯᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠬᠤᠷᠢᠭ᠎ᠠ ᠱᠤᠭᠤᠮ ᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠯᠲᠠ ᠶᠢᠨ ᠦᠨᠡᠯᠡᠯᠲᠡ ᠶᠢ ᠬᠦᠯᠢᠶᠡᠪᠡ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠡᠩ ᠪᠦᠲᠦᠮᠵᠢᠲᠡᠶ ᠪᠣᠯᠭᠠᠵᠤ᠂ 97 ᠠᠶᠢᠯ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠪᠦᠬᠦ ᠵᠢᠯ ᠳᠤ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ ᠨᠡᠶᠢᠲᠡ 2.9 ᠳ᠋ᠦᠩᠰᠢᠭᠤᠷ ᠲᠥᠭᠦᠷᠢᠭ ᠣᠷᠣᠭᠤᠯᠵᠤ᠂ 106 ᠲᠦᠷᠦᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠰᠠᠭᠤᠷᠢ᠂ ᠦᠢᠯᠡᠴᠢᠯᠡᠭᠡᠨ ᠤ ᠲᠥᠬᠦᠭᠡᠷᠦᠮᠵᠢ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂  ᠡᠷᠳᠡᠨᠢ ᠪᠠᠯᠭᠠᠰᠤ ᠶᠢᠨ ᠳ᠋ᠠ ᠫᠦᠸᠧ ᠳ᠋ᠢ ᠲᠣᠰᠬᠤᠨ ᠤ ᠱᠦᠢ ᠯᠢ ᠬᠠᠢ ᠪᠦᠬᠦ ᠤᠯᠤᠰ ᠤᠨ ᠰᠠᠭᠤᠷᠢᠰᠢᠬᠤ ᠳᠤ ᠲᠣᠬᠢᠷᠠᠮᠵᠢᠲᠠᠢ ᠪᠠ ᠠᠮᠧᠷᠢᠺᠠ ᠶᠢᠨ ᠬᠥᠳᠡᠭᠡ ᠲᠣᠰᠬᠤᠨ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠢᠶᠠᠷ ᠦᠨᠡᠯᠡᠭᠳᠡᠵᠦ᠂ ᠳ᠋ᠢᠶᠠᠨ ᠽᠢ ᠪᠠᠯᠭᠠᠰᠤ ᠶᠢᠨ ᠯᠦ ᠵᠢᠶᠠ ᠶᠢᠩ ᠲᠣᠰᠬᠤᠨ᠂ ᠪᠦᠯᠬᠦᠮᠳᠡᠯ ᠰᠢᠶᠠᠩ ᠤᠨ ᠶᠡᠭᠡ ᠲᠠᠪᠤᠳᠤᠭᠠᠷ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢᠨ ᠲᠥᠯᠥᠪᠯᠡᠭᠡ ᠶᠢᠨ ᠰᠢᠯᠢᠳᠡᠭ ︽ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠬᠡᠷᠡᠭ ᠤᠨ ᠵᠢᠱᠢᠶ᠎ᠡ︾᠎ ᠪᠠᠷ ᠰᠣᠩᠭᠤᠭᠳᠠᠵᠠᠢ︔ ᠬᠡᠷᠡᠭᠯᠡᠭᠡ ᠶᠢ ᠬᠠᠪᠰᠤᠷᠤᠨ ᠲᠡᠳᠬᠦᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠲᠡ 1.2 ᠳ᠋ᠦᠩᠰᠢᠭᠤᠷ ᠲᠥᠭᠦᠷᠢᠭ ᠪᠣᠷᠣᠯᠠᠭᠤᠯᠪᠠ︔ 314 ᠡᠷᠦᠬᠡ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ 1462 ᠲᠦᠮᠡᠨ ᠲᠥᠭᠦᠷᠢᠭ ᠲᠠᠯᠪᠢᠪᠠ︔ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠪᠠᠷ 13 ᠠᠵᠤ ᠠᠬᠤᠶᠢᠯᠠᠯ ᠢ ᠬᠠᠪᠰᠤᠷᠤᠨ ᠲᠡᠳᠬᠦᠵᠦ᠂ 49 ᠲᠣᠰᠬᠤᠨ ᠢ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠵᠢᠴᠢ ᠬᠢᠨᠠᠨ ᠰᠢᠯᠭᠠᠭᠰᠠᠨ ᠡᠷᠦᠬᠡ 773 ᠡᠷᠦᠬᠡ ᠶᠢᠨ 1306 ᠬᠥᠮᠦᠨ ᠢ ᠲᠠᠶᠢᠴᠢᠯᠠᠵᠠᠢ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠨᠡᠩ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ 248 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ᠂ 1738 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ︔ ᠬᠤᠪᠢ ᠬᠤᠷᠠᠮᠳᠤᠭᠤᠯᠬᠤ ᠲᠦᠷᠢᠮ᠂ ᠨᠠᠷᠢᠨ ᠲᠠᠩᠰᠠ ᠶᠢᠨ ᠲᠦᠷᠢᠮ ᠢ ᠶᠡᠬᠡᠪᠡᠷ ᠳᠡᠯᠭᠡᠷᠡᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ︵ᠳᠥᠷᠪᠡ︶ ᠬᠤᠲᠠ ᠪᠠᠯᠭᠠᠰᠤ ᠶᠢᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 16.7 ᠺᠢᠯᠣᠮᠧᠲᠷ ᠥᠭᠡᠷᠡᠴᠢᠯᠡᠵᠦ᠂ ᠢᠯᠴᠢ ᠰᠣᠯᠢᠯᠴᠠᠬᠤ 5 ᠦᠷᠳᠡᠭᠡ ᠶᠢ ᠰᠢᠨ᠎ᠡ ᠪᠠᠷ ᠪᠠᠶᠢᠭᠤᠯᠵᠤ᠂ 5200 ᠲᠡᠭᠰᠢ ᠳᠥᠷᠪᠡᠯᠵᠢᠨ ᠮᠧᠲᠷ ᠤᠨ ᠵᠠᠮ ᠢ ᠬᠠᠲᠠᠭᠤᠷᠠᠭᠤᠯᠵᠤ᠂ 223 ᠱᠤᠭᠤᠮ ᠤᠨ ᠮᠤᠵᠢ ᠶᠢᠨ ᠵᠠᠮ ᠢ ᠨᠡᠪᠲᠡᠷᠡᠭᠦᠯᠵᠦ᠂ ᠴᠠᠬᠠᠷ ᠨᠠᠭᠤᠷ ᠤᠨ ᠵᠢᠭᠤᠯᠴᠢᠯᠠᠯ ᠤᠨ ᠵᠠᠰᠠᠮᠠᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠴᠧᠩ ᠭᠤᠸᠠᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ᠂ 66 ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠪᠠ᠃ ︽ᠴᠡᠴᠡᠭ ᠤᠨ ᠲᠡᠯᠡᠶ︾᠎ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨ᠎ᠡ ᠫᠤᠷᠰ ᠤᠳᠪᠠᠯᠠ᠂ ᠵᠠᠭᠤᠨ ᠬᠤᠨᠤᠭ ᠤᠨ ᠡᠪᠡᠰᠦ ᠵᠡᠷᠭᠡ ᠦᠵᠡᠮᠦᠷᠢ ᠶᠢᠨ ᠲᠥᠷᠥᠯ ᠤᠨ 400 ᠮᠥ ᠴᠡᠴᠡᠭ ᠡᠪᠡᠰᠦ ᠶᠢ ᠳᠠᠷᠢᠵᠤ᠂ ᠦᠯᠡᠮᠵᠢ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠪᠠ᠃ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠭᠦᠳᠡ ᠡᠷᠦᠬᠡ ᠠᠴᠠ ᠬᠡᠲᠦᠷᠡᠲᠡᠯ᠎ᠡ ᠳᠡᠯᠭᠡᠨ ᠲᠠᠯᠪᠢᠵᠤ ᠡᠵᠡᠩᠨᠡᠬᠦ᠂ ᠵᠠᠮ ᠡᠵᠡᠯᠡᠨ ᠡᠵᠡᠩᠨᠡᠬᠦ ᠵᠡᠷᠭᠡ 1000 ᠭᠠᠷᠤᠶ ᠠᠵᠢᠯᠯᠠᠭ᠎ᠠ ᠶᠢ ᠴᠠᠭᠠᠵᠠᠯᠠᠵᠤ᠂ 300 ᠭᠠᠷᠤᠶ ᠨᠡᠭᠦᠳᠡᠯ ᠳᠡᠯᠭᠡᠭᠦᠷᠴᠢᠨ ᠤ ᠡᠵᠡᠩᠨᠡᠯᠲᠡ ᠶᠢ ᠵᠢᠷᠤᠮᠵᠢᠭᠤᠯᠵᠤ᠂ 566 ᠲᠡᠭᠰᠢ ᠳᠥᠷᠪᠡᠯᠵᠢᠨ ᠮᠧᠲᠷ ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠷᠢᠭᠰᠠᠨ 566 ᠲᠡᠭᠰᠢ ᠳᠥᠷᠪᠡᠯᠵᠢᠨ ᠮᠧᠲᠷ ᠢ ᠬᠠᠤᠯᠢ ᠶᠣᠰᠣᠭᠠᠷ ᠨᠤᠷᠠᠭᠠᠨ ᠨᠤᠷᠠᠭᠠᠵᠤ᠂ 196 ᠰᠠᠭᠤᠷᠢ ᠵᠠᠮ ᠤᠨ ᠳ᠋ᠧᠩ ᠢ ᠤᠭᠰᠠᠷᠠᠵᠤ᠂ 1600 ᠭᠠᠷᠤᠶ ᠡᠯ᠎ᠡ ᠲᠦᠷᠦᠯ ᠤᠨ ᠭᠡᠷᠡᠯ ᠡᠭᠦᠰᠭᠡᠭᠴᠢ ᠶᠢ ᠰᠣᠯᠢᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠤᠯᠵᠤ᠂ ᠬᠤᠳᠠ ᠶᠢᠨ ︽ᠦᠡᠭᠭᠡ ᠵᠢᠰᠦ︾᠎ ᠶᠢ ᠢᠯᠡᠳᠲᠡ ᠳᠡᠭᠡᠭᠰᠢᠯᠡᠭᠦᠯᠪᠡ᠃      ︵ᠲᠠᠪᠤ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 93.1%᠎ ᠲᠤ ᠬᠦᠷᠴᠡᠢ︔ ᠨᠡᠭᠦᠷᠡᠰᠦᠲᠥ᠋ᠷᠥᠭᠴᠢ ᠶᠢᠨ ᠡᠯᠧᠮᠧᠨ᠋ᠲ᠂ ᠲᠡᠮᠦᠷ ᠤᠨ ᠬᠠᠶᠢᠯᠤᠰᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠷᠦᠢ ᠱᠧᠩ ᠨᠡᠭᠦᠷᠡᠰᠦ ᠶᠢᠨ ᠡᠯᠧᠮᠧᠨ᠋ᠲ᠂ ᠰᠢᠨ ᠲᠠᠢ ᠲᠡᠮᠦᠷ ᠤᠨ ᠬᠠᠶᠢᠯᠤᠰᠢ ᠵᠡᠷᠭᠡ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 4 ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠪᠡ︔ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠭ᠎ᠠ ᠶᠢᠨ ᠵᠦᠢᠯᠡᠰ ᠢ ᠪᠦᠬᠦ ᠲᠠᠯ᠎ᠠ ᠪᠠᠷ ᠥᠷᠨᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ 1.6 ᠲᠦᠮᠡᠨ ᠡᠷᠦᠭᠡ ᠶᠢ ᠪᠡᠶᠡᠯᠡᠭᠦᠯᠪᠡ᠃ ᠤᠰᠤ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ᠂ ᠨᠥᠬᠦᠷᠯᠡᠯ ᠤᠰᠤᠨ ᠴᠥᠭᠦᠷᠥᠮ ᠤᠨ ᠤᠯᠤᠰ ᠠᠴᠠ ᠡᠵᠡᠮᠳᠡᠵᠦ ᠪᠠᠶᠢᠭ᠎ᠠ ᠣᠭᠲᠣᠯᠤᠭᠠᠰᠤ ᠶᠢᠨ ᠤᠰᠤᠨ ᠤ ᠴᠢᠨᠠᠷ ᠢ ᠮᠣᠨᠲᠣᠬᠠᠶ ᠤᠰᠤᠨ ᠤ ᠱᠠᠭᠠᠷᠳᠠᠯᠭ᠎ᠠ ᠳᠤ ᠬᠦᠷᠦᠭᠦᠯᠵᠦ᠂ ᠡᠯ ᠳ᠋ᠤᠤ ᠾᠧ ᠭᠤᠤᠯ ᠤᠨ ᠵᠠᠮ ᠢ ᠵᠠᠰᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠰᠠᠶᠢᠬᠤᠰᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ  ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠥᠭᠡᠷᠡᠴᠢᠯᠡᠬᠦ ᠶᠢ 578 ᠡᠷᠦᠬᠡ ᠳᠤ ᠪᠡᠶᠡᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠭᠦᠨᠵᠡᠭᠡᠶ ᠰᠠᠶᠢᠲᠤᠷ ᠬᠢᠵᠦ᠂ 25 ᠡᠾᠤᠺᠲ᠋ᠠᠷ ᠠᠭᠤᠷᠬᠠᠶ ᠶᠢ ᠵᠠᠰᠠᠨ ᠦᠢᠯᠡᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ 38 ᠡᠾᠤᠺᠲ᠋ᠠᠷ ᠬᠠᠶᠠᠭᠳᠠᠮᠠᠯ ᠠᠭᠤᠷᠬᠠᠶ ᠶᠢ ᠵᠠᠰᠠᠨ ᠦᠢᠯᠡᠳᠪᠦᠷᠢᠯᠡᠪᠡ︔ ᠪᠥᠬᠦ ᠰᠢᠶᠠᠨ ᠤ ᠬᠠᠶᠠᠭᠳᠠᠮᠠᠯ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠳᠤ ᠴᠥᠮ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ 100%᠎ ᠪᠠᠷ 9.9 ᠲᠦᠮᠡᠨ ᠮᠦ ᠬᠠᠯᠬᠠᠪᠴᠢ ᠤᠢ ᠶᠢ ᠰᠡᠯᠪᠢᠨ ᠵᠠᠰᠠᠬᠤ᠂ ᠤᠢ ᠰᠢᠭᠤᠶ ᠶᠢ ᠠᠷᠠᠴᠢᠯᠠᠨ ᠪᠤᠶᠢᠵᠢᠭᠤᠯᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠪᠡ︔ ᠨᠢᠮᠪᠡᠭᠡ ᠶᠢᠨ ᠲᠠᠷᠢᠮᠠᠯ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ 6.7 ᠲᠦᠮᠡᠨ ᠮᠥ ᠨᠢᠮᠪᠡᠭᠡ ᠶᠢᠨ ᠲᠠᠷᠢᠮᠠᠯ ᠢ ᠳᠠᠷᠢᠪᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠦᠴᠦᠲᠡᠶ ᠪᠣᠯᠭᠠᠨ᠎ᠠ᠃ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 10 ᠬᠤᠪᠢ ᠪᠡᠶᠡᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠲᠣᠭᠲᠠᠭᠤᠨ ᠢᠶᠠᠷ ᠳᠡᠭᠡᠭᠰᠢᠯᠡᠪᠡ᠃ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠪᠥᠬᠦ ᠵᠢᠯ ᠳᠤ ᠬᠤᠲᠠ ᠪᠠᠯᠭᠠᠰᠤᠨ ᠤ 896 ᠬᠥᠮᠦᠨ ᠳᠤ ᠰᠢᠨ᠎ᠡ ᠪᠠᠷ ᠠᠵᠢᠯ ᠣᠯᠭᠤᠵᠤ᠂ 486 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 208 ᠬᠥᠮᠦᠨ ᠳᠤ ᠠᠵᠢᠯ ᠣᠯᠭᠤᠵᠤ᠂ 4.8 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 407 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠡᠮ ᠡᠮᠨᠡᠯᠭᠡ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ ᠪᠠᠶᠢᠩᠭᠤ ᠰᠠᠭᠤᠭ᠎ᠠ ᠬᠥᠮᠦᠨ ᠠᠮᠠ ᠳᠤ ᠨᠡᠶᠢᠳᠡᠮ ᠬᠠᠮᠤᠷᠤᠭᠤᠯᠵᠤ᠂ 9 ᠰᠢᠶᠠᠩ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠦᠷᠳᠡᠭᠡ᠂ 174 ᠭᠠᠴᠠᠭᠠᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠎ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ ᠪᠠᠶᠢᠭᠤᠯᠤᠨ ᠳᠠᠭᠤᠰᠬᠠᠵᠤ᠂ ᠪᠦᠬᠦ ᠵᠢᠯ ᠳᠤ ᠡᠮ ᠡᠮᠨᠡᠯᠭᠡ ᠶᠢᠨ ᠳᠠᠭᠠᠳᠬᠠᠯ ᠢ ᠳᠣᠷᠣᠭᠰᠢ ᠪᠠᠭᠤᠯᠭᠠᠬᠤ ᠲᠤᠬᠠᠶᠢᠯᠠᠭᠰᠠᠨ ᠠᠵᠢᠯ ᠢ ᠨᠡᠶᠢᠳᠡ 5162 ᠤᠳᠠᠭ᠎ᠠ ᠭᠦᠢᠴᠡᠳᠬᠡᠪᠡ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠪᠠᠶᠢᠩᠭᠤ ᠰᠠᠭᠤᠭ᠎ᠠ ᠬᠥᠮᠦᠨ ᠠᠮᠠ ᠳᠤ ᠨᠡᠶᠢᠳᠡᠮ ᠬᠡᠷᠡᠭᠵᠢᠭᠦᠯᠪᠡ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠨᠠᠩ ᠪᠠᠲᠤ ᠪᠠᠬᠢ ᠪᠣᠯᠭᠠᠵᠤ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠶᠢ 2.4 ᠳ᠋ᠦᠩᠰᠢᠭᠤᠷ ᠲᠥᠭᠦᠷᠢᠭ ᠲᠠᠷᠬᠠᠭᠠᠨ᠎ᠠ︔ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾᠎ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 1035 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︔ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠵᠤ᠂ 9 ᠬᠠᠮᠠᠭᠠᠯᠠᠯᠲᠠ ᠶᠢᠨ ᠠᠵᠢᠯ ᠤᠨ ᠥᠷᠲᠡᠭᠡ᠂ 6 ᠬᠡᠤᠬᠡᠳ ᠤᠨ ᠬᠡᠷ ᠢ ᠪᠠᠶᠢᠭᠤᠯᠵᠤ᠂ 1.6 ᠲᠦᠮᠡᠨ ᠨᠠᠰᠤᠨ ᠳᠤ ᠥᠯᠥ ᠭᠦᠷᠦᠭᠰᠡᠳ ︽ᠬᠤᠶᠠᠷ ᠢ ᠭᠡᠯᠳᠦᠷᠢᠭᠦᠯᠵᠦ ᠨᠢᠭᠡ ᠶᠢ ᠨᠥᠬᠦᠪᠥᠷᠢᠯᠡᠬᠦ︾ ᠰᠤᠷᠤᠯᠭ᠎ᠠ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠪᠡ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 8 ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ 732 ᠢᠵᠢ ︽ᠵᠠᠮ ᠬᠠᠷᠢᠯᠴᠠᠭᠠᠨ ᠤ ᠪᠠᠲᠤᠯᠠᠭᠠᠲᠤ ᠠᠰᠠᠷ︾᠎ ᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃      ︵ᠳᠣᠯᠤᠭ᠎ᠠ︶ ᠨᠡᠶᠢᠭᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠩ ᠾᠧ ᠰᠢᠶᠠᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠡᠯ᠎ᠡ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠨᠴᠠᠯᠢᠭᠳᠤ ᠳᠠᠪᠠᠭᠤᠯᠢᠭ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ 3 ᠪᠠᠶᠢᠭᠤᠯᠪᠠ︔ 6 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ︽ᠬᠤᠭᠤᠰᠣᠨ︾᠎ ᠢ ᠨᠥᠬᠦᠪᠥᠷᠢᠯᠡᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠎ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ ᠰᠢᠯᠭᠠᠯᠲᠠ ᠶᠢ ᠤᠷᠤᠭᠰᠢᠲᠠᠶ ᠥᠩᠭᠡᠷᠡᠭᠦᠯᠪᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠢᠦᠶ ᠼᠠᠢ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ 6 ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠰᠢᠨ᠎ᠡ ᠪᠠᠷ ᠪᠠᠶᠢᠭᠤᠯᠪᠠ︔ ᠰᠦᠢᠳᠭᠡᠯ ᠥᠯᠥ ᠬᠤᠷᠢᠶᠠᠬᠤ ᠪᠠᠭᠰᠢ ᠶᠢᠨ ᠰᠤᠷᠭᠠᠭᠤᠯᠢ ᠶᠢᠨ 10 ᠰᠣᠷᠣᠭᠴᠢ᠂ 74 ᠰᠢᠯᠢᠳᠡᠭ ᠪᠠᠭᠰᠢ ᠶᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠪᠡ︔ ᠠᠩᠬᠠᠳᠤᠭᠠᠷ ᠬᠤᠭᠤᠴᠠᠭᠠᠨ ᠤ 3V3 ᠰᠠᠭᠰᠤᠨ ᠪᠥᠮᠪᠦᠭᠡ ᠶᠢᠨ ᠤᠷᠤᠯᠳᠤᠭᠠᠨ᠂ ᠳᠥᠷᠪᠡᠳᠦᠭᠡᠷ ᠬᠤᠭᠤᠴᠠᠭᠠᠨ ᠤ ︽ᠠᠵᠢᠯᠳᠠᠨ ᠠᠵᠢᠯᠴᠢᠨ ᠤ ᠬᠤᠨᠳᠠᠭᠠᠲᠤ︾ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠪᠠᠷ ᠡᠷᠬᠢᠯᠡᠪᠡ᠃ ᠰᠣᠶᠣᠯ ᠤᠨ ᠪᠠᠶᠢᠭᠤᠯᠤᠯᠲᠠ ᠦᠷᠭᠦᠯᠵᠢᠯᠡᠨ ᠴᠢᠩᠭᠠᠷᠠᠵᠤ᠂ ᠰᠢᠶᠠᠨ ᠤ ᠨᠣᠮ ᠤᠨ ᠰᠠᠩ ᠨᠢ ᠤᠯᠤᠰ ᠤᠨ ᠭᠤᠷᠪᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠵᠦ᠂ ᠵᠠᠩ ᠭᠤᠤ ᠪᠠᠯᠭᠠᠰᠤᠨ ᠤ ᠰᠣᠶᠣᠯ ᠤᠨ ᠦᠷᠳᠡᠭᠡ ᠨᠢ ᠪᠦᠬᠦ ᠣᠷᠣᠨ ᠤ ᠠᠷᠪᠠᠨ ᠰᠢᠯᠢᠳᠡᠭ ᠰᠣᠶᠣᠯ ᠤᠨ ᠦᠷᠳᠡᠭᠡ ᠪᠠᠷ ᠦᠨᠡᠯᠡᠭᠳᠡᠪᠡ︔ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠪᠠ︔ ᠡᠯ ᠷᠧᠨ ᠲᠠᠢ ᠶᠢᠨ ︽ᠬᠥᠬᠡᠮᠳᠦᠭ ᠠᠭᠤᠯᠠ ᠶᠢ ᠬᠥᠰᠡᠷᠳᠡᠭᠦᠯᠬᠦ ᠥᠬᠡᠶ︾ ᠵᠦᠴᠦᠭᠡ ᠨᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠤᠯᠠᠭᠠᠨᠮᠥ᠋ᠴᠢᠷ ᠤᠨ ︽ᠡᠷᠳᠡᠮ ᠮᠡᠳᠡᠯᠭᠡ · ᠡᠭᠦᠳᠦᠨ ᠪᠦᠲᠦᠭᠡᠯᠲᠡ · ᠲᠣᠭᠯᠠᠯᠲᠠ︾᠎ ᠶᠢᠨ ᠰᠢᠨ᠎ᠡ ᠡᠭᠦᠳᠦᠯᠲᠡ ᠶᠢᠨ ᠪᠦᠲᠦᠭᠡᠯ ᠤᠨ ᠬᠤᠪᠢ ᠪᠠᠷ ᠥᠪᠡᠷᠲᠡᠭᠡᠨ ᠵᠠᠰᠠᠬᠤ ᠣᠷᠣᠨ ᠳᠤ ᠳᠡᠯᠭᠡᠨ ᠦᠵᠡᠭᠦᠯᠵᠦ᠂ ︽ᠬᠥᠳᠡᠭᠡ ᠨᠤᠲᠤᠭ ᠪᠠᠶᠠᠵᠢᠨ ᠴᠢᠨᠡᠭᠡᠯᠢᠭᠵᠢᠭᠰᠡᠨ︾ ᠳᠠᠭᠤᠤ ᠨᠢ 2023 ᠣᠨ ᠤ ᠳᠤᠮᠳᠠᠳᠤ ᠤᠯᠤᠰ ᠤᠨ ᠲᠣᠰᠬᠤᠨ ᠤ ᠳᠠᠭᠤᠤ ᠶᠢᠨ ᠤᠷᠤᠯᠳᠤᠭᠠᠨ ᠤ ᠰᠢᠯᠢᠳᠡᠭ ᠪᠦᠲᠦᠭᠡᠯ ᠳᠤ ᠣᠷᠣᠪᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠨᠳᠦᠰᠦᠨ ᠱᠠᠲᠤᠨ ᠤ ᠬᠤᠷᠰᠢᠶ᠎ᠠ ᠶᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠰᠢᠨ᠎ᠡ ᠠᠬᠢᠴᠠ ᠲᠠᠢ ᠪᠣᠯᠵᠣ᠂ ᠬᠤᠲᠠ ᠶᠢᠨ ᠪᠣᠭᠤᠮᠲᠠ ᠪᠠᠯᠭᠠᠰᠤ ᠪᠠ ᠪᠦᠯᠬᠦᠮᠳᠡᠯ ᠰᠢᠶᠠᠩ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠠᠷ ᠦᠨᠡᠯᠡᠪᠡ︔ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ︽ᠵᠢᠵᠢᠭ ᠰᠠᠨᠳᠠᠯᠢ︾᠎ ᠶᠢᠨ ᠬᠢᠴᠢᠶᠡᠯ ᠤᠨ ᠲᠠᠩᠬᠢᠮ ᠪᠦᠬᠦ ᠣᠷᠣᠨ ᠤ ︽ᠪᠢ ᠲᠠᠨ ᠢ ᠬᠠᠪᠰᠤᠷᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠤ᠂ ᠰᠢᠩ ᠬᠤᠸᠠ ᠨᠡᠶᠢᠭᠡᠮ ᠲᠣᠭᠤᠷᠢᠭ ᠪᠦᠬᠦ ᠤᠯᠤᠰ ᠤᠨ ᠪᠣᠯᠪᠠᠰᠤᠨ ᠤ ᠦᠢᠯᠡᠳᠦᠯᠭᠡ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠨᠡᠷᠡᠨ ᠤ ᠭᠡᠷᠡᠯ ᠤᠨ ᠦᠷᠳᠡᠭᠡ ᠳᠤ ᠰᠣᠩᠭᠤᠭᠳᠠᠪᠠ︔ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠤᠸᠠᠩ ᠬᠤᠸᠠ ᠯᠢᠶᠠᠩ ᠤᠨ ︽ᠬᠤᠶᠠᠷ ᠢ ᠬᠦᠷᠢᠶᠡᠯᠡᠬᠦ ᠭᠤᠤᠯ ᠰᠡᠳᠦᠪᠲᠦ ᠴᠡᠴᠡᠷᠯᠢᠭ︾᠎ ᠢ ᠴᠣᠭᠴᠠᠯᠠᠨ ᠪᠠᠶᠢᠭᠤᠯᠵᠤ᠂ ︽ᠡᠩᠬᠡ ᠲᠠᠶᠢᠪᠤᠩ ᠢ ᠮᠠᠨᠳᠤᠭᠤᠯᠬᠤ ᠬᠤᠶᠠᠷ ᠢ ᠬᠦᠷᠢᠶᠡᠯᠡᠬᠦ ᠣᠶᠢᠯᠠᠯᠭ᠎ᠠ︾ ᠵᠡᠷᠭᠡ ᠬᠤᠶᠠᠷ ᠢ ᠬᠦᠷᠢᠶᠡᠯᠡᠬᠦ ᠰᠢᠷᠢᠰ ᠰᠣᠶᠣᠯ ᠤᠨ ᠪᠦᠲᠦᠭᠡᠯ ᠢ ᠨᠠᠶᠢᠷᠠᠭᠤᠯᠤᠨ ᠪᠢᠴᠢᠬᠦ ᠬᠡᠷᠡᠭᠲᠡᠶ᠃ ᠨᠡᠶᠢᠭᠡᠮ ᠤᠨ ᠵᠠᠰᠠᠯᠲᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠷᠠᠳ ᠠᠴᠠ ᠬᠦᠰᠡᠯ ᠱᠠᠭᠠᠷᠳᠠᠯᠭ᠎ᠠ ᠲᠠᠢ᠂ ᠵᠠᠰᠠᠭ ᠤᠨ ᠶᠠᠪᠤᠳᠠᠯ ᠢ ᠠᠷᠭᠠᠴᠠᠬᠤ ᠶᠢ ᠪᠠᠷᠢᠮᠲᠠᠯᠠᠵᠤ᠂ ᠨᠡᠶᠢᠳᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠠᠷᠠᠳ ᠤᠨ ᠰᠦᠯᠵᠢᠶ᠎ᠡ ᠶᠢᠨ ᠦᠯᠡᠳᠡᠭᠡᠭᠰᠡᠨ ᠦᠭᠡ᠂ ᠢᠨᠲᠧᠷ  ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ ᠵᠡᠷᠭᠡ ᠤᠯᠠᠨ ᠲᠦᠮᠡᠨ ᠤ ᠲᠤᠰᠬᠠᠭᠰᠠᠨ ᠬᠡᠷᠡᠭ ᠶᠠᠪᠤᠳᠠᠯ ᠢ 8222 ᠬᠤᠪᠢ ᠰᠢᠢᠳᠪᠦᠷᠢᠯᠡᠪᠡ︔ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠲᠤᠷᠠᠭᠰᠠᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠪᠠ ︽ᠨᠢᠭᠡ ᠦᠷᠳᠡᠭᠡᠯᠢᠭ ᠬᠡᠯᠪᠡᠷᠢ︾᠎ ᠶᠢᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠡᠶᠡᠳᠡᠭᠦᠯᠬᠦ ᠲᠥᠪ ᠢ ᠪᠠᠶᠢᠭᠤᠯᠤᠨ ᠠᠵᠢᠯᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠨ ᠰᠢᠢᠳᠪᠦᠷᠢᠯᠡᠬᠦ ︽ᠬᠦᠨᠳᠦ ᠶᠢ ᠵᠠᠰᠠᠵᠤ ᠬᠤᠷᠠᠮᠳᠤᠯᠠᠭ᠎ᠠ ᠶᠢ ᠪᠠᠭᠠᠰᠬᠠᠬᠤ︾ ᠠᠵᠢᠯᠯᠠᠭ᠎ᠠ ᠶᠢ ᠲᠤᠰᠢᠶᠠᠨ ᠰᠢᠢᠳᠪᠦᠷᠢᠯᠡᠭᠦᠯᠬᠦ ᠪᠠᠷ ᠲᠤᠰᠢᠶᠠᠭᠰᠠᠨ 3 ᠪᠦᠯᠦᠭ 42 ᠬᠤᠪᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠪᠡ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠦᠷᠭᠦᠯᠵᠢᠯᠡᠨ ᠠᠬᠢᠵᠤ᠂ ︽ᠡᠭᠦᠯᠡᠨ ᠰᠡᠯᠡᠮ᠎ᠡ︾᠂ ︽ᠦᠨᠡᠭᠡ ᠠᠩᠨᠠᠬᠤ︾᠂ ︽ᠺᠦᠨᠯᠦ᠋ᠨ 2023︾ ᠵᠡᠷᠭᠡ ᠰᠢᠷᠢᠰ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠦᠬᠦ ᠵᠢᠯ ᠤᠨ ᠠᠮᠤᠷ ᠲᠦᠪᠰᠢᠨ ᠤ ᠬᠡᠷᠡᠭ ᠠᠳᠠᠯᠢ ᠬᠤᠭᠤᠴᠠᠭᠠᠨ ᠤ ᠬᠢ ᠠᠴᠠ 29.8% ᠪᠠᠭᠤᠷᠠᠪᠠ︔ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠡᠩ ᠪᠠᠲᠤᠳᠬᠠᠨ᠎ᠠ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠵᠦ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠤᠯᠠᠨ ᠲᠦᠮᠡᠨ ᠤ ᠪᠦᠯᠬᠦᠮ ᠤᠨ ᠠᠵᠢᠯ ᠢ ᠬᠤᠯᠪᠣᠯᠳᠤᠭᠤᠯᠤᠨ ᠬᠦᠴᠦᠯᠡᠵᠦ᠂ ᠡᠪᠯᠡᠯ ᠤᠨ ᠬᠤᠷᠢᠶ᠎ᠡ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ ᠶᠠᠪᠤᠳᠠᠯ ᠢ ᠰᠢᠢᠳᠪᠦᠷᠢᠯᠡᠵᠦ ᠥᠭᠬᠦ︾ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠠᠵᠢᠯᠳᠠᠨ ᠠᠵᠢᠯᠴᠢᠨ ᠤᠯᠠᠨ ᠲᠦᠮᠡᠨ ᠵᠡᠷᠭᠡ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ︔ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠦᠬᠦ ᠤᠯᠤᠰ ᠤᠨ ︽ᠲᠠᠪᠤᠨ ᠰᠠᠶᠢᠨᠲᠠᠶ︾ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ ᠡᠷᠲᠡ ᠴᠢᠯᠥᠭᠡᠯᠡᠭᠳᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃      ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠶ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠲᠦᠯᠬᠢᠨ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 56 ᠬᠤᠪᠢ ᠰᠠᠨᠠᠭᠤᠯᠭ᠎ᠠ᠂ 63 ᠬᠤᠪᠢ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠩᠭᠤ ᠶᠢᠨ ᠲᠤᠷᠰᠢᠯᠭ᠎ᠠ ᠠᠷᠭ᠎ᠠ ᠬᠢᠳᠡᠯ ᠢ ᠪᠦᠬᠦ ᠣᠷᠣᠨ ᠳᠤ ᠳᠡᠯᠭᠡᠷᠡᠭᠦᠯᠪᠡ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠵᠡᠷᠭᠡ ᠬᠦᠷᠢᠶᠡᠨ ᠳᠠᠬᠢ ᠲᠤᠰᠬᠠᠶ ᠵᠦᠢᠯ ᠤᠨ ᠬᠢᠨᠠᠨ ᠪᠤᠳᠤᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠶᠢ ᠵᠢᠷᠤᠮᠵᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠵᠦ᠂ ︽ᠮᠢᠩᠭᠠᠨ ᠵᠦᠢᠯ ᠤᠨ ᠠᠮᠠᠯᠠᠯᠲᠠ︾ ︽ᠬᠤᠶᠠᠷ ᠰᠢᠯᠢᠳᠡᠭ︾᠎ ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ 58.6%᠂ ᠭᠤᠭᠴᠤᠭ᠎ᠠ 43%᠂ ᠮᠠᠲ᠋ᠧᠷᠢᠶᠠᠯ ᠢ 27%᠎ ᠪᠠᠷ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠭᠦᠢᠴᠡᠳᠭᠡᠭᠰᠡᠨ ᠨᠣᠷᠮ᠎ᠠ 99.6%᠎ ᠳᠤ ᠬᠦᠷᠴᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠬᠤ ᠰᠦᠢᠳᠭᠡᠯ ᠢ ᠬᠤᠶᠢᠰᠢᠯᠠᠭᠤᠯᠬᠤ ᠲᠠᠯ᠎ᠠ ᠪᠠᠷ 9500 ᠭᠠᠷᠤᠶ ᠲᠦᠮᠡᠨ ᠲᠥᠭᠦᠷᠢᠭ ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 1882 ᠡᠷᠦᠬᠡ ᠰᠢᠨ᠎ᠡ ᠪᠠᠷ ᠨᠡᠮᠡᠭᠳᠡᠭᠦᠯᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠪᠠ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠲᠤᠷᠰᠢᠯᠲᠠ ᠳᠤ ᠣᠷᠣᠭᠤᠯᠵᠤ᠂ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 5.8 ᠳ᠋ᠦᠩᠰᠢᠭᠤᠷ ᠲᠥᠭᠦᠷᠢᠭ ᠠᠷᠢᠯᠭᠠᠪᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠱᠠᠲᠤᠨ ᠳᠤ ᠣᠷᠣᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠥᠪᠯᠡᠯ ᠪᠠᠶᠢᠭᠤᠯᠤᠭᠳᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 1000 ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠡᠩᠨᠡᠭᠡ ᠠᠴᠠ ᠤᠬᠤᠷᠢᠨ ᠭᠠᠷᠤᠨ᠎ᠠ᠃      ᠥᠩᠭᠡᠷᠡᠭᠰᠡᠨ ᠨᠢᠭᠡ ᠵᠢᠯ ᠳᠤ᠂ ᠬᠥᠮᠦᠰ ᠢ ᠬᠠᠮᠤᠭ ᠠᠴᠠ ᠤᠷᠮᠠᠰᠢᠭᠤᠯᠤᠨ ᠵᠣᠷᠢᠭᠵᠢᠭᠤᠯᠳᠠᠭ ᠨᠢ ᠪᠢᠳᠡ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠶᠢᠰᠦᠳᠦᠭᠡᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ︽ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠ ᠨᠢᠭᠲᠠᠷᠠᠨ ᠪᠦᠯᠬᠦᠮᠳᠡᠬᠦ︾ ᠴᠢᠩ ᠰᠡᠳᠬᠢᠯ ᠤᠨ ᠨᠠᠶᠢᠳᠠᠯᠭ᠎ᠠ ᠶᠢ ᠦᠢᠯᠡᠳᠦᠯᠭᠡᠵᠢᠭᠦᠯᠵᠡᠢ᠃      ᠬᠥᠮᠦᠰ ᠢ ᠬᠠᠮᠤᠭ ᠠᠴᠠ ᠢᠯᠡᠭᠦᠦ ᠵᠣᠷᠢᠭᠵᠢᠭᠤᠯᠳᠠᠭ ᠨᠢ ᠠᠵᠤ ᠠᠬᠤᠶ ᠦᠷᠭᠦᠯᠵᠢᠯᠡᠨ ᠪᠠᠭᠤᠷᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠭ᠎ᠠ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠡᠬᠢ ᠰᠤᠷᠪᠤᠯᠵᠢ ᠶᠢ ᠨᠡᠭᠡᠭᠡᠬᠦ ᠶᠢ ᠠᠳᠬᠤᠵᠤ᠂ ᠵᠠᠷᠤᠯᠭ᠎ᠠ ᠶᠢ ᠠᠷᠪᠢᠯᠠᠬᠤ ᠶᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠪᠠ᠃      ᠬᠥᠮᠦᠰ ᠤᠨ ᠰᠡᠳᠬᠢᠯ ᠢ ᠬᠠᠮᠤᠭ ᠠᠴᠠ ᠪᠠᠶᠠᠰᠬᠠᠳᠠᠭ ᠨᠢ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠪᠤᠯᠢᠶᠠᠯᠳᠤᠵᠤ᠂ ᠴᠠᠭ ᠮᠥᠴᠡ ᠶᠢ ᠠᠯᠳᠠᠯ ᠦᠭᠡᠢ ᠪᠦᠲᠦᠭᠡᠨ ᠪᠠᠶᠢᠭᠤᠯᠬᠤ ᠲᠦᠷᠦᠯ ᠵᠦᠢᠯ ᠢ ᠪᠠᠶᠢᠭᠤᠯᠵᠤ᠂ ᠳᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠡᠯ᠎ᠡ ᠠᠷᠠᠯᠵᠢᠶᠠᠴᠢᠨ ᠤᠷᠢᠬᠤ ᠳᠤᠭᠤᠶᠢᠯᠠᠩ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠠᠳᠤᠨ ᠭᠤᠣᠯ ᠤᠨ ᠠᠵᠤ ᠠᠬᠤᠢ ᠶᠢᠨ ᠪᠦᠰᠡ ᠳᠤ 172 ᠤᠳᠠᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ 526 ᠠᠵᠤ ᠠᠬᠤᠶᠢᠯᠠᠯ ᠲᠠᠢ ᠵᠣᠯᠭᠠᠭᠤᠯᠵᠤ᠂ ᠰᠤᠷᠪᠤᠯᠵᠢᠯᠠᠬᠤ ᠪᠠᠷ ᠢᠷᠡᠭᠰᠡᠨ 286 ᠠᠵᠤ ᠠᠬᠤᠶᠢᠯᠠᠯ ᠢ ᠬᠦᠯᠢᠶᠡᠨ ᠠᠪᠴᠤ᠂ ᠪᠦᠬᠦ ᠵᠢᠯ ᠳᠤ 62 ᠲᠦᠷᠦᠯ ᠵᠦᠢᠯ ᠢ ᠰᠢᠨ᠎ᠡ ᠪᠠᠷ ᠭᠠᠷ ᠤᠨ ᠦᠰᠦᠭ ᠵᠢᠷᠤᠵᠤ᠂ 39 ᠲᠦᠷᠦᠯ ᠵᠦᠢᠯ ᠢ ᠲᠣᠭᠲᠠᠭᠠᠵᠤ᠂ 12 ᠲᠦᠷᠦᠯ ᠵᠦᠢᠯ ᠢ ᠠᠵᠢᠯ ᠡᠬᠢᠯᠡᠭᠦᠯᠵᠦ᠂ 19.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠪᠠ᠃      ᠲᠥᠯᠥᠭᠡᠯᠡᠭᠴᠢᠳ ᠡ︕ ᠲᠡᠮᠡᠴᠡᠯ ᠳᠤ ᠵᠣᠪᠠᠭᠤᠷᠢ ᠵᠦᠳᠡᠭᠦᠷᠢ ᠪᠠᠷ ᠳᠦᠭᠦᠷᠴᠦ᠂ ᠠᠮᠵᠢᠯᠲᠠ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠂ ᠳᠡᠭᠡᠳᠦ ᠱᠠᠲᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠤ ᠪᠤᠢ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠳᠤ ᠪᠤᠢ︕ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ ᠠᠷᠠᠳ ᠤᠨ ᠪᠦᠯᠬᠦᠮ ᠤᠳ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ᠂ ᠰᠢᠩ ᠾᠧ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ ᠪᠢᠳᠡ ᠪᠠᠰᠠ ᠮᠠᠨ ᠤ ᠰᠢᠶᠠᠨ ᠤ ᠬᠥᠭᠵᠢᠯᠲᠡ ᠶᠠᠭ ᠠᠭᠤᠯᠠᠨ ᠳᠤ ᠥᠩᠬᠦᠷᠢᠳᠦᠨ ᠭᠠᠷᠬᠤ᠂ ᠳᠠᠪᠠᠭ᠎ᠠ ᠶᠢ ᠳᠠᠪᠠᠵᠤ ᠳᠠᠪᠠᠭ᠎ᠠ ᠶᠢ ᠳᠠᠪᠠᠭ᠋ᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠬᠥᠭᠵᠢᠯᠲᠡ ᠶᠢᠨ ᠶᠠᠪᠤᠴᠠ ᠳᠤ ᠪᠠᠰᠠ ᠴᠥᠭᠡᠨ ᠪᠤᠰᠤ ᠵᠥᠷᠢᠴᠡᠯ ᠪᠠ ᠠᠰᠠᠭᠤᠳᠠᠯ ᠣᠷᠣᠰᠢᠵᠤ᠂ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠡᠨᠡ ᠨᠢ ᠭᠤᠣᠯᠳᠠᠭᠤ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠮᠥᠨ ᠯᠡ ᠪᠠᠭ᠎ᠠ ᠰᠢᠭ᠋᠂ ᠪᠦᠲᠦᠴᠡ ᠰᠢᠯᠢᠳᠡᠭ ᠪᠤᠰᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠬᠥᠭᠵᠢᠯᠲᠡ ᠶᠢᠨ ᠰᠡᠯᠭᠦᠬᠦ ᠬᠦᠴᠦᠨ ᠬᠦᠴᠦᠨ ᠮᠡᠬᠦᠰᠳᠡᠵᠦ ᠪᠠᠶᠢᠭ᠎ᠠ ᠣᠳᠣᠬᠢ ᠪᠠᠶᠢᠳᠠᠯ ᠢ ᠳᠠᠷᠤᠶ ᠲᠦᠷᠭᠡᠨ ᠬᠤᠪᠢᠷᠠᠭᠤᠯᠬᠤ ᠴᠢᠬᠤᠯᠠᠲᠠᠶ ᠪᠠᠶᠢᠨ᠎ᠠ︔ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠨᠢ ᠤᠯᠠᠨ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠣᠬᠢᠬᠤ ᠵᠦᠷᠢᠶ᠎ᠡ ᠲᠠᠢ ᠪᠠᠶᠢᠵᠤ᠂ ᠬᠡᠰᠡᠭ ᠬᠦᠷᠢᠶᠡᠨ ᠤ ᠳᠤᠲᠠᠭᠤᠳᠠᠯ ᠪᠠᠭᠤᠷᠠᠢ ᠵᠦᠢᠯᠡᠰ ᠢ ᠨᠥᠬᠦᠪᠥᠷᠢᠯᠡᠬᠦ ᠴᠢᠬᠤᠯᠠᠲᠠᠢ ᠪᠠᠶᠢᠨ᠎ᠠ︔ ᠣᠨᠴᠠ ᠵᠠᠷᠢᠮ ᠠᠵᠢᠯ ᠲᠥᠷᠥᠯ ᠤᠨ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠣᠶᠢᠯᠠᠭᠠᠭᠳᠠᠬᠤᠨ᠂ ᠠᠵᠢᠯ ᠤᠨ ᠰᠤᠷᠲᠠᠯ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠥᠬᠡᠶ ᠪᠠᠶᠢᠵᠤ᠂ ᠰᠦᠪᠡᠭᠴᠢᠯᠡᠬᠦ ᠤᠬᠠᠮᠰᠠᠷ᠂ ᠲᠡᠮᠡᠴᠡᠬᠦ ᠡᠷᠴᠢ ᠵᠣᠷᠢᠭ᠂ ᠠᠵᠢᠯᠯᠠᠬᠤ ᠦᠷ᠎ᠡ ᠪᠦᠲᠦᠮᠵᠢ ᠶᠢ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠡᠷᠬᠡᠪᠰᠢ ᠵᠣᠷᠢᠭᠲᠠᠶ ᠪᠠᠷ ᠰᠢᠭᠤᠳ ᠬᠠᠨᠳᠤᠵᠤ ᠂ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ᠂ ᠴᠠᠯᠠᠭᠠᠶᠢᠷᠠᠬᠤ ᠦᠭᠡᠢ ᠪᠠᠶᠢᠵᠤ᠂ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠰᠠᠭᠤᠷᠢ ᠪᠠᠨ ᠪᠠᠬᠢᠵᠢᠭᠦᠯᠵᠦ᠂ ᠰᠡᠯᠭᠦᠬᠦ ᠬᠦᠴᠦᠨ ᠢᠶᠠᠨ ᠨᠡᠮᠡᠭᠳᠡᠭᠦᠯᠵᠦ᠂ ᠰᠢᠶᠠᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ᠪᠦᠬᠦ ᠬᠦᠴᠦᠨ ᠴᠢᠳᠠᠯ ᠢᠶᠠᠨ ᠰᠢᠪᠬᠠᠨ ᠬᠥᠭᠵᠢᠭᠦᠯᠦᠨ ᠮᠠᠨᠳᠤᠭᠤᠯᠬᠤ ᠪᠠ ᠡᠯ᠎ᠡ ᠵᠦᠢᠯ ᠤᠨ ᠦᠢᠯᠡᠰ ᠢᠶᠠᠨ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠶ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ      2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ᠂ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠥᠭᠵᠢᠵᠦ᠂ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠪᠠᠭᠠᠰᠴᠤ᠂ ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠶᠢᠨ ᠪᠠᠭᠤᠷᠠᠯᠲᠠ ᠵᠡᠷᠭᠡ ᠭᠤᠷᠪᠠᠨ ᠳᠠᠪᠬᠤᠷ ᠳᠠᠷᠤᠯᠲᠠ ᠮᠥᠨᠬᠦ ᠨᠡᠯᠢᠶᠡᠳ ᠶᠡᠭᠡ ᠪᠠᠶᠢᠨ᠎ᠠ᠂ ᠭᠡᠪᠡᠴᠦ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠭᠦᠢᠴᠡᠳ ᠪᠠᠶᠢᠵᠤ᠂ ᠲᠥᠪ ᠤᠨ ᠠᠵᠤ ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠦᠷᠭᠦᠯᠵᠢᠯᠡᠨ ᠢᠯᠡᠷᠡᠵᠦ ᠪᠠᠶᠢᠬᠤ ᠪᠥᠭᠡᠳ ᠦᠷᠭᠦᠯᠵᠢᠯᠡᠨ ᠬᠦᠴᠦᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠳᠠᠬᠢᠨᠲᠠ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠤᠭ᠎ᠠ ᠵᠣᠷᠢᠭ ᠣᠮᠤᠭ ᠵᠣᠷᠢᠭ ᠢ ᠬᠥᠭᠵᠢᠭᠡᠵᠡᠢ︔ ᠲᠦᠷᠦ ᠶᠢᠨ ᠶᠠᠪᠤᠳᠠᠯ ᠤᠨ ᠬᠤᠷᠢᠶ᠎ᠡ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠢ ᠨᠡᠶᠢᠲᠡᠯᠡᠵᠦ᠂ ᠮᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠵᠤ᠂ ᠡᠷᠬᠢᠮ ᠨᠠᠨᠳᠢᠨ ᠠᠵᠠ ᠲᠣᠬᠢᠶᠠᠯ ᠣᠯᠭᠤᠵᠠᠢ ᠃ ᠰᠢᠩ ᠡᡁᠧ ᠰᠢᠶᠠᠨ ᠨᠢ ᠥᠪᠥᠷ ᠮᠣᠩᠭᠤᠯ ᠤᠨ ᠨᠡᠶᠢᠰᠯᠡᠯ ᠠᠴᠠ ᠬᠠᠮᠤᠭ ᠤᠨ ᠤᠢᠢᠷ᠎ᠠ ᠰᠢᠶᠠᠨ ᠪᠣᠯᠤᠭᠰᠠᠨ ᠤ ᠬᠤᠪᠢ ᠳᠤ᠂ ᠶᠠᠭ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠳᠠᠪᠬᠤᠴᠠᠬᠤ ᠬᠤᠭᠤᠴᠠᠭ᠎ᠠ᠂ ᠲᠦᠷᠦ ᠶᠢᠨ ᠪᠤᠳᠤᠯᠭ᠎ᠠ ᠶᠢᠨ ᠠᠰᠢᠭ ᠢ ᠪᠠᠳᠠᠷᠠᠭᠤᠯᠬᠤ ᠬᠤᠭᠤᠴᠠᠭ᠎ᠠ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠬᠤᠭᠤᠴᠠᠭ᠎ᠠ᠂ ᠤᠷᠳᠤ ᠬᠤᠭᠤᠴᠠᠭ᠎ᠠ ᠪᠠᠷ ᠬᠤᠷᠠᠮᠳᠤᠭᠤᠯᠬᠤ ᠬᠥᠭᠵᠢᠯᠲᠡ ᠶᠢᠨ ᠰᠠᠭᠤᠷᠢ ᠳᠤ ᠣᠷᠣᠰᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠳᠠᠪᠠᠭᠤᠯᠢᠭ ᠦᠷᠭᠦᠯᠵᠢᠯᠡᠨ ᠪᠠᠳᠠᠷᠠᠬᠤ ᠪᠣᠯᠤᠨ᠎ᠠ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠶ ᠬᠡᠷᠡᠭᠵᠢᠭᠦᠯᠦᠨ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠴᠠ ᠳᠤ ᠨᠡᠩ ᠶᠡᠭᠡ ᠬᠥᠭᠵᠢᠯ ᠪᠠ ᠬᠤᠪᠢ ᠨᠡᠮᠡᠷᠢ ᠦᠵᠡᠭᠦᠯᠬᠦ ᠬᠡᠷᠡᠭᠲᠡᠶ᠃      ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 10%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠢᠶᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5%᠎ ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6%᠎ ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ ᠬᠤᠷᠣᠭᠳᠠᠯ ᠢ ᠳᠡᠭᠡᠰᠦ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠪᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠠᠮᠢ ᠠᠬᠤᠶ ᠶᠢ ᠰᠡᠷᠭᠦᠭᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠣᠯᠤᠨ ︽ᠬᠤᠶᠠᠷ ᠠᠭᠤᠯᠠ︾᠎ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠴᠢᠮᠡᠭᠯᠡᠨ᠎ᠡ᠃      ᠪᠥᠬᠦ ᠴᠠᠷᠠᠭ᠎ᠠ ᠶᠢᠨ ︽ᠨᠣᠭᠤᠭᠠᠷᠠᠭᠤᠯᠤᠯᠲᠠ ᠶᠢ ᠥᠷᠭᠡᠳᠬᠡᠬᠦ︾᠎ ᠶᠢᠨ ᠲᠣᠭᠤᠷᠢᠨ ᠳᠤ᠂ ᠠᠮᠢ ᠠᠬᠤᠶ ᠶᠢᠨ ᠰᠡᠷᠭᠦᠭᠡᠯᠲᠡ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠠᠮᠢ ᠠᠬᠤᠶ ᠶᠢᠨ ᠰᠢᠰᠲ᠋ᠧᠮ ᠢ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ ︽ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠠᠠᠴᠠᠵᠢᠭᠤᠯᠬᠤ ᠢᠨᠵᠧᠨᠧᠷᠢᠩ︾᠎ ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠯᠠᠨ ᠰᠢᠷᠭ᠎ᠠ ᠳᠠᠭᠠ ᠶᠢᠨ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ ᠰᠠᠶᠢᠲᠤᠷ ᠬᠢᠵᠦ᠂ ᠵᠢᠯ ᠤᠨ ᠳᠣᠲᠣᠷ᠎ᠠ ᠮᠠᠭᠤᠳᠠᠭᠰᠠᠨ ᠣᠶ ᠰᠢᠭᠤᠶ ᠶᠢᠨ ᠬᠠᠯᠬᠠᠪᠴᠢ ᠣᠶ ᠶᠢ ᠰᠡᠷᠭᠦᠭᠡᠬᠦ᠂ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ 2.6 ᠲᠦᠮᠡᠨ ᠮᠥ ᠠᠵᠢᠯ ᠢ ᠪᠡᠶᠡᠯᠡᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠶᠢ 28 ᠡᠾᠤᠺᠲ᠋ᠠᠷ ᠪᠡᠶᠡᠯᠡᠭᠦᠯᠪᠡ᠃ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠭᠤᠨ ᠪᠠᠶᠢᠬᠤ ᠪᠠ ᠲᠡᠩᠴᠡᠭᠦᠷᠢᠲᠡᠶ ᠪᠠᠶᠢᠬᠤ ᠶᠢ ᠬᠠᠮᠠᠭᠠᠯᠠᠨ᠎ᠠ᠃      ᠭᠦᠨ ᠬᠡᠮᠵᠢᠶᠡᠨ ᠤ ︽ᠪᠣᠬᠢᠷᠲᠤᠯ ᠢ ᠪᠠᠭᠠᠰᠬᠠᠬᠤ︾᠎ ᠶᠢᠨ ᠲᠣᠭᠤᠷᠢᠨ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠦᠬᠡ ᠲᠩᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠭᠦᠨᠵᠡᠭᠡᠢ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠢᠯᠭᠠᠬᠤ᠂ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪ ᠬᠤᠲᠠ ᠶᠢᠨ ᠲᠣᠭᠤᠷᠢᠭ ᠤᠨ PM2.5᠎ ᠶᠢᠨ ᠳᠤᠮᠳᠠᠴᠢ ᠥᠳᠬᠡᠴᠡ ᠶᠢ 26 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 93%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠠᠷᠢᠭᠤᠨ ᠴᠡᠪᠡᠷ ᠢᠶᠠᠷ ᠳᠤᠯᠠᠭᠠᠯᠠᠬᠤ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ 6900 ᠡᠷᠦᠬᠡ ᠳᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠪᠡᠶᠡᠯᠡᠭᠦᠯᠵᠦ᠂ 8.2 ᠲᠦᠮᠡᠨ ᠲᠡᠭᠰᠢ ᠳᠥᠷᠪᠡᠯᠵᠢᠨ ᠮᠧᠲᠷ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠯ ᠳ᠋ᠤᠤ ᠾᠧ ᠭᠤᠤᠯ᠂ ᠶᠢᠨ ᠽᠢ ᠾᠧ ᠭᠤᠤᠯ᠂ ᠵᠦ ᠵᠢᠶᠠ ᠶᠢᠩ ᠾᠧ ᠭᠤᠤᠯ᠂ ᠰᠠᠶᠢᠠᠤᠰᠤ ᠭᠤᠤᠯ᠂ ᠤᠷᠠᠨ ᠬᠠᠵᠢᠨ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠠᠬᠢᠭᠤᠯᠵᠤ᠂ ᠴᠢᠶᠠᠨ ᠾᠧ ᠭᠤᠤᠯ ᠤᠨ ᠠᠮᠢ ᠠᠬᠤᠶ ᠶᠢᠨ ᠨᠤᠭᠤ ᠭᠠᠵᠠᠷ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ ︔ ᠬᠤᠲᠠ ᠬᠥᠳᠡᠭᠡ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠵᠦ᠂ ᠤᠯᠤᠰ ᠠᠴᠠ ᠡᠵᠡᠮᠳᠡᠬᠦ ᠣᠭᠲᠣᠯᠤᠭᠠᠰᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠵᠤ᠂ ᠴᠠᠭᠠᠨ ᠨᠠᠭᠤᠷ ᠤᠨ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠪᠡᠶᠡᠯᠡᠭᠦᠯᠦᠨ᠎ᠡ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾᠂ ︽ᠴᠠᠭᠠᠨ ᠭᠠᠵᠠᠷ ᠢ ᠤᠰᠤᠯᠠᠬᠤ︾ ᠵᠡᠷᠭᠡ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠵᠧᠨᠧᠷᠢᠩ᠂ ᠲᠠᠷᠢᠶᠠᠯᠠᠩ ᠤᠨ ᠮᠡᠷᠭᠡᠰᠢᠯ᠂ ᠳᠦᠷᠦᠯ ᠵᠦᠢᠯ᠂ ᠪᠦᠲᠦᠴᠡ᠂ ᠲᠣᠭᠲᠠᠴᠠ ᠵᠡᠷᠭᠡ ︽ᠲᠠᠪᠤᠨ ᠬᠡᠰᠡᠭ︾᠎ ᠤᠨ ᠤᠰᠤ ᠠᠷᠪᠢᠯᠠᠬᠤ ᠶᠡᠷᠦᠩᠬᠡᠶᠢᠯᠡᠭᠰᠡᠨ ᠬᠤᠷᠠᠮᠠᠯ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠳᠦᠯᠬᠢᠨ ᠠᠬᠢᠭᠤᠯᠵᠤ᠂ ᠳᠠᠯᠠᠩ ᠢᠶᠠᠷ ᠳᠤᠰᠤᠯᠭᠠᠨ ᠤᠰᠤᠯᠠᠬᠤ᠂ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ ᠪᠣᠷᠣᠭᠠᠨ ᠤ ᠤᠰᠤ ᠶᠢ ᠬᠤᠷᠠᠮᠳᠤᠭᠤᠯᠤᠨ ᠤᠰᠤᠯᠠᠬᠤ ᠶᠢ ᠨᠥᠬᠦᠪᠥᠷᠢᠯᠡᠬᠦ ᠵᠡᠷᠭᠡ ᠤᠰᠤ ᠠᠷᠪᠢᠯᠠᠬᠤ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠤᠰᠤ ᠶᠢ ᠨᠠᠷᠢᠯᠢᠭ ᠣᠨᠣᠴᠠᠲᠠᠶ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠰᠦᠷᠴᠢᠨ ᠤᠰᠤᠯᠠᠬᠤ ᠴᠠᠭᠠᠷᠢᠭ ᠢ ᠡᠷᠡᠰ ᠴᠠᠭᠠᠵᠠᠯᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠪᠦᠰᠡ ᠳᠤ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ ᠤᠰᠤᠨ ᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠪᠦᠬᠦ ᠣᠷᠣᠨ ᠪᠦᠰᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠬᠡᠷᠡᠭᠲᠡᠶ︔ ᠬᠤᠲᠠ ᠪᠠᠯᠭᠠᠰᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠶᠢ ᠶᠡᠷᠦᠩᠬᠡᠶᠢᠯᠡᠨ ᠬᠠᠮᠵᠢᠯᠴᠠᠨ  ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠷᠥᠰᠥ ᠰᠢᠷᠣᠶ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠲᠦᠯᠬᠢᠨ ᠠᠬᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ ᠶᠢ 85%᠎ ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ︔ ᠬᠤᠲᠠ ᠶᠢᠨ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠬᠤᠷᠢᠶᠠᠨ ᠠᠪᠴᠤ ᠠᠰᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠥᠪᠯᠡᠷᠡᠭᠦᠯᠦᠨ ᠲᠥᠷᠥᠯ ᠬᠤᠪᠢᠶᠠᠨ ᠬᠠᠶᠠᠬᠤ ᠶᠢ ᠶᠡᠬᠡᠪᠡᠷ ᠰᠠᠨᠠᠭᠠᠴᠢᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃      ᠪᠣᠬᠢᠷᠲᠤᠯ ᠦᠭᠡᠢ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ︾᠎ ᠶᠢᠨ ᠲᠣᠭᠤᠷᠢᠨ ᠳᠤ᠂ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠤᠳᠤᠯᠭ᠎ᠠ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠣᠬᠢᠷᠲᠤᠯ ᠥᠬᠡᠶ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾᠎ ᠶᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠬᠤᠶᠠᠷ ᠢ ᠡᠵᠡᠮᠳᠡᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ︽ᠬᠤᠶᠠᠷ ᠥᠨᠳᠥᠷ ᠨᠢᠭᠡ ᠳᠣᠤᠷ᠎ᠠ︾᠎ ᠶᠢᠨ ᠲᠥᠷᠥᠯ ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ︽ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ︾᠎ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠨ ᠬᠥᠳᠡᠯᠭᠡᠬᠦ ᠬᠦᠴᠦᠨ ᠤ ᠳ᠋ᠢᠶᠠᠨ ‍ᠤᠤᠢ᠂ ᠬᠡᠷᠡᠯ ᠴᠡᠨᠡᠭ ᠤᠨ ᠰᠡᠯᠪᠢᠭ ᠲᠣᠨᠤᠭ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠠᠪᠴᠢᠨ ᠢᠯᠲᠠᠰᠤ ᠵᠡᠷᠭᠡ ᠰᠢᠨ᠎ᠡ ᠬᠡᠯᠪᠡᠷᠢ ᠶᠢᠨ ᠠᠵᠤ  ᠦᠢᠯᠡᠰ ᠤᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠴᠢᠩᠭᠠᠷᠠᠭᠤᠯᠵᠤ᠂ ᠷᠦᠢ ᠨᠢᠦ ᠶᠢᠨ 5 ᠲᠦᠮᠡᠨ ᠲᠣᠨ ᠤ ᠬᠠᠶᠠᠭᠳᠠᠮᠠᠯ ᠰᠠᠯᠬᠢᠨ ᠬᠦᠴᠦᠨ ᠤ ᠴᠠᠬᠢᠯᠭᠠᠨ ᠤ ᠨᠠᠪᠴᠢᠨ ᠢᠯᠲᠠᠰᠤ ᠶᠢ ᠰᠢᠢᠳᠪᠦᠷᠢᠯᠡᠵᠦ ᠳᠠᠬᠢᠨ ᠠᠰᠢᠭᠯᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ  ᠤᠷᠤᠪᠠ᠃      ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠪᠣᠳᠠᠲᠤ ᠴᠣᠭᠴᠠ ᠶᠢᠨ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠵᠦ᠂ ᠠᠵᠤ ᠦᠢᠯᠡᠰ ᠤᠨ ᠪᠦᠲᠦᠴᠡ ᠶᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲᠧᠮ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃        ᠰᠢᠨ᠎ᠡ ᠬᠡᠯᠪᠡᠷᠢ ᠶᠢᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ  ᠬᠡᠯᠬᠢᠶ᠎ᠡ ᠶᠢ ᠴᠢᠩᠭᠠᠳᠬᠠᠬᠤ ᠶᠢ ᠲᠦᠷᠭᠡᠳᠬᠡᠵᠦ᠂ ᠲᠦᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ︽ᠲᠥᠪᠯᠡᠷᠡᠭᠰᠡᠨ ᠣᠷᠣᠨ︾᠎ ᠢ ᠬᠦᠴᠦᠯᠡᠨ ᠴᠣᠭᠴᠠᠯᠠᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠨᠢ᠂ ᠤᠯᠤᠰ ᠤᠨ ︽ᠤᠯᠠᠭᠠᠨᠴᠠᠪ — ᠪᠡᠭᠡᠵᠢᠩ︾᠎ ᠤᠨ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠶᠢ ᠪᠥᠲᠥᠭᠡᠨ ᠪᠠᠶᠢᠭᠤᠯᠬᠤ ᠲᠣᠬᠢᠶᠠᠯ ᠢ ᠠᠰᠢᠭᠯᠠᠨ᠂ ᠥᠩᠭᠡ ᠦᠵᠡᠮᠵᠢ ᠤᠰᠤᠲᠥ᠋ᠷᠥᠭᠴᠢ ᠨᠥᠭᠡᠴᠡᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠭᠤᠤᠯᠳᠠᠯᠭ᠎ᠠ ᠲᠠᠢ ᠠᠬᠢᠭᠤᠯᠵᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠢᠨ᠎ᠡ ᠡᠨᠧᠷᠭᠢ + ᠴᠠᠬᠢᠯᠭᠠᠨ ᠵᠠᠳᠠᠯᠤᠯᠲᠠ ᠶᠢᠨ ᠤᠰᠤ ᠪᠠᠷ ᠤᠰᠤᠲᠥ᠋ᠷᠥᠭᠴᠢ ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠶ ᠶᠢᠨ ᠥᠩᠭᠡ ᠦᠵᠡᠮᠵᠢ ᠪᠠᠷ ᠴᠠᠬᠢᠯᠭᠠᠨ ᠭᠠᠷᠭᠠᠵᠤ ᠤᠰᠤᠲᠥ᠋ᠷᠥᠭᠴᠢ ᠦᠢᠯᠡᠳᠬᠦ ᠨᠡᠶᠢᠯᠡᠯᠭᠡ ᠰᠢᠪᠲᠦᠷ ᠦᠢᠯᠡᠳᠬᠦ᠂ ᠡᠬᠢ ᠦᠵᠡᠮᠵᠢ ᠶᠢᠨ ᠥᠩᠭᠡ ᠦᠵᠡᠮᠵᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︔ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠨᠤᠭ ᠲᠥᠬᠦᠭᠡᠷᠦᠮᠵᠢ ᠵᠢᠴᠢ ᠰᠡᠯᠪᠢᠭ ᠲᠣᠨᠤᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠵᠦ᠂ ᠬᠠᠶᠢᠲᠠᠶ ᠶᠢᠨ ᠰᠢᠨ᠎ᠡ ᠡᠨᠧᠷᠭᠢ ᠶᠢᠨ 1GW ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠪᠠ 1GW ᠬᠡᠷᠡᠯ ᠴᠡᠨᠡᠭ ᠤᠨ ᠲᠤᠯᠬᠤ ᠵᠢᠶᠠᠰᠠ ᠶᠢᠨ ᠦᠢᠯᠡᠳᠪᠦᠷᠢᠯᠡᠯ ᠤᠨ ᠲᠥᠷᠥᠯ  ᠵᠦᠢᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠳᠡᠭᠡᠳᠦ ᠵᠡᠷᠭᠡ ᠶᠢᠨ ᠠᠵᠤ ᠠᠬᠤᠶᠢᠯᠠᠯ ᠤᠨ ᠤᠰᠤᠲᠥ᠋ᠷᠥᠭᠴᠢ ᠡᠨᠧᠷᠭᠢ ᠶᠢᠨ ᠵᠢᠯ ᠳᠤ 100 ᠢᠵᠢ ᠤᠰᠤᠲᠥ᠋ᠷᠥᠭᠴᠢ ᠦᠶ᠋ᠯᠡᠳᠬᠦ ᠲᠥᠬᠦᠭᠡᠷᠦᠮᠵᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠡ ᠮᠠᠲᠧᠷᠢᠶᠠᠯ ᠤᠨ ᠠᠵᠤ ᠦᠢᠯᠡᠰ᠂ ᠪᠠᠯ ᠴᠢᠯᠠᠭᠤᠨ ᠴᠠᠬᠢᠯᠭᠠᠨ ᠲᠦᠢᠯ ᠪᠣᠯᠤᠨ ᠣᠨᠴᠠ ᠲᠦᠷᠦᠯ ᠤᠨ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠮᠠᠲᠧᠷᠢᠶᠠᠯ ᠤᠨ ᠠᠵᠤ ᠦᠢᠯᠡᠰ ᠢ ᠪᠦᠲᠦᠭᠡᠬᠦ ᠪᠠᠷ ᠭᠤᠣᠯᠳᠠᠯᠭ᠎ᠠ ᠪᠣᠯᠭᠠᠵᠤ ᠂ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠪᠠ ᠥᠷᠭᠡᠳᠬᠡᠨ ᠬᠡᠷᠡᠭᠯᠡᠬᠦ ᠶᠢ ᠠᠬᠢᠭᠤᠯᠵᠤ᠂ ᠬᠥᠭᠵᠢᠨ ᠮᠠᠨᠳᠤᠭᠰᠠᠨ 2 ᠲᠦᠮᠡᠨ ᠲᠣᠨ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ᠂ ᠶᠦᠩ ᠱᠧᠩ ᠰᠢᠨ᠎ᠡ ᠮᠠᠲᠧᠷᠢᠶᠠᠯ ᠤᠨ 5 ᠲᠦᠮᠡᠨ ᠲᠣᠨ ᠶᠡᠭᠡ ᠬᠡᠮᠵᠢᠶᠡᠨ ᠤ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ᠂ ᠪᠠᠭᠲᠠᠭᠠᠮᠵᠢᠲᠠᠢ 2 ᠲᠦᠮᠡᠨ ᠲᠣᠨ ᠣᠨᠴᠠ ᠲᠦᠷᠦᠯ ᠤᠨ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ︔ ᠬᠦᠷᠮᠡᠨ ᠴᠢᠯᠠᠭᠤᠯᠢᠭ ᠤᠨ ᠰᠢᠷᠬᠡᠭ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠠᠩ ᠰᠢᠨ᠂ ᠰᠠᠨ ᠰᠢᠨ᠂ ᠹᠦ᠋ ᠰᠧ ᠭᠤᠷᠪᠠᠨ ᠬᠦᠷᠮᠡᠨ ᠴᠢᠯᠠᠭᠤᠯᠢᠭ ᠤᠨ ᠰᠢᠷᠬᠡᠭ ᠵᠢᠴᠢ ᠲᠡᠭᠦᠨ ᠤ ᠦᠢᠯᠡᠳᠭᠦᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠲᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠪᠠᠷ ᠥᠨᠳᠥᠷ᠂ ︽ᠪᠣᠬᠢᠷᠲᠤᠯ ᠥᠬᠡᠶ ᠴᠠᠬᠢᠯᠭᠠᠨ︾ ᠥᠨᠳᠥᠷ᠂ ᠪᠣᠬᠢᠷᠲᠤᠯ ᠪᠠᠭ᠎ᠠ ᠭᠠᠳᠠᠭᠰᠢᠯᠠᠭᠤᠯᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠭᠤᠯᠠ ᠤᠰᠤ᠂ ᠰᠠᠨ ᠮᠧᠶ᠂ ᠵᠢᠶᠧ ᠶᠣᠣ ᠭᠤᠷᠪᠠᠨ ᠪᠣᠬᠢᠷᠲᠤᠯ ᠥᠬᠡᠶ ᠴᠠᠬᠢᠯᠭᠠᠨ ᠤ ᠣᠷᠣᠯᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠲᠣᠭᠠᠴᠢᠯᠠᠭᠰᠠᠨ ᠠᠵᠤ ᠦᠢᠯᠡᠰ ᠨᠢ ᠠᠵᠤ ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠦᠢᠯᠡᠴᠢᠯᠡᠭᠡ ᠵᠢᠴᠢ ᠮᠡᠷᠭᠡᠵᠢᠯ ᠤᠨ ᠬᠡᠷᠡᠭᠯᠡᠭᠡ᠂ ᠲᠤᠮᠤ ᠳ᠋ᠠᠶᠢᠲ᠋ᠠ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠵᠤ᠂ ᠡᠮᠦᠨᠡᠲᠦ ᠲᠩᠷᠢ ᠶᠢᠨ ᠤᠶᠤᠨᠲᠤ ᠬᠤᠯᠪᠣᠭ᠎ᠠ ᠶᠢᠨ ᠳ᠋ᠠᠶᠢᠲ᠋ᠠ ᠶᠢᠨ ᠤᠶᠤᠨᠲᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ︔ ᠵᠠᠰᠠᠭ ᠤᠨ ᠶᠠᠪᠤᠳᠠᠯ ᠤᠨ ᠡᠭᠦᠯᠡᠨ ᠪᠤᠳᠤᠯᠳᠠ᠂ ᠠᠵᠢᠯ ᠲᠦᠷᠦᠯ ᠤᠨ ᠡᠭᠦᠯᠡᠨ ᠪᠤᠳᠤᠯᠳᠠ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ︽ᠡᠭᠦᠯᠡᠨ ᠪᠤᠳᠤᠯᠳᠠ ᠳᠤ ᠲᠤᠭ᠎ᠠ  ᠬᠡᠮᠵᠢᠶ᠎ᠡ ᠶᠢ ᠬᠡᠷᠡᠭᠯᠡᠬᠦ︾᠎ ᠶᠢ ᠵᠣᠷᠢᠭᠵᠢᠭᠤᠯᠤᠨ᠎ᠠ︔ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 5G᠎ ᠶᠢᠨ ᠰᠠᠭᠤᠷᠢ ᠥᠷᠲᠡᠭᠡ ᠶᠢ 90᠎ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠪᠠ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ ᠰᠤᠪᠢᠯᠠᠯᠲᠠ ᠶᠢᠨ ᠠᠵᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠬᠦ᠂ ᠦᠷᠳᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ︽ᠳᠠᠭᠠᠭᠠᠴᠠ ᠶᠢᠨ ᠣᠷᠣᠨ︾ ᠪᠠ ᠨᠡᠶᠢᠰᠯᠡᠯ ᠳᠤ ᠬᠠᠨᠳᠤᠭᠤᠯᠤᠭᠰᠠᠨ ︽ᠠᠷᠤ ᠲᠠᠯ᠎ᠠ ᠶᠢᠨ ᠴᠡᠴᠡᠷᠯᠢᠭ︾᠎ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠴᠢᠨᠠᠷ ᠰᠠᠶᠢᠲᠠᠶ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾᠎ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠶᠢᠨ ᠡᠷᠬᠢᠨ ᠲᠣᠭᠤᠷᠢᠨ ᠤ ᠭᠠᠵᠠᠷ ᠣᠷᠣᠨ ᠤ ᠨᠡᠭᠦᠷᠡᠰᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠳᠠᠭᠠᠭᠠᠨ ᠠᠪᠴᠤ᠂ ᠪᠣᠭᠤᠮᠲᠠ᠂ ᠭᠠᠷᠠᠮ ᠵᠢᠴᠢ ᠲᠠᠪᠤᠨ ᠶᠡᠭᠡ ᠴᠠᠬᠢᠯᠭᠠᠨ ᠬᠦᠴᠦᠨ ᠤ ᠪᠦᠯᠦᠭᠯᠡᠯ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠨ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠠᠰ ᠳᠡᠪᠰᠢᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠤᠯᠤᠰ ᠤᠨ ᠲᠠᠰ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠰᠠᠭᠤᠷᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ᠂ ᠵᠡᠭᠦᠨ ᠪᠠᠷᠠᠭᠤᠨ ᠣᠷᠣᠨ ᠢ ᠨᠡᠪᠲᠡᠷᠡᠭᠦᠯᠬᠦ ᠳᠠᠪᠠᠭᠤᠯᠢᠭ ᠢ  ᠭᠦᠢᠴᠡᠳ ᠠᠰᠢᠭᠯᠠᠨ᠂ ᠨᠡᠭᠦᠷᠡᠰᠦ ᠤᠬᠢᠶᠠᠵᠤ ᠰᠣᠩᠭᠤᠨ ᠳᠣᠭᠢᠷᠠᠭᠤᠯᠵᠤ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠶᠢᠨ ᠰᠢᠩ ᠭᠠᠩ ᠭᠠᠷᠠᠮ ᠤᠨ ᠵᠢᠯ ᠳᠤ 80 ᠲᠦᠮᠡᠨ ᠲᠣᠨ ᠨᠡᠭᠦᠷᠡᠰᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠤᠬᠢᠶᠠᠵᠤ ᠰᠣᠩᠭᠤᠨ ᠳᠣᠭᠢᠷᠠᠭᠤᠯᠬᠤ ᠶᠢᠨ ᠶᠡᠷᠦᠩᠬᠡᠶ ᠬᠡᠮᠵᠢᠶ᠎ᠡ ᠶᠢ 500 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠡᠳ᠋ᠰᠢᠭᠦᠯᠬᠦ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ ᠪᠦᠯᠦᠭ  ᠦᠢᠯᠡᠴᠢᠯᠡᠭᠡ ᠪᠠᠷ ᠴᠢᠨᠠᠷ ᠰᠠᠶᠢᠲᠠᠶ᠂ ᠠᠵᠢᠯᠯᠠᠭᠠᠨ ᠢᠶᠠᠷ ᠥᠨᠳᠥᠷ ᠦᠷ᠎ᠡ ᠪᠦᠲᠦᠮᠵᠢᠲᠡᠶ ᠪᠠᠷᠠᠭᠠᠨ ᠤ   ᠭᠦᠢᠯᠭᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠤᠯᠤᠰ ᠤᠨ ᠨᠢᠷᠤᠭᠤᠪᠴᠢ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ  ᠭᠦᠢᠯᠭᠡᠭᠡᠨ ᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠣᠶᠣᠯ ᠵᠤᠭᠠᠴᠠᠯ ᠤᠨ ᠠᠭᠤᠰᠤᠯᠴᠠᠯ ᠢ ᠥᠨᠳᠥᠷ ᠲᠦᠪᠰᠢᠨ ᠢᠶᠠᠷ ᠠᠬᠢᠭᠤᠯᠤᠨ᠎ᠠ᠃ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠢᠩ ᠡᡁᠧ ᠰᠢᠶᠠᠨ ᠢ ᠥᠪᠡᠷ ᠢᠶᠠᠨ ᠵᠢᠯᠣᠭᠤᠳᠴᠤ ᠵᠤᠭᠠᠴᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠤᠭᠠᠴᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠤᠭᠠᠴᠠᠯ ᠤᠨ ᠰᠢᠯᠢᠳᠡᠭ ᠰᠣᠩᠭᠤᠯᠲᠠ ᠶᠢᠨ ᠭᠠᠵᠠᠷ᠂ ᠡᠷᠡᠭᠦᠯ ᠡᠩᠬᠡ ᠰᠤᠪᠢᠯᠠᠯᠲᠠ ᠵᠤᠭᠠᠴᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ ᠪᠦᠬᠦ ᠬᠦᠴᠦᠨ ᠢᠶᠠᠷ ᠢᠶᠠᠨ ᠪᠠᠶᠢᠭᠤᠯᠵᠤ᠂ ︽ᠠᠮᠢ ᠠᠬᠤᠢ ᠶᠢᠨ ᠰᠢᠩ ᠡᡁᠧ · ᠡᠷᠡᠭᠦᠯ ᠡᠩᠬᠡ ᠰᠤᠪᠢᠯᠠᠯᠲᠠ ᠶᠢᠨ ᠦᠵᠡᠮᠵᠢᠲᠦ ᠣᠷᠣᠨ︾ ᠭᠡᠬᠦ ᠨᠡᠷᠡᠳᠦ ᠲᠡᠮᠳᠡᠭ ᠪᠣᠯᠭᠠᠨ᠎ᠠ᠃ ᠰᠤᠮᠤᠨ ᠠᠭᠤᠯᠠ ᠶᠢᠨ ᠰᠠᠭᠤᠷᠢ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠳᠡᠭᠡᠳᠦ ᠲᠠᠰ ᠤᠨ ᠠᠷᠠᠳ ᠤᠨ ᠣᠷᠣᠨ ᠰᠠᠭᠤᠴᠠ᠂ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠂ ᠣᠶᠤᠨᠴᠢ ᠦᠵᠡᠮᠵᠢ ᠶᠢᠨ ᠣᠷᠣᠨ᠂ ᠣᠶᠤᠨᠴᠢ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠭᠤᠯᠴᠢᠯᠠᠭᠴᠢᠳ ᠤᠨ ᠵᠤᠭᠠᠴᠠᠨ ᠣᠶᠢᠯᠠᠭᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠮᠤᠨ ᠠᠭᠤᠯᠠ ᠶᠢᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠳᠠᠯᠠᠨ ᠬᠠᠷ᠎ᠠ ᠠᠭᠤᠯᠠ᠂  ᠴᠠᠷ ᠨᠠᠭᠤᠷ᠂ ᠭᠤᠤ ᠮᠢᠶᠣᠣ ᠽᠢ ᠬᠡᠷ ᠲᠡᠷᠭᠡ ᠶᠢᠨ ᠬᠤᠸᠠᠷᠠᠨ᠂ ᠴᠢ ᠵᠢᠶᠠ ᠶᠢᠩ ᠤᠰᠤᠨ ᠴᠥᠭᠦᠷᠥᠮ᠂ ᠲᠤᠤ ᠭᠤᠭᠤᠳ ᠬᠤᠸᠠ ᠯᠢᠩ ᠳᠠᠪᠠᠭ᠎ᠠ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠷᠴᠢᠮ ᠢᠶᠠᠨ ᠲᠦᠷᠭᠡᠳᠬᠡᠵᠦ᠂ ᠲᠢᠶᠠᠨ ᠵᠢᠶᠦ᠋ᠨ ᠤ ᠣᠯᠠᠨ ᠤᠯᠤᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠰᠤᠮᠤᠨ ᠠᠭᠤᠯᠠ᠂ ᠯᠦ ᠵᠢᠶᠠ ᠶᠢᠩ᠂  ᠴᠠᠷ ᠨᠠᠭᠤᠷ᠂ ︽ᠪᠠᠶ ᠮᠧᠶ ᠲᠣᠰᠬᠤᠨ︾᠎ ᠤ ᠤᠰᠤᠲᠤᠯ ᠳᠤ ᠲᠦᠰᠢᠭᠯᠡᠨ᠂ ᠬᠠᠭᠤᠴᠢᠨ ᠠᠷᠠᠳ ᠤᠨ ᠣᠷᠣᠨ ᠰᠠᠭᠤᠴᠠ ᠶᠢ ᠢᠳᠡᠪᠬᠢᠲᠡᠶ ᠪᠠᠷ ᠠᠮᠢᠯᠠᠭᠤᠯᠵᠤ᠂ ᠲᠠᠷᠢᠶᠠᠴᠢᠳ ᠤᠨ ᠥᠪᠡᠰᠦᠪᠡᠨ ᠠᠷᠠᠳ ᠤᠨ ᠣᠷᠣᠨ ᠰᠠᠭᠤᠴᠠ ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠵᠢᠭᠤᠯᠴᠢᠯᠠᠯ ᠤᠨ ᠵᠢᠵᠢᠭ ᠪᠠᠯᠭᠠᠰᠤ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠴᠤᠭᠯᠠᠷᠠᠯ ᠤᠨ ᠣᠷᠣᠨ ᠢ ᠪᠠᠶᠢᠭᠤᠯᠵᠤ᠂ ᠪᠥᠬᠦ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠴᠢᠷᠮᠠᠶᠢᠨ ᠪᠠᠶᠢᠭᠤᠯᠤᠨ᠎ᠠ᠃ ᠰᠣᠶᠣᠯ ᠢᠷᠭᠡᠨᠰᠢᠯ᠂ ᠲᠡᠦᠬᠡ ᠪᠠ ᠠᠮᠢ ᠠᠬᠤᠢ ᠵᠡᠷᠭᠡ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠭᠠᠳᠠᠭᠠᠳᠤ ᠤᠬᠠᠭᠤᠯᠭ᠎ᠠ ᠶᠢᠨ ᠡᠩᠨᠡᠭᠡ ᠶᠢ ᠲᠦᠷᠭᠡᠨ ᠬᠥᠮᠦᠵᠢᠭᠦᠯᠵᠦ᠂ ᠤᠯᠠᠨ ᠲᠠᠯ᠎ᠠ ᠠᠴᠠ ᠭᠠᠳᠠᠭᠠᠳᠤ ᠤᠬᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠰᠢᠩ ᠡᡁᠧ ᠦᠯᠢᠭᠡᠷ ᠢ ᠰᠠᠶᠢᠲᠤᠷ ᠶᠠᠷᠢᠨ᠎ᠠ᠃ ᠤᠯᠠᠭᠠᠨᠴᠠᠪ ᠤᠨ ︽ᡁᠢ︾ ᠰᠢᠩ ᠾᠧ ᠰᠢᠷᠢᠰ ᠠᠵᠢᠯᠯᠠᠭ᠎ᠠ ᠶᠢ ᠥᠷᠨᠢᠭᠦᠯᠵᠦ᠂ ᠭᠠᠵᠠᠷ ᠣᠷᠣᠨ ᠤ ᠨᠥᠯᠥᠭᠡᠯᠡᠬᠦ ᠬᠦᠴᠦᠨ ᠪᠠ ᠵᠢᠭᠤᠯᠴᠢᠯᠠᠯ ᠤᠨ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠯᠤᠭ᠎ᠠ ᠵᠣᠯᠭᠠᠭᠤᠯᠤᠨ ᠰᠣᠯᠢᠯᠴᠠᠬᠤ ᠶᠢ ᠴᠢᠩᠭᠠᠳᠬᠠᠵᠤ᠂ ᠶᠠᠨ ᠴᠢᠩ᠂ ᠳ᠋ᠠᠲ᠋ᠦ᠋ᠩ᠂ ᠲᠢᠶᠠᠨ ᠵᠧᠨ᠂ ᠶᠠᠩ ᠭᠤᠤ᠂ ᠱᠠᠩ ᠢ ᠂ ᠴᠥᠩ ᠯᠢ ᠵᠡᠷᠭᠡ ᠭᠠᠵᠠᠷ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠬᠥᠮᠦᠵᠢᠯ ᠪᠣᠯᠪᠠᠰᠤᠷᠠᠭᠤᠯᠤᠯ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠠᠮᠲᠤᠪᠠᠷ ᠪᠣᠶ ᠪᠣᠯᠭᠠᠨ᠎ᠠ︔ ᠳᠡᠭᠡᠳᠦ ᠱᠠᠲᠤᠨ ᠤ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ ᠪᠠ ᠨᠡᠶᠢᠭᠡᠮᠯᠢᠭ ᠲᠠᠢ ᠢᠳᠡᠪᠬᠢᠲᠡᠶ ᠵᠣᠯᠭᠠᠭᠤᠯᠵᠤ᠂ ᠡᠯ᠎ᠡ ᠲᠥᠷᠥᠯ ᠤᠨ ᠶᠠᠷᠢᠶᠠᠨ ᠤ ᠲᠠᠪᠴᠠᠩ᠂ ᠤᠷᠤᠯᠳᠤᠭᠠᠨ᠂ ᠤᠷᠠᠯᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ ︽ᠤᠮᠠᠷᠠᠲᠤ ᠬᠢᠯᠢ ᠶᠢᠨ ᠰᠣᠶᠣᠯ︾᠎ ᠢ ᠪᠠᠳᠠᠷᠠᠭᠤᠯᠤᠨ ᠳᠡᠯᠭᠡᠷᠡᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠪᠦᠲᠦᠭᠡᠯ ᠢ ᠭᠠᠷᠭᠠᠨ᠎ᠠ ᠃ ︽ᠨᠣᠮ ᠤᠨ ᠰᠤᠷᠪᠤᠯᠵᠢ ᠶᠢ ᠮᠠᠨᠳᠤᠭᠤᠯᠬᠤ︾ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠵᠢᠯ ᠤᠨ ᠳᠣᠲᠣᠷ᠎ᠠ ᠨᠣᠮ ᠤᠨ ᠰᠠᠩ᠂ ᠰᠣᠶᠣᠯ ᠤᠨ ᠣᠷᠳᠣᠨ ᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃      ︵ᠭᠤᠷᠪᠠ︶ ᠲᠥᠷᠥᠯ ᠵᠦᠢᠯ ᠤᠨ ᠲᠠᠲᠠᠬᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠭᠤᠤᠯ ᠬᠥᠳᠡᠯᠭᠡᠭᠦᠷ ᠪᠣᠯᠭᠠᠵᠤ᠂ ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠡᠷᠬᠡ ᠰᠡᠳᠦᠪ ᠢ  ᠰᠢᠢᠳᠪᠦᠷᠢᠯᠡᠬᠦ ᠣᠨ︾ ︽ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠰᠢᠪᠲᠤᠯᠤᠯᠲᠠ ᠭᠠᠷᠭᠠᠬᠤ ᠣᠨ︾᠎ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠥᠬᠦ ᠬᠤᠷᠳᠤᠴᠠ ᠪᠠᠷ ᠳᠥᠯᠭᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠠᠵᠢᠯ ᠡᠬᠢᠯᠡᠭᠦᠯᠦᠨ ᠠᠬᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠵᠡᠷᠭᠡ ᠭᠤᠭᠴᠤᠭ᠎ᠠ ᠶᠢ ᠴᠢᠩᠭ᠎ᠠ ᠡᠵᠡᠮᠳᠡᠵᠦ᠂ ᠲᠦᠷᠦᠯ ᠵᠦᠢᠯ ᠢ ᠠᠬᠢᠭᠤᠯᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠳᠦᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠵᠢᠯᠣᠭᠤᠳᠤᠨ ᠲᠣᠬᠢᠷᠠᠭᠤᠯᠬᠤ ᠰᠢᠰᠲ᠋ᠧᠮ ᠢ ᠰᠢᠯᠢᠳᠡᠭᠵᠢᠭᠦᠯᠵᠦ᠂ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ᠂ ᠲᠥᠷᠥᠯ ᠵᠦᠢᠯ ᠢ ᠬᠠᠮᠢᠶᠠᠷᠤᠭᠴᠢ ᠶᠢᠨ ᠦᠢᠯᠡᠴᠢᠯᠡᠭᠡᠨ ᠤ ᠳᠦᠷᠢᠮ᠂ ︽ᠳᠥᠷᠪᠡᠨ ᠨᠢᠭᠡ︾᠎ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ᠭᠠᠷᠠᠭ ᠢᠶᠠᠷ ᠳᠣᠭᠢᠷᠠᠭᠤᠯᠬᠤ᠂ ᠰᠠᠷ᠎ᠠ ᠪᠠᠷ ᠵᠥᠪᠳᠡᠯᠴᠡᠬᠦ᠂ ᠤᠯᠠᠷᠢᠯ ᠢᠶᠠᠷ ᠮᠡᠳᠡᠭᠡᠯᠡᠬᠦ︾᠎ ᠶᠢ ᠪᠠᠷᠢᠮᠲᠠᠯᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠤᠷᠢᠳ ᠢᠶᠠᠷ ᠮᠡᠳᠡᠭᠡᠯᠡᠬᠦ ᠳᠠᠷᠠᠭᠠᠯᠠᠯ ᠢ ᠭᠠᠷᠭᠠᠵᠤ᠂ ᠪᠥᠬᠦ ᠬᠦᠴᠦᠨ ᠢᠶᠠᠷ ᠢᠶᠠᠨ ᠬᠦᠴᠢᠷ ᠠᠰᠠᠭᠤᠳᠠᠯ ᠢ  ᠰᠢᠢᠳᠪᠦᠷᠢᠯᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠠᠭ ᠢ ᠵᠠᠪᠳᠤᠵᠤ᠂ ᠠᠬᠢᠭᠤᠯᠬᠤ ᠬᠡᠮᠵᠢᠶ᠎ᠡ ᠶᠢ ᠲᠦᠷᠭᠡᠳᠬᠡᠵᠦ᠂ ᠨᠡᠶᠢᠲᠡ 146 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠲᠠᠢ 19 ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠢᠴᠡᠳᠭᠡᠵᠦ ᠳᠠᠭᠤᠰᠬᠠᠬᠤ ᠪᠠᠷ ᠴᠢᠷᠮᠠᠶᠢᠵᠤ᠂ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ ᠪᠥᠬᠦ ᠵᠢᠯ ᠳᠤ 27 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠦᠷᠭᠦᠯᠵᠢᠯᠡᠨ ᠪᠠᠶᠢᠭᠤᠯᠬᠤ ᠂ ᠰᠢᠨ᠎ᠡ ᠪᠠᠷ ᠪᠠᠶᠢᠭᠤᠯᠬᠤ᠂ ᠠᠷᠭ᠎ᠠ ᠤᠬᠠᠭᠠᠨ ᠰᠦᠪᠡᠭᠴᠢᠯᠡᠬᠦ ᠭᠤᠷᠪᠠᠨ ᠬᠠᠭᠤᠳᠠᠰᠤ ︽ᠲᠥᠷᠥᠯ ᠵᠦᠢᠯ ᠤᠨ ᠨᠠᠷᠢᠨ ᠲᠠᠩᠰᠠ︾᠎ ᠶᠢ ᠡᠮᠬᠢᠯᠡᠨ ᠳᠢᠭᠯᠡᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠶᠣᠰᠣᠭᠠᠷ ᠠᠵᠢᠯ ᠰᠡᠷᠭᠦᠭᠡᠬᠦ ᠶᠢ ᠠᠳᠬᠤᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢ ᠠᠳᠬᠤᠬᠤ᠂ ᠠᠷᠭ᠎ᠠ ᠤᠬᠠᠭᠠᠨ ᠰᠦᠪᠡᠭᠴᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠪᠠ ᠠᠰᠢᠭᠯᠠᠯᠲᠠ ᠳᠤ ᠣᠷᠣᠭᠤᠯᠤᠭᠰᠠᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠵᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 60%᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃      ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠯᠡᠨ ᠥᠷᠭᠡᠳᠬᠡᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠲᠡᠷᠢᠭᠦᠨ ᠢᠨᠵᠧᠨᠧᠷᠢᠩ︾᠎ ᠢ ᠢᠮᠠᠭᠲᠠ ᠭᠤᠶᠢᠪᠢᠰᠢ ᠥᠬᠡᠶ ᠪᠠᠷᠢᠮᠲᠠᠯᠠᠨ᠂ ᠬᠤᠳᠠᠯᠳᠤᠭᠠᠴᠢᠨ ᠤᠷᠢᠬᠤ ᠵᠢᠷᠤᠭ ᠤᠨ ᠵᠢᠭᠰᠠᠯ ᠢ ᠨᠠᠷᠢᠨ ᠨᠢᠮᠪᠠᠶ ᠵᠢᠷᠤᠵᠤ᠂ ᠬᠠᠷᠠᠯᠲᠠᠲᠤ ᠠᠵᠤ ᠠᠬᠤᠶᠢᠯᠠᠯ ᠤᠨ ᠬᠥᠮᠥᠷᠭᠡ ᠪᠠ ᠲᠥᠷᠥᠯ ᠵᠦᠢᠯ ᠤᠨ ᠬᠥᠮᠥᠷᠭᠡ ᠶᠢ ᠨᠠᠷᠢᠯᠢᠭ ᠣᠨᠣᠴᠠᠲᠠᠶ ᠪᠠᠷ ᠪᠠᠶᠢᠭᠤᠯᠵᠤ᠂ ᠬᠤᠳᠠᠯᠳᠤᠭᠠᠴᠢᠨ ᠤᠷᠢᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠨᠠᠷᠢᠯᠢᠭ ᠣᠨᠣᠴᠠ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠵᠢᠭᠯᠠᠵᠤ᠂ ᠨᠢᠭᠡᠳᠦᠯᠲᠡᠶ ᠲᠥᠯᠥᠪᠯᠡᠬᠦ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠬᠤᠳᠠᠯᠳᠤᠭᠠᠴᠢᠨ ᠤᠷᠢᠬᠤ᠂ ᠲᠤᠰᠬᠠᠶ ᠠᠩᠭᠢ ᠶᠢᠨ ᠴᠡᠭ ᠲᠤ ᠰᠠᠭᠤᠵᠤ ᠬᠤᠳᠠᠯᠳᠤᠭᠠᠴᠢᠨ ᠤᠷᠢᠬᠤ᠂ ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ᠂ ᠡᠭᠦᠳᠡ ᠲᠣᠭᠰᠢᠵᠤ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠤᠨᠴᠠᠯᠢᠭᠳᠤ ᠲᠠᠷᠢᠶᠠᠯᠠᠩ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ ᠬᠢᠲᠠᠳ ᠮᠣᠩᠭᠤᠯ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠᠷ ᠶᠡᠭᠡ᠂ ᠠᠵᠤ  ᠦᠢᠯᠡᠰ ᠤᠨ ᠬᠤᠯᠪᠣᠭᠳᠠᠯ ᠢᠶᠠᠷ ᠥᠨᠳᠥᠷ᠂ ᠲᠥᠪᠯᠡᠷᠡᠯ ᠤᠨ ᠦᠢᠯᠡᠳᠦᠯ ᠢᠶᠠᠷ ᠴᠢᠩᠭ᠎ᠠ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ ᠨᠢᠭᠡ ᠪᠦᠯᠦᠭ ᠠᠵᠤ ᠦᠢᠯᠡᠰᠵᠢᠭᠰᠡᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠶᠡᠭᠡ ᠶᠢ ᠡᠯᠰᠡᠵᠦ ᠬᠦᠴᠦᠷᠬᠡᠭ ᠢ ᠲᠠᠲᠠᠬᠤ᠂ ᠬᠡᠯᠬᠢᠶᠡᠵᠢᠯ ᠢ ᠴᠢᠩᠭᠠᠳᠬᠠᠨ ᠬᠡᠯᠬᠢᠶᠡᠵᠢᠯ ᠢ ᠨᠥᠬᠦᠪᠥᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠵᠢᠯ ᠤᠨ ᠳᠣᠲᠣᠷ᠎ᠠ 60 ᠲᠥᠷᠥᠯ ᠵᠦᠶ᠋ᠯ ᠳᠤ ᠰᠢᠨ᠎ᠡ ᠪᠠᠷ ᠭᠡᠷ᠎ᠡ ᠲᠣᠭᠲᠠᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠨ᠎ᠠ ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠎ ᠢ ᠬᠡᠷᠡᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠰᠠᠭᠤᠷᠢ ᠲᠠᠯᠪᠢᠬᠤ᠂ ᠲᠤᠯᠭᠠᠭᠤᠷᠢᠯᠠᠬᠤ ᠶᠢ ᠴᠢᠩᠭᠠᠳᠬᠠᠬᠤ᠂ ᠰᠡᠯᠭᠦᠬᠦ ᠬᠦᠴᠦᠨ ᠢ ᠨᠡᠮᠡᠭᠳᠡᠭᠦᠯᠬᠦ‍ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ ᠪᠣᠭᠤᠳᠠᠯᠯᠠᠵᠤ᠂ ᠲᠤᠰᠬᠠᠶ ᠵᠦᠢᠯ ᠤᠨ ᠥᠷᠢ ᠥᠭᠴᠡᠭᠡ᠂ ᠤᠯᠤᠰ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠥᠳᠡᠯᠦᠩᠭᠦᠶ ᠪᠠᠷ ᠨᠥᠭᠡᠴᠡᠯᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠪᠠ ᠪᠠᠯᠠ ᠮᠥᠩᠭᠦ ᠤᠯᠬᠤ ᠶᠢ ᠰᠠᠶᠢᠲᠤᠷ ᠠᠳᠬᠤᠵᠤ᠂ ᠨᠠᠩ ᠣᠯᠠᠨ ᠲᠥᠷᠥᠯ ᠵᠦᠢᠯ ᠢ ᠲᠥᠪ᠂ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡ ᠶᠢᠨ ᠬᠡᠪᠴᠢᠶᠡᠨ ᠳᠤ ᠣᠷᠣᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠳᠡᠭᠡᠳᠦ ᠱᠠᠲᠤᠨ ᠤ ᠪᠠᠯᠠ ᠮᠥᠩᠭᠦ ᠶᠢ 2 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠪᠠᠶᠢᠯᠭᠠᠬᠤ ᠪᠠᠷ ᠴᠢᠷᠮᠠᠶᠢᠨ᠎ᠠ᠃      ᠡᠯᠧᠮᠧᠨ᠋ᠲ ᠤᠨ ᠪᠠᠲᠤᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠎ᠠ᠃ ᠦᠢᠯᠡᠴᠢᠯᠡᠭᠰᠡᠨ ᠤ ᠠᠵᠤ ᠠᠬᠤᠶᠢᠯᠠᠯ ᠤᠨ ︽ᠲᠣᠳᠣᠷᠠᠭᠤᠯᠤᠯᠲᠠ ᠬᠥᠭᠵᠢᠮ︾᠎ ᠢ ᠴᠢᠪᠬᠠᠳᠠᠵᠤ᠂ ᠬᠦᠴᠦᠨ  ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠬᠦᠴᠦᠨ ᠵᠦᠢᠯ ᠤᠨ ᠪᠠᠲᠤᠯᠠᠭ᠎ᠠ ᠶᠢᠨ ᠲᠤᠰᠬᠠᠶ ᠠᠩᠭᠢ ᠶᠢ ᠪᠠᠶᠢᠭᠤᠯᠵᠤ᠂ ᠭᠠᠵᠠᠷ ᠰᠢᠷᠣᠶ᠂ ᠮᠡᠷᠭᠡᠵᠢᠯ᠂ ᠲᠤᠭ᠎ᠠ ᠪᠠᠷᠢᠮᠲᠠ᠂ ᠬᠥᠳᠡᠯᠮᠦᠷᠢ ᠬᠦᠴᠦᠨ ᠵᠡᠷᠭᠡ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠥᠪᠰᠢᠶᠡᠷᠡᠯ ᠤᠨ ᠲᠦᠷᠭᠡᠨ ᠵᠠᠮ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠡ᠃ ︽ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾᠎ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ ᠥᠬᠡᠶ︾ ᠭᠠᠵᠠᠷ ᠰᠢᠷᠣᠶ ᠶᠢ ᠴᠡᠭᠴᠡᠯᠡᠨ ᠵᠠᠰᠠᠬᠤ᠂ ︽ᠴᠡᠭ ᠬᠡᠯᠪᠡᠷᠢ ᠪᠠᠷ ᠭᠠᠵᠠᠷ ᠬᠠᠩᠭᠠᠬᠤ︾ ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠶᠢ ᠴᠢᠩᠭᠠᠳᠬᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠳᠤ ᠬᠡᠷᠡᠭᠰᠡᠬᠦ ᠤᠰᠤ ᠴᠠᠬᠢᠯᠭᠠᠨ ᠬᠡᠢ ᠵᠠᠮ ᠮᠡᠳᠡᠭᠡᠯᠡᠯ ᠳᠤᠯᠠᠭᠠᠯᠠᠭ᠎ᠠ ᠵᠡᠷᠭᠡ ᠢᠵᠢ ᠪᠥᠷᠢᠳᠦᠭᠰᠡᠨ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠲᠥᠷᠥ ᠶᠢᠨ ᠪᠣᠳᠣᠯᠭ᠎ᠠ᠂ ᠦᠢᠯᠡᠳᠪᠦᠷᠢᠯᠡᠯ᠂ ᠠᠮᠢᠳᠤᠷᠠᠯ︾᠎ ᠤᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠴᠢᠳᠠᠪᠤᠷᠢᠲᠠᠨ ᠤ ᠣᠷᠣᠨ ᠰᠠᠭᠤᠴᠠ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠡᠮᠴᠢᠯᠡᠭᠡᠨ ᠤ ᠦᠢᠯᠡᠴᠢᠯᠡᠭᠡ ᠵᠡᠷᠭᠡ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃      ︵ᠲᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃      ᠭᠤᠣᠯᠳᠠᠯᠭ᠎ᠠ ᠲᠠᠢ ᠬᠦᠷᠢᠶᠡᠨ ᠳᠠᠬᠢ ︽ᠪᠦᠲᠦᠮᠵᠢᠲᠡᠶ ᠵᠠᠬ᠎ᠠ ᠳᠡᠯᠭᠡᠭᠦᠷ︾ ᠪᠠ ︽ᠵᠠᠰᠠᠭ ᠤᠨ ᠣᠷᠳᠣᠨ ᠳᠤ ᠦᠢᠯᠡᠴᠢᠯᠡᠬᠦ ᠲᠠᠢ︾ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠥᠬᠦ ᠣᠷᠣᠨ ᠤ ᠨᠡᠶᠢᠳᠡᠮ  ᠭᠦᠢᠴᠡᠳᠭᠡᠬᠦ︾ ︽ᠮᠤᠵᠢ ᠠᠯᠤᠰᠯᠠᠨ ᠨᠡᠶᠢᠳᠡᠮ  ᠭᠦᠢᠴᠡᠳᠭᠡᠬᠦ︾ ︽ᠬᠠᠪᠰᠤᠷᠤᠨ ᠭᠦᠢᠴᠡᠳᠭᠡᠬᠦ ᠣᠷᠣᠯᠠᠨ  ᠭᠦᠢᠴᠡᠳᠭᠡᠬᠦ︾᠎ ᠶᠢᠨ ᠭᠦᠨᠴᠡ ᠥᠷᠭᠡᠴᠡ ᠶᠢ ᠥᠷᠭᠡᠳᠬᠡᠨ᠂ ︽ᠨᠢᠭᠡ ᠴᠣᠩᠬᠤ ᠪᠠᠷ ᠨᠡᠶᠢᠳᠡᠮ  ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ︾᠎ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ︽ᠪᠠᠭ᠎ᠠ ᠶᠠᠪᠤᠳᠠᠯ ᠢ ᠣᠶᠤᠨ ᠢᠶᠠᠷ  ᠭᠦᠢᠴᠡᠳᠭᠡᠬᠦ︾ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠳᠠᠪᠬᠤᠴᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ︽ᠭᠠᠵᠠᠷ ᠰᠢᠷᠣᠶ ᠶᠢ ᠠᠳᠬᠤᠪᠠᠯ ᠳᠠᠷᠤᠶ ᠠᠵᠢᠯ ᠡᠬᠢᠯᠡᠭᠦᠯᠬᠦ︾ ︽ᠤᠷᠢᠳᠴᠢᠯᠠᠨ ᠪᠠᠶᠢᠴᠠᠭᠠᠪᠠᠯ ᠳᠠᠷᠤᠶ ᠲᠤᠷᠰᠢᠨ  ᠦᠢᠯᠡᠳᠪᠦᠷᠢᠯᠡᠬᠦ︾ ︽ᠠᠵᠢᠯ ᠳᠠᠭᠤᠰᠪᠠᠯ ᠳᠠᠷᠤᠶ ᠦᠨᠡᠮᠯᠡᠯ ᠠᠪᠬᠤ︾ ᠵᠡᠷᠭᠡ ᠥᠭᠡᠷᠡᠴᠢᠯᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠬᠦ᠂ ᠤᠷᠢᠳᠴᠢᠯᠠᠨ ᠰᠢᠯᠭᠠᠵᠤ ᠲᠤᠷᠰᠢᠨ ᠦᠢᠯᠡᠳᠪᠦᠷᠢᠯᠡᠬᠦ᠂ ᠠᠵᠢᠯ ᠳᠠᠭᠤᠰᠪᠠᠯ ᠦᠨᠡᠮᠯᠡᠯ ᠠᠪᠬᠤ᠂ ᠥᠨᠳᠥᠷ ᠦᠷ᠎ᠡ ᠠᠰᠢᠭ ᠲᠠᠢ ᠪᠠᠯᠠ ᠳᠣᠭᠢᠷᠠᠭᠤᠯᠬᠤ ᠵᠡᠷᠭᠡ ᠪᠦᠷᠢᠨ ᠪᠢᠲᠡᠭᠦᠤ ᠴᠠᠭᠠᠷᠢᠭᠲᠤ ᠬᠤᠷᠠᠮᠠᠯ ᠦᠢᠯᠡᠴᠢᠯᠡᠭᠡ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠶᠢ ᠰᠢᠪᠲᠤᠯᠬᠤ︾᠎ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠤᠮᠤ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ  ᠠᠮᠢᠳᠤᠯᠢᠭ ᠬᠦᠴᠦᠨ ᠢ ᠪᠠᠳᠠᠷᠠᠭᠤᠯᠤᠨ᠎ᠠ᠃      ᠰᠢᠨ᠎ᠡ ᠶᠢ ᠡᠭᠦᠳᠬᠦ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠦᠨ᠂ ᠥᠪᠥᠷ ᠮᠣᠩᠭᠤᠯ ᠤᠨ ᠪᠠᠯ ᠴᠢᠯᠠᠭᠤ ︵ᠠᠯᠺᠤᠨ︶᠎ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠬᠦ ᠶᠢ ᠲᠦᠷᠭᠡᠳᠬᠡᠨ᠎ᠡ ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠤ  ᠦᠢᠯᠡᠰ ᠤᠨ ᠰᠢᠨ᠎ᠡ ᠶᠢ ᠡᠭᠦᠳᠬᠦ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ᠂ ᠰᠤᠳᠤᠯᠤᠨ ᠨᠡᠭᠡᠭᠡᠬᠦ ᠲᠥᠪ ᠪᠠᠶᠢᠭᠤᠯᠵᠤ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠨᠡᠷᠡᠲᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠺᠠᠳᠧᠮᠢᠴᠢ᠂ ᠡᠷᠳᠡᠮᠲᠡᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ᠂ ᠲᠤᠰᠬᠠᠶ ᠨᠠᠷᠢᠯᠢᠭ ᠣᠨᠴᠠ ᠰᠢᠨ᠎ᠡ᠂ ᠰᠢᠨ᠎ᠡ ᠶᠢ ᠡᠭᠦᠳᠬᠦ ᠬᠡᠯᠪᠡᠷᠢ ᠶᠢᠨ 6 ᠠᠵᠤ ᠠᠬᠤᠶᠢᠯᠠᠯ ᠢ ᠪᠤᠶᠢᠵᠢᠭᠤᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠳᠠᠪᠤᠷᠢᠲᠠᠨ ᠪᠤᠯᠵᠤ ᠴᠢᠳᠠᠪᠤᠷᠢᠲᠠᠨ ᠬᠡᠷᠡᠭᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃      ︵ᠲᠠᠪᠤ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠲᠠᠲᠠᠬᠤ ᠬᠦᠴᠦᠨ ᠲᠠᠢ ᠰᠢᠶᠠᠨ ᠤ ᠬᠤᠲᠠ ᠶᠢ ᠴᠢᠷᠮᠠᠶᠢᠨ ᠪᠠᠶᠢᠭᠤᠯᠤᠨ᠎ᠠ᠃ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ ᠂ ᠬᠤᠳᠠ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠪᠠᠯᠭᠠᠰᠤᠨ ᠤ ᠴᠢᠨᠠᠷ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃      ᠬᠤᠳᠠ ᠶᠢᠨ ᠴᠢᠳᠠᠮᠵᠢ ᠶᠠᠰᠤ ᠴᠢᠨᠠᠷ ᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠩᠭᠢᠯᠠᠭ᠎ᠠ ᠶᠢᠨ ᠴᠡᠭ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠵᠦ᠂ ᠬᠤᠳᠠ ᠶᠢᠨ ᠰᠢᠨᠡᠴᠢᠯᠡᠯᠲᠡ ᠶᠢ ᠲᠣᠭᠤᠷᠢᠭ ᠬᠤᠪᠢᠶᠠᠨ ᠲᠦᠷᠦᠯ ᠬᠤᠪᠢᠶᠠᠨ ᠬᠡᠷᠡᠭᠵᠢᠭᠦᠯᠦᠨ᠎ᠡ᠃ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠵᠡᠷᠭᠡ ᠶᠢᠨ ᠤᠰᠤᠨ ᠬᠤᠭᠤᠯᠠᠶ ᠶᠢᠨ ᠲᠣᠣᠷ ᠢ 7.5 ᠺᠢᠯᠣᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠣᠷ ᠢ 9 ᠺᠢᠯᠣᠮᠧᠲᠷ ᠰᠢᠨ᠎ᠡ ᠪᠠᠷ ᠪᠠᠶᠢᠭᠤᠯᠪᠠ︔ ᠲᠠᠭᠠᠷᠴᠤᠭ ᠴᠡᠴᠡᠷᠯᠢᠭ᠂ ᠦᠵᠡᠮᠵᠢ ᠶᠢᠨ ᠣᠬᠤᠷ ᠵᠦᠢᠯᠡᠰ ᠢ 5 ᠰᠢᠨ᠎ᠡ ᠪᠠᠷ ᠨᠡᠮᠡᠵᠦ᠂ ᠬᠤᠳᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠸᠢ ᠭᠤᠸᠠᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠢᠦᠶ ᠼᠠᠢ ᠵᠡᠭᠡᠯᠢ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠺᠠᠩ ᠵᠢᠶᠠ᠂ ᠨᠠᠪᠴᠢᠨ ᠲᠠᠮᠠᠬᠢ᠂ ᠵᠢᠶ ᠰᠢᠶᠠᠩ ᠶᠤᠸᠠᠨ ᠵᠡᠷᠭᠡ 9 ᠵᠢᠵᠢᠭ ᠲᠣᠭᠤᠷᠢᠭ ᠤᠨ ᠬᠤᠭᠤᠯᠠᠶ ᠲᠣᠤᠷ᠂ ᠵᠠᠮ᠂ ᠭᠡᠷᠡᠯᠲᠦᠭᠦᠯᠭᠡ ᠶᠢᠨ ᠪᠡᠯᠡᠳᠬᠡᠮᠵᠢ ᠶᠢ ᠥᠭᠡᠷᠡᠴᠢᠯᠡᠨ᠎ᠡ᠃ ᠪᠠᠷᠢᠮᠵᠢᠶᠠᠵᠢᠭᠤᠯᠤᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ ᠢ ᠬᠠᠩᠭᠠᠨ᠎ᠠ᠃      ᠨᠠᠷᠢᠯᠢᠭ ᠤᠬᠠᠭᠠᠯᠢᠭ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯ ᠪᠠ ᠳᠡᠳ᠋ ᠵᠠᠮ ᠱᠤᠭᠤᠮ᠂ ᠵᠡᠭᠡᠯᠢ ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠯᠪᠠᠰᠤᠨ ᠵᠠᠮ ᠬᠠᠷᠢᠯᠴᠠᠭ᠎ᠠ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ᠂ ᠲᠡᠷᠭᠡ ᠵᠣᠭᠰᠣᠭᠠᠬᠤ ᠶᠢ ᠵᠢᠷᠤᠮᠵᠢᠭᠤᠯᠬᠤ ᠵᠡᠷᠭᠡ ᠲᠤᠰᠬᠠᠶ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ ᠬᠡᠷ ᠤᠨ ᠭᠠᠳᠠᠨᠠᠬᠢ ᠵᠠᠷ ᠮᠡᠳᠡᠭᠡ᠂ ᠳᠤᠷ᠎ᠠ ᠪᠠᠷ ᠢᠶᠠᠨ ᠠᠯᠠᠵᠤ ᠨᠢᠲᠤᠯᠬᠤ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃ ᠬᠠᠤᠯᠢ ᠠᠴᠠ ᠵᠥᠷᠢᠴᠡᠬᠦ ᠶᠢ ᠬᠢᠵᠠᠭᠠᠷᠯᠠᠨ ᠵᠠᠰᠠᠬᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ︽ᠬᠤᠶᠠᠷ ᠠᠴᠠ ᠵᠥᠷᠢᠴᠡᠭᠰᠡᠨ︾ ᠪᠠᠷᠢᠯᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠤᠷᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠭᠠᠵᠢᠭᠤᠯᠤᠭᠰᠠᠨ ᠬᠤᠳᠠ ᠶᠢᠨ ᠬᠠᠮᠢᠶᠠᠷᠤᠯᠲᠠ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠯᠵᠢᠶᠡᠵᠢᠭᠰᠡᠨ᠂ ᠮᠡᠳᠡᠭᠡ ᠵᠠᠩᠬᠢᠴᠢᠯᠠᠭᠰᠠᠨ᠂ ᠤᠶᠤᠨᠴᠢᠯᠠᠭᠰᠠᠨ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃  ᠵᠢᠵᠢᠭ ᠲᠣᠭᠤᠷᠢᠭ ᠤᠨ ᠠᠳᠠᠯ ᠠᠬᠤᠶ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠪᠥᠬᠦ ᠰᠢᠶᠠᠨ ᠤ ᠠᠳᠠᠯ ᠠᠬᠤᠶ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠲᠠᠰ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ 3᠎ ᠶᠢ ᠴᠢᠷᠮᠠᠶᠢᠨ ᠡᠭᠦᠳᠦᠨ᠎ᠡ᠃       ︵ᠵᠢᠷᠭᠤᠭ᠎ᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠨᠢᠭᠡᠳᠦᠯᠲᠡᠶ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠬᠦᠴᠦᠷᠬᠡᠭ᠂ ᠬᠥᠳᠡᠭᠡ ᠲᠣᠰᠬᠤᠨ ᠭᠤᠶᠤ ᠰᠠᠶᠢᠬᠠᠨ᠂ ᠲᠠᠷᠢᠶᠠᠴᠢᠨ ᠪᠠᠶᠠᠨ ᠴᠢᠨᠡᠭᠡᠯᠢᠭ ᠪᠠ ᠭᠤᠶᠤ ᠰᠠᠶᠢᠬᠠᠨ ᠬᠥᠳᠡᠭᠡ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃      ᠲᠠᠷᠢᠶᠠᠯᠠᠩ ᠢ ᠴᠥᠬᠦᠷᠡᠰᠢ ᠦᠭᠡᠢ ᠠᠳᠬᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤ ᠪᠠᠷ ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 3 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠨ᠎ᠠ᠃ ᠠᠮᠤ ᠪᠤᠳᠠᠭᠠᠨ ᠤ  ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 90 ᠲᠦᠮᠡᠨ ᠮᠥ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 2.6 ᠳ᠋ᠦᠩᠰᠢᠭᠤᠷ ᠵᠢᠩ ᠳᠤ ᠬᠦᠷᠦᠭᠦᠯᠬᠦ ᠪᠠᠷ ᠴᠢᠷᠮᠠᠶᠢᠨ᠎ᠠ᠃ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭ᠎ᠠ ᠶᠢᠨ ᠲᠣᠮᠣ ᠬᠦᠷᠢᠶᠡᠯᠡᠩ ︾᠎ ᠢ ᠪᠠᠶᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠲᠥᠮᠥᠰᠥ ᠳᠠᠷᠢᠬᠤ ᠲᠠᠯᠠᠪᠠᠶ ᠶᠢ 22 ᠲᠦᠮᠡᠨ ᠮᠥ ᠳᠤ ᠬᠦᠷᠦᠭᠦᠯᠵᠦ᠂ ᠬᠦᠶ᠋ᠲᠡᠨ ᠰᠡᠷᠢᠭᠦᠨ ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 15 ᠲᠦᠮᠡᠨ ᠮᠥ ᠳᠤ ᠬᠦᠷᠦᠭᠦᠯᠵᠦ᠂ ᠮᠠᠯ ᠤᠨ ᠲᠤᠭ᠎ᠠ ᠲᠣᠯᠣᠭᠠᠶ ᠶᠢ 46 ᠲᠦᠮᠡᠨ ᠲᠣᠯᠣᠭᠠᠶ ︵ᠲᠣᠯᠣᠭᠠᠶ︶᠎ ᠳᠤ ᠬᠦᠷᠦᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 2.5 ᠲᠦᠮᠡᠨ ᠲᠣᠨ ᠪᠣᠯᠲᠠᠯ᠎ᠠ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠲᠠᠸᠠᠷ ᠤᠨ ᠲᠥᠮᠥᠰᠥ᠂ ᠡᠳ᠋ᠰᠢᠭᠦᠯᠬᠦ ᠳᠤ ᠲᠤᠰᠬᠠᠶ ᠬᠡᠷᠡᠭᠯᠡᠬᠦ ᠲᠥᠮᠥᠰᠥ ᠶᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠮᠥᠰᠥ ᠶᠢᠨ ᠠᠵᠤ ᠵᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ︽ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠤ  ᠦᠢᠯᠡᠰ ᠢ ᠶᠡᠬᠡᠪᠡᠷ ᠬᠥᠭᠵᠢᠭᠦᠯᠦᠨ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠢᠯ ᠢ  ᠭᠦᠢᠴᠡᠳ ᠬᠢᠵᠦ᠂ ︽ᠲᠥᠪ ᠲᠣᠭᠤᠭᠠᠨ ᠬᠡᠷ︾᠎ ᠢ ᠴᠣᠭᠴᠠᠯᠠᠨ᠎ᠠ᠃ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠷᠳᠡᠨᠢ ᠰᠢᠰᠢ᠂ ᠠᠯᠠᠰᠢᠨ ᠬᠤᠨᠢ ᠬᠤᠶᠠᠷ ᠶᠡᠭᠡ ᠭᠤᠤᠯᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠮᠤ ᠪᠤᠳᠠᠭ᠎ᠠ ᠪᠣᠷᠳᠣᠭᠠ ᠶᠢ ᠨᠢᠭᠡᠳᠦᠯᠲᠡᠶ ᠲᠥᠯᠥᠪᠯᠡᠬᠦ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ ᠲᠡᠵᠢᠭᠡᠬᠦ ᠪᠠ ᠰᠡᠷᠭᠡᠶᠢᠯᠡᠬᠦ ᠶᠢ ᠵᠡᠷᠭᠡᠪᠡᠷ ᠴᠢᠬᠤᠯᠠᠴᠢᠯᠠᠬᠤ᠂ ᠳᠠᠷᠢᠵᠤ ᠲᠡᠵᠢᠭᠡᠬᠦ ᠶᠢ ᠨᠢᠭᠡ ᠴᠣᠠᠠᠴᠠᠵᠢᠭᠤᠯᠥᠠᠠᠰᠠᠨ ᠪᠣᠬᠢᠷᠲᠤᠯ ᠥᠬᠡᠶ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ︽ ᠦᠢᠯᠡᠳᠪᠦᠷᠢᠯᠡᠬᠦ + ᠡᠳ᠋ᠰᠢᠭᠦᠯᠬᠦ + ᠰᠢᠨᠵᠢᠯᠡᠬᠦ ᠤᠬᠠᠭᠠᠨ ᠮᠡᠷᠭᠡᠵᠢᠯ + ᠡᠵᠡᠩᠨᠡᠨ ᠪᠣᠷᠣᠯᠠᠭᠤᠯᠬᠤ + ᠦᠢᠯᠡᠴᠢᠯᠡᠭᠡ︾᠎ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾᠎ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠥᠯᠳᠡᠭᠡᠵᠦ ᠬᠡᠯᠬᠢᠶᠡᠵᠢᠭᠦᠯᠦᠨ ᠪᠣᠯᠪᠠᠰᠤᠷᠠᠭᠤᠯᠬᠤ᠂ ᠵᠠᠭᠤᠨ ᠲᠦᠮᠡᠨ ᠠᠯᠠᠰᠢᠨ ᠬᠤᠨᠢ ᠶᠢ ᠬᠥᠭᠵᠢᠭᠦᠯᠦᠨ ᠲᠡᠵᠢᠭᠡᠨ ᠦᠷᠡᠵᠢᠭᠦᠯᠬᠦ᠂ ᠤᠶᠤᠨᠲᠤ ᠲᠠᠷᠢᠶᠠᠯᠠᠩ ᠤᠨ ᠠᠵᠤ  ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠳᠤ ᠣᠷᠣᠭᠤᠯᠬᠤ ᠠᠵᠤ ᠠᠬᠤᠶᠢᠯᠠᠯ ᠢ 10᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠢᠯᠭᠠᠬᠤ ᠲᠡᠮᠳᠡᠭ ᠢ ᠪᠠᠷᠢᠮᠵᠢᠶ᠎ᠠ ᠪᠠᠷ ᠨᠥᠬᠦᠪᠥᠷᠢ ᠥᠭᠴᠦ ᠤᠷᠮᠠᠰᠢᠭᠤᠯᠬᠤ ᠲᠦᠷᠢᠮ ᠢ ᠬᠡᠷᠡᠭᠵᠢᠭᠦᠯᠦᠨ᠂ ᠨᠠᠩ ᠣᠯᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ︽ᠤᠤᠯ ᠤᠨ ᠤᠯᠠᠭᠠᠨᠴᠠᠪ︾᠎ ᠤᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ ᠣᠷᠣᠭᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ ᠾᠧ ᠣᠪᠣᠭᠲᠤ ᠶᠢᠨ ᠠᠮᠤ ᠪᠤᠳᠠᠭ᠎ᠠ ᠲᠣᠰᠣ᠂ ᠲᠦᠩ ᠾᠧᠩ ᠠᠮᠤ ᠪᠤᠳᠠᠭ᠎ᠠ ᠲᠣᠰᠣ᠂ ᠰᠢᠶᠠᠩ ᠶᠤᠸᠠᠢ ᠨᠢᠦ ᠨᠢᠦ ᠵᠡᠷᠭᠡ ᠠᠵᠤ ᠠᠬᠤᠶᠢᠯᠠᠯ ᠤᠨ ᠰᠢᠮ᠎ᠡ ᠲᠡᠵᠢᠭᠡᠯ ᠲᠤᠯᠭᠠᠨ ᠳᠣᠭᠢᠷᠠᠭᠤᠯᠬᠤ ᠲᠥᠷᠥᠯ᠂ ᠡᠷᠡᠭᠦᠯ ᠡᠩᠬᠡ ᠰᠡᠯᠡᠭᠦᠴᠡᠯ ᠤᠨ ᠲᠥᠷᠥᠯ ᠤᠨ ᠨᠣᠬᠠᠶ ᠶᠢᠨ ᠬᠤᠰᠢᠭᠤ ᠶᠢᠨ ᠰᠢᠨ᠎ᠡ ᠶᠢ ᠡᠭᠦᠳᠬᠦ ᠪᠦᠲᠦᠭᠡᠭᠳᠡᠬᠦᠨ ᠢ ᠭᠦᠨᠵᠡᠭᠡᠶ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠡᠷᠡᠭᠦᠯ ᠴᠢᠭᠢᠷᠠᠭ ᠴᠠᠭ ᠤᠨ ᠥᠩᠭᠡ ᠶᠢ ᠳᠠᠭᠠᠭᠰᠠᠨ ︽ᠠᠮᠤ ᠪᠤᠳᠠᠭᠠᠨ ᠤ ᠰᠢᠵᠢᠷ ᠠᠯᠲᠠ︾᠎ ᠶᠢᠨ ᠬᠥᠩᠭᠡᠨ ᠢᠳᠡᠭᠡᠨ ᠢ ᠣᠷᠣᠯᠠᠨ ᠢᠳᠡᠭᠦᠯᠵᠦ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠡᠵᠡᠩᠨᠡᠨ ᠪᠣᠷᠣᠯᠠᠭᠤᠯᠬᠤ ᠴᠢᠳᠠᠪᠤᠷᠢᠲᠠᠨ ᠢ ᠬᠥᠮᠦᠵᠢᠭᠦᠯᠵᠦ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠦ᠂ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠨ ᠭᠠᠷᠭᠠᠬᠤ ᠬᠡᠷᠡᠭᠲᠡᠢ᠃      ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠬᠥᠳᠡᠭᠡ ᠲᠣᠰᠬᠤᠨ ᠢ ᠪᠠᠶᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠴᠢᠩᠭᠠᠳᠬᠠᠵᠤ᠂ 8 ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ 3᠎ ᠶᠢ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠣᠰᠬᠤᠨ 3᠎ ᠶᠢ ᠡᠭᠦᠳᠦᠨ ᠪᠠᠶᠢᠭᠤᠯᠤᠨ᠎ᠠ᠃ ︽ᠮᠢᠩᠭᠠᠨ ᠲᠦᠮᠡ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾᠎ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠳᠣᠣᠷ᠎ᠠ ᠦᠷ᠎ᠡ ᠠᠰᠢᠭ ᠲᠠᠢ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠵᠠᠰᠠᠬᠤ ᠶᠢ ᠴᠢᠩᠭᠠᠳᠬᠠᠵᠤ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠠᠮᠢᠳᠤᠯᠢᠭ ᠪᠣᠯᠭᠠᠵᠤ᠂ ︽ᠨᠢᠭᠡ ᠣᠷᠣᠨ ᠰᠠᠭᠤᠴᠠ ᠶᠢ ᠲᠦᠷᠪᠡᠨ ᠬᠦᠷᠢᠶᠡᠯᠡᠩ ᠪᠣᠯᠭᠠᠬᠤ︾᠎ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠳᠡᠰ ᠳᠡᠪᠰᠢᠬᠦ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠠᠭ᠎ᠠ ᠳᠤ ᠬᠡᠷᠡᠭᠯᠡᠬᠦ ᠴᠠᠬᠢᠯᠭᠠᠨ ᠪᠠ ᠰᠢᠶᠠᠩ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ  ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠠᠷᠭ᠎ᠠ ᠪᠦᠬᠦᠨ ᠢ ᠰᠦᠪᠡᠭᠴᠢᠯᠡᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠤᠷᠢᠭ᠎ᠠ ᠱᠤᠭᠤᠮ ᠤᠨ ᠡᠭᠦᠷᠭᠡ ᠪᠣᠯᠭᠠᠬᠤ ᠶᠢ ᠪᠠᠷᠢᠮᠲᠠᠯᠠᠵᠤ᠂ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠬᠢᠵᠢᠭᠦᠯᠬᠦ︾᠎ ᠪᠠᠷ ᠭᠤᠣᠯᠳᠠᠭᠤᠯᠵᠤ᠂ ᠪᠠᠶᠢᠩᠭᠤᠵᠢᠭᠤᠯᠤᠨ ᠬᠢᠨᠠᠨ ᠬᠡᠮᠵᠢᠬᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ ᠳᠤᠲᠠᠭᠤᠳᠠᠯ ᠢ ᠨᠥᠬᠦᠪᠥᠷᠢᠯᠡᠬᠦ᠂ ᠠᠶᠤᠯ ᠲᠦᠭᠰᠢᠭᠦᠷᠢ ᠶᠢ ᠠᠷᠢᠯᠭᠠᠬᠤ ᠶᠢ ᠪᠠᠷᠢᠮᠲᠠᠯᠠᠵᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠭᠠᠷ ᠲᠦᠷᠦᠭᠦ᠂ ᠡᠷᠲᠡ ᠠᠴᠠ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠪᠣᠯᠤᠨ ᠬᠢᠨᠠᠨ ᠪᠠᠶᠢᠴᠠᠭᠠᠭᠳᠠᠬᠤ ᠡᠲᠡᠭᠡᠳ ᠤᠨ ᠲᠠᠬᠢᠨ ᠶᠠᠳᠠᠭᠤᠷᠠᠵᠤ ᠶᠠᠳᠠᠭᠤᠷᠠᠬᠤ ᠠᠶᠤᠯ ᠲᠦᠭᠰᠢᠭᠦᠷᠢ ᠶᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠠᠲᠤᠯᠠᠬᠤ ᠬᠡᠷᠡᠭᠲᠡᠢ᠃ ᠡᠪᠡᠳᠴᠢᠨ ᠤ ᠰᠢᠯᠲᠠᠭᠠᠨ᠂ ᠭᠠᠮᠰᠢᠭ ᠤᠨ ᠰᠢᠯᠲᠠᠭᠠᠨ᠂ ᠰᠠᠨᠠᠭᠠᠨ ᠳᠤ ᠦᠭᠡᠢ ᠬᠡᠷᠡᠭ ᠵᠡᠷᠭᠡ ᠠᠴᠠ ᠪᠤᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠤᠯᠠᠨ ᠲᠦᠮᠡᠨ ᠢ ᠴᠠᠭ ᠲᠤᠬᠠᠢ ᠳᠤᠨᠢ ᠢᠯᠭᠠᠨ ᠲᠠᠨᠢᠵᠤ ᠬᠠᠪᠰᠤᠷᠤᠨ ᠲᠡᠳᠬᠦᠬᠦ ᠳᠤ ᠣᠷᠣᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠦᠨᠳᠦᠰᠦᠨ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠵᠦᠢᠯᠡᠰ ᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠵᠤ᠂ ᠡᠷᠤᠭᠡ ᠳᠤ ᠬᠦᠷᠭᠡᠬᠦ ᠠᠵᠤ ᠦᠢᠯᠡᠰ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠲᠦᠷᠦᠯ ᠤᠨ ᠠᠵᠤ ᠦᠢᠯᠡᠰ ᠤᠨ ᠬᠥᠭᠵᠢᠯᠲᠡ ᠶᠢᠨ ᠱᠠᠩᠨᠠᠵᠤ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠴᠢᠨ ᠡᠷᠤᠭᠡ ᠶᠢᠨ ᠠᠵᠤ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢᠨ ᠬᠠᠷᠢᠴᠠᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠬᠠᠮᠤᠭ ᠡᠴᠦᠰ ᠲᠤ ︽ᠬᠤᠶᠠᠷ ᠢ ᠥᠨᠳᠥᠷ ᠪᠠᠶᠢᠯᠭᠠᠬᠤ᠂ ᠬᠤᠶᠠᠷ ᠢ ᠳᠡᠭᠡᠭᠰᠢᠯᠡᠭᠦᠯᠬᠦ︾᠎ ᠶᠢ ᠪᠡᠶᠡᠯᠡᠭᠦᠯᠦᠨ᠎ᠡ᠃ ᠨᠡᠶᠢᠭᠡᠮ ᠢ ᠠᠭᠤᠰᠤᠯᠴᠠᠭᠤᠯᠬᠤ᠂ ᠠᠵᠢᠯ ᠣᠯᠭᠤᠯᠲᠠ ᠶᠢᠨ ᠠᠵᠤ ᠦᠢᠯᠡᠰ ᠢ ᠲᠡᠳᠬᠦᠨ ᠳᠡᠮᠵᠢᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠢᠳᠡᠪᠬᠢᠲᠡᠶ ᠪᠠᠷ ᠳᠡᠯᠭᠡᠷᠡᠭᠦᠯᠵᠦ᠂ ᠬᠥᠳᠡᠭᠡ ᠲᠣᠰᠬᠤᠨ ᠤ ᠨᠡᠩ ᠤᠯᠠᠨ ᠬᠥᠳᠡᠯᠮᠦᠷᠢ ᠶᠢᠨ ᠬᠦᠴᠦᠨ ᠢ ᠰᠢᠩᠭᠡᠭᠡᠨ ᠠᠪᠴᠤ ᠤᠢᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠬᠢᠯᠭᠡᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠭᠠᠵᠠᠷ ᠤᠨ ᠤᠯᠠᠨ ᠲᠦᠮᠡᠨ ᠤ ᠨᠡᠭᠦᠵᠦ ᠳᠡᠶᠢᠯᠬᠦ᠂ ᠲᠣᠭᠲᠠᠪᠤᠷᠢᠵᠢᠵᠤ ᠳᠡᠶᠢᠯᠬᠦ᠂ ᠪᠠᠶᠠᠵᠢᠵᠤ ᠳᠡᠶᠢᠯᠬᠦ ᠶᠢ ᠦᠨᠡᠨ ᠬᠦ ᠪᠠᠲᠤᠯᠠᠨ᠎ᠠ᠃ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ᠂ ᠶᠠᠨᠴᠢᠩ ᠲᠣᠭᠤᠷᠢᠭ ᠵᠡᠷᠭᠡ ᠬᠠᠪᠰᠤᠷᠤᠨ ᠲᠡᠳᠬᠦᠬᠦ ᠨᠢᠭᠡᠴᠡ ᠪᠣᠯᠤᠨ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ᠂ ᠴᠢᠳᠠᠪᠤᠷᠢᠲᠠᠨ᠂ ᠬᠥᠳᠡᠯᠮᠦᠷᠢ ᠦᠢᠯᠡᠴᠢᠯᠡᠭᠡ᠂ ᠬᠡᠷᠡᠭᠯᠡᠭᠡ ᠵᠡᠷᠭᠡ ᠲᠠᠯ᠎ᠠ ᠪᠠᠷ ᠨᠡᠩ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠨ᠎ᠡ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠬᠥᠮᠦᠵᠢᠯ ᠪᠠ ᠬᠡᠪ ᠵᠠᠩᠰᠢᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠨᠡᠶᠢᠭᠡᠮ ᠤᠨ ᠠᠮᠢᠵᠢᠷᠠᠯ ᠤᠨ ᠬᠦᠴᠦᠨ ᠲᠠᠢ ᠮᠥᠷᠲᠡᠭᠡᠨ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃      ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠡᠷᠡᠰ ᠭᠤᠶᠢᠪᠢᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠳᠤᠯᠠᠭᠠᠯᠠᠬᠤ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠠᠴᠠ ᠪᠢᠰᠢ ᠪᠠᠭᠠᠰᠬᠠᠬᠤ ᠦᠭᠡᠢ ᠪᠠᠶᠢᠬᠤ ᠶᠢ ᠪᠠᠲᠤᠯᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠴᠢᠷᠮᠠᠶᠢᠵᠤ ᠪᠠᠶᠢᠭᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠰᠠᠶᠢᠨ ᠢᠶᠠᠷ ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠵᠤ᠂ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠦᠨᠡᠨ ᠨᠡᠷ᠎ᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠬᠤᠳᠠ ᠪᠠᠯᠭᠠᠰᠤᠨ ᠳᠤ 610᠎ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ ᠲᠤ 220᠎ ᠠᠴᠠ ᠳᠡᠭᠡᠭᠰᠢ ᠬᠥᠮᠦᠨ ᠳᠤ ᠲᠠᠬᠢᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.2%᠎ ᠤᠨ ᠳᠣᠲᠣᠷ᠎ᠠ ᠬᠢᠵᠠᠭᠠᠷᠯᠠᠨ᠎ᠠ᠃ ︽ᠨᠢᠭᠡ ᠨᠠᠰᠤᠲᠠᠨ ᠨᠢᠭᠡ ᠪᠠᠭ᠎ᠠ︾ ᠵᠢᠨ‌ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠵᠠᠩ ᠭᠤᠤ ᠪᠠᠯᠭᠠᠰᠤ᠂ ᠡᠷᠳᠡᠨᠢ ᠪᠠᠯᠭᠠᠰᠤ ᠵᠡᠷᠭᠡ 5 ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠵᠤ ᠥᠭᠡᠷᠡᠴᠢᠯᠡᠨ᠂ ᠣᠷᠣᠨ ᠪᠦᠰᠡ ᠶᠢᠨ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ ᠲᠥᠪ 3᠂ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ ᠪᠠᠶᠢᠭᠤᠯᠤᠮᠵᠢ ᠶᠢ 2 ᠰᠢᠨ᠎ᠡ ᠪᠠᠷ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶᠎ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ᠂ ᠡᠮᠴᠢᠯᠡᠭᠡ ᠶᠢ ᠲᠤᠰᠠᠯᠠᠬᠤ᠂ ᠠᠷᠢᠭᠤᠨ ᠴᠡᠪᠡᠷ ᠢ ᠲᠤᠰᠠᠯᠠᠬᠤ᠂ ᠤᠬᠢᠶᠠᠯᠭ᠎ᠠ ᠶᠢ ᠲᠤᠰᠠᠯᠠᠬᠤ᠂ ᠪᠠᠴᠢᠮ ᠪᠠᠶᠢᠳᠠᠯ ᠢ ᠲᠤᠰᠠᠯᠠᠬᠤ ᠵᠡᠷᠭᠡ ᠨᠠᠰᠤᠵᠢᠯ ᠤᠨ ᠦᠢᠯᠡᠴᠢᠯᠡᠭᠡᠨ ᠢ ᠭᠦᠨᠵᠡᠭᠡᠶ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠬᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ︽ᠭᠤᠷᠪᠠᠨ ᠬᠦᠪᠡᠭᠡ ᠲᠤᠯᠤᠭᠠᠨ ᠣᠷᠣᠨ︾᠎ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠦᠷᠭᠦᠯᠵᠢᠯᠡᠨ ᠴᠡᠭᠴᠡᠯᠡᠨ ᠵᠠᠰᠠᠵᠤ᠂ ᠭᠠᠯ ᠢᠶᠠᠷ ᠳᠡᠭᠳᠡᠭᠡᠬᠦ ᠣᠷᠣᠨ ᠢ ᠵᠠᠭᠠᠭᠯᠠᠨ ᠲᠣᠭᠲᠠᠭᠠᠬᠤ ᠠᠵᠢᠯ ᠢ ᠲᠤᠷᠰᠢᠨ ᠥᠷᠨᠢᠭᠦᠯᠵᠦ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠦᠵᠡᠯᠲᠡ ᠶᠢ ᠨᠢ ᠠᠯᠬᠤᠮ ᠠᠯᠬᠤᠮ ᠢᠶᠠᠷ ᠬᠤᠪᠢᠷᠠᠭᠤᠯᠵᠤ᠂ ᠪᠣᠬᠢᠷᠲᠤᠯ ᠦᠭᠡᠢ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠯᠲᠠ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠨᠴᠠᠭᠠᠶ ᠬᠡᠦᠬᠡᠳ᠂ ᠵᠡᠮᠳᠡᠭᠴᠦᠳ ᠵᠡᠷᠭᠡ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ︽ᠳᠡᠷᠭᠡᠳᠡᠬᠢ ᠬᠥᠮᠦᠰ ᠢ ᠠᠪᠤᠷᠠᠬᠤ︾ ᠠᠵᠢᠯ ᠢ ᠲᠦᠯᠬᠢᠨ ᠠᠬᠢᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃      ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠵᠤ᠂ ᠠᠷᠠᠳ ᠲᠦᠮᠡᠨ ᠳᠤ ᠨᠡᠩ ᠬᠠᠨᠤᠮᠵᠢᠲᠠᠶ ᠴᠢᠨᠠᠷ ᠰᠠᠶᠢᠲᠠᠶ ᠰᠤᠷᠭᠠᠨ ᠬᠥᠮᠦᠵᠢᠯ ᠢ ᠡᠷᠬᠢᠯᠡᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠭᠰᠢ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ 100 ᠰᠢᠯᠢᠳᠡᠭ ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠬᠢᠨ ᠬᠠᠮᠠᠭᠠᠯᠠᠵᠤ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠬᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠰᠠᠭᠤᠭᠳᠠᠭᠤᠯᠬᠤ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠬᠢᠲᠠᠳ ︵ᠮᠣᠩᠭᠤᠯ︶᠎ ᠤᠨ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ︵ᠮᠣᠩᠭᠤᠯ︶᠎ ᠤᠨ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠳᠤ ᠢᠳᠡᠪᠬᠢᠲᠡᠶ ᠪᠠᠷ ᠮᠡᠳᠡᠭᠦᠯᠦᠨ᠎ᠡ᠃ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠨ᠎ᠠ᠃ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠳᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠣᠨᠳᠣᠤ ᠭᠠᠵᠠᠷ ᠲᠤ ᠡᠮᠨᠡᠭᠦᠯᠦᠭᠰᠡᠨ ᠡᠮᠨᠡᠯᠭᠡ ᠳᠤ ᠰᠠᠭᠤᠭᠰᠠᠨ ᠵᠠᠷᠤᠳᠠᠯ ᠢ ︽ᠨᠢᠭᠡ ᠯᠡ ᠥᠷᠲᠡᠭᠡᠨ ᠤ ᠮᠠᠶ᠋ᠢᠭ︾᠎ ᠢᠶᠠᠷ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠶᠡᠭᠡ ᠡᠭᠦᠳᠦᠨ ᠪᠠᠶᠢᠭᠤᠯᠤᠯᠲᠠ︾᠎ ᠶᠢ ᠪᠣᠳᠠᠲᠠᠶ ᠪᠠᠷ ᠠᠳᠬᠤᠵᠤ᠂ ︽ᠶᠣᠰᠣ ᠰᠤᠷᠲᠠᠬᠤᠨ ᠤ ᠵᠢᠱᠢᠶᠡᠴᠢ︾ ︽ᠰᠠᠶᠢᠨ ᠬᠥᠮᠦᠨ ᠢ ᠮᠠᠨᠳᠤᠭᠤᠯᠬᠤ︾᠎ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠶ ᠪᠠᠷ ᠳᠠᠭᠠᠭᠠᠨ ᠡᠷᠬᠢᠯᠡᠵᠦ᠂ ᠤᠯᠠᠨ ᠲᠦᠮᠡᠨ ᠤ ᠤᠶᠤᠨ ᠤ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠲᠤᠰᠬᠠᠯ ᠶᠡᠬᠡᠲᠡᠶ ᠳᠤᠯᠠᠭᠠᠯᠭ᠎ᠠ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︽ᠵᠠᠯᠠᠭᠤᠴᠤᠳ︾ ᠲᠡᠮᠳᠡᠭᠲᠦ ᠲᠦᠷᠦᠯ ᠲᠡᠮᠳᠡᠭ ᠤᠨ ᠴᠠᠭ ᠦᠶ᠎ᠡ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠵᠠᠯᠠᠭᠤᠴᠤᠳ ᠤᠨ ᠠᠵᠢᠯ ᠣᠯᠭᠤᠯᠲᠠ᠂ ᠣᠷᠣᠨ ᠰᠠᠭᠤᠴᠠ ᠂ ᠰᠤᠷᠭᠠᠨ ᠬᠥᠮᠦᠵᠢᠯ᠂ ᠤᠷᠤᠭ ᠦᠷᠡᠵᠢᠯ ᠵᠡᠷᠭᠡ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠷᠭᠡᠨ ᠤᠯᠠᠨ ᠵᠠᠯᠠᠭᠤᠴᠤᠳ ᠢ ᠳᠠᠶᠢᠴᠢᠯᠠᠨ ᠳᠠᠭᠠᠭᠤᠯᠵᠤ ᠰᠢᠷᠭᠠᠭᠤ ᠬᠠᠲᠠᠭᠤᠵᠢᠯᠲᠠᠢ ᠰᠤᠳᠤᠯᠵᠤ᠂ ᠴᠢᠷᠮᠠᠶᠢᠨ ᠲᠡᠮᠡᠴᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠦᠢᠯᠡᠴᠢᠯᠡᠭᠡ ᠵᠡᠷᠭᠡ ᠬᠦᠷᠢᠶᠡᠨ ᠳᠤ ᠭᠠᠪᠢᠶ᠎ᠠ ᠵᠢᠳᠬᠦᠯ ᠪᠠᠶᠢᠭᠤᠯᠵᠤ ᠦᠢᠯᠡᠰ ᠪᠦᠲᠦᠭᠡᠬᠦ ᠳᠤ ᠢᠳᠡᠪᠬᠢᠲᠡᠢ ᠣᠷᠣᠯᠴᠠᠭᠤᠯᠤᠨ᠎ᠠ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠴᠡᠷᠢᠭ ᠡᠯᠰᠡᠬᠦ ᠠᠵᠢᠯ ᠢ ᠴᠢᠩᠭᠠᠳᠬᠠᠵᠤ᠂ ︽ᠬᠤᠶᠠᠷ ᠢ ᠬᠦᠷᠢᠶᠡᠯᠡᠬᠦ︾ ᠠᠵᠢᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠵᠦ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ ᠤᠨ ᠰᠢᠨᠵᠢᠯᠡᠭᠡ᠂ ᠨᠠᠰᠤᠵᠢᠯ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ ᠡᠷᠲᠡ ᠴᠢᠯᠥᠭᠡᠯᠡᠭᠳᠡᠭᠰᠡᠨ ᠣᠷᠣᠨ ᠤ ᠪᠦᠳᠦᠭᠡᠨ ᠪᠠᠶᠢᠭᠤᠯᠤᠯᠲᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠠ᠃      ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠶᠤᠯᠭᠦᠶ ᠦᠢᠯᠡᠳᠪᠦᠷᠢᠯᠡᠯ ᠤᠨ ︽ᠲᠠᠪᠤᠨ ᠵᠦᠢᠯ ᠤᠨ ᠲᠣᠭᠲᠠᠴᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠶ ᠬᠡᠢ᠂ ᠠᠶᠤᠯ ᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠥᠪᠡᠰᠦᠪᠡᠨ ᠭᠡᠷ ᠪᠠᠷᠢᠬᠤ ᠵᠡᠷᠭᠡ ᠬᠦᠷᠢᠶᠡᠨ ᠤ ᠠᠮᠤᠷ ᠲᠦᠪᠰᠢᠨ ᠢ ᠲᠤᠪᠤᠶᠢᠮ᠎ᠠ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠲᠣᠬᠢᠲᠠᠶ ᠠᠷᠭᠠᠴᠠᠨ ᠰᠢᠢᠳᠪᠦᠷᠢᠯᠡᠨ᠎ᠡ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ ︾᠎ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠱᠠᠯᠢᠭ ᠵᠠᠪᠬᠠᠢ ᠵᠦᠢᠯ ᠵᠣᠭᠤᠰ ᠮᠥᠷᠦ᠋ᠢᠴᠡᠬᠦ ᠬᠤᠣᠷᠲᠤ ᠡᠳ᠋ ᠫᠠᠨᠽᠠᠯᠠᠬᠤ᠂ ᠢᠳᠡᠭᠡᠨ ᠤ ᠵᠦᠢᠯ ᠡᠮ ᠤᠨ ᠭᠠᠷᠠᠬ᠎ᠠ᠂ ᠰᠦᠯᠵᠢᠶᠡᠨ ᠤ ᠮᠡᠬᠡᠯᠡᠯ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠ ᠨᠡᠶᠢᠭᠡᠮ ᠤᠨ ᠠᠮᠤᠷ ᠲᠦᠪᠰᠢᠨ ᠢ ᠲᠤᠪᠤᠶᠢᠯᠭᠠᠬᠤ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠬᠠᠮᠤᠭ ᠤᠨ ᠳᠡᠭᠡᠳᠦ ᠱᠠᠩᠨᠠᠯ ᠪᠣᠯᠬᠤ ︽ᠴᠠᠩ ᠠᠨ ᠬᠤᠨᠳᠠᠭ᠎ᠠ︾᠎ ᠶᠢ ᠡᠭᠦᠳᠬᠦ ᠪᠠᠷ ᠴᠢᠷᠮᠠᠶᠢᠪᠠ ᠃ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠲᠣᠰᠬᠤᠨ ᠤ ᠶᠠᠪᠤᠳᠠᠯ + ᠴᠠᠭᠳᠠᠭᠠᠨ ᠤ ᠶᠠᠪᠤᠳᠠᠯ︾᠎ ᠤᠨ ᠠᠵᠢᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠤᠲᠠ ᠶᠢᠨ ᠲᠣᠭᠤᠷᠢᠭ ᠤᠨ ︽1+2+N︾ ᠪᠠ ᠬᠥᠳᠡᠭᠡ ᠲᠣᠰᠬᠤᠨ ᠤ ︽ᠨᠢᠭᠡ ᠲᠣᠰᠬᠤᠨ ᠳᠤ ᠨᠢᠭᠡ ᠵᠢᠷᠤᠮ ᠤᠨ ᠴᠠᠭᠳᠠᠭ᠎ᠠ︾᠎ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠭᠳᠠᠭᠠᠨ ᠤ ᠶᠠᠪᠤᠳᠠᠯ ᠤᠨ ᠠᠵᠢᠯ ᠬᠢᠭᠡᠳ ᠲᠣᠤᠷᠵᠢᠭᠤᠯᠤᠭᠰᠠᠨ ᠵᠠᠰᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ︽ᠫᠦᠵᠢᠶᠠᠩ ᠤᠨ ᠲᠤᠷᠰᠢᠯᠭ᠎ᠠ︾᠎ ᠶᠢ ᠭᠦᠨᠵᠡᠭᠡᠶ ᠦᠢᠯᠡᠳᠦᠯᠭᠡᠵᠢᠭᠦᠯᠵᠦ᠂ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠲᠤᠭ᠎ᠠ ᠪᠠ ᠬᠥᠮᠦᠨ ᠤ ᠲᠤᠭ᠎ᠠ ᠶᠢᠨ ︽ᠬᠤᠣᠰ ᠪᠠᠭᠤᠷᠠᠯᠲᠠ︾᠎ ᠶᠢ ᠲᠦᠯᠬᠢᠨ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠬᠠᠤᠯᠢ ᠪᠠᠷ ᠵᠠᠰᠠᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠲᠡᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠤᠢ ᠪᠣᠯᠭᠠᠨ᠎ᠠ᠃ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠪᠠᠬᠢ ᠴᠣᠭᠴᠠᠯᠠᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠪᠠᠷ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡᠨ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠶᠡᠭᠡ ᠬᠦᠴᠦ ᠣᠷᠣᠭᠤᠯᠤᠨ ᠰᠠᠶᠢᠲᠤᠷ ᠠᠳᠬᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠂ ᠮᠣᠩᠭᠤᠯ ᠬᠤᠳᠠᠯᠳᠤᠭᠠᠨ ᠤ ᠲᠣᠰᠬᠤᠨ ᠪᠠᠯᠭᠠᠰᠤ ᠶᠢᠨ ᠪᠠᠩᠬᠢ ᠶᠢᠨ ᠰᠢᠩᠭᠡᠭᠡᠨ ᠠᠪᠴᠤ ᠨᠡᠶᠢᠯᠡᠭᠦᠯᠬᠦ ᠶᠢ ᠪᠡᠶᠡᠯᠡᠭᠦᠯᠬᠦ ᠶᠢ ᠠᠬᠢᠭᠤᠯᠵᠤ᠂ ᠰᠢᠰᠲ᠋ᠧᠮᠵᠢ ᠶᠢᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃      ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠠᠷᠠᠳ ᠤᠨ ᠬᠦᠰᠡᠯ ᠱᠠᠭᠠᠷᠳᠠᠯᠭ᠎ᠠ ᠪᠠᠶᠢᠪᠠᠯ ᠵᠠᠰᠠᠭ ᠤᠨ ᠶᠠᠪᠤᠳᠠᠯ ᠤᠨ ᠬᠠᠷᠢᠭᠤ ᠳᠤᠰᠬᠠᠯ ᠪᠠᠶᠢᠬᠤ ᠬᠡᠷᠡᠭᠲᠡᠶ᠃ ᠪᠢᠳᠡ ᠤᠯᠠᠨ ᠲᠦᠮᠡᠨ ᠤ ︽ᠪᠠᠴᠢᠮ ᠪᠡᠷᠬᠡ ᠵᠣᠪᠠᠨᠢᠯ ᠬᠦᠰᠡᠯ︾᠎ ᠢ ᠰᠡᠳᠬᠢᠯ ᠵᠢᠷᠦᠬᠡᠨ ᠳᠡᠭᠡᠨ ᠪᠠᠲᠤ ᠴᠡᠭᠡᠵᠢᠯᠡᠵᠦ᠂ ᠭᠠᠷ ᠲᠠᠭᠠᠨ ᠠᠳᠬᠤᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠳᠤ ᠮᠡᠳᠡᠷᠡᠭᠳᠡᠵᠦ ᠪᠣᠯᠬᠤ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ ᠰᠠᠶᠢᠲᠤᠷ ᠬᠢᠬᠦ ᠬᠡᠷᠡᠭᠲᠡᠶ᠃ ᠪᠢᠳᠡ ᠤᠯᠠᠨ ᠲᠦᠮᠡᠨ ᠤ ︽ᠪᠠᠴᠢᠮ ᠪᠡᠷᠬᠡ ᠵᠣᠪᠠᠨᠢᠯ ᠬᠦᠰᠡᠯ︾᠎ ᠢ ᠰᠡᠳᠬᠢᠯ ᠵᠢᠷᠦᠬᠡᠨ ᠳᠡᠭᠡᠨ ᠪᠠᠲᠤ ᠴᠡᠭᠡᠵᠢᠯᠡᠵᠦ᠂ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠵᠦ ᠪᠣᠯᠬᠤ ᠪᠣᠳᠠᠲᠤ ᠶᠠᠪᠤᠳᠠᠯ ᠢ ᠰᠠᠶᠢᠲᠤᠷ ᠬᠢᠬᠦ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠶ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠪᠢᠳᠡ 2024 ᠣᠨ ᠳᠤ ᠣᠯᠠᠨ ᠲᠦᠮᠡᠨ ᠤ ᠬᠡᠷᠡᠭᠵᠢᠭᠦᠯᠬᠦ ᠪᠠᠷ ᠬᠦᠰᠡᠵᠦ ᠪᠠᠶᠢᠭᠰᠠᠨ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾᠎ ᠢ ᠡᠯᠰᠡᠪᠡ᠄ ᠨᠢᠭᠡ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 600 ᠡᠷᠦᠬᠡ ᠳᠤ ᠥᠭᠡᠷᠡᠴᠢᠯᠡᠨ᠎ᠡ︔  ᠬᠤᠶᠠᠷ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ 5᠎ ᠶᠢ ᠥᠭᠡᠷᠡᠴᠢᠯᠡᠨ ᠳᠡᠭᠡᠭᠰᠢᠯᠡᠭᠦᠯᠦᠨ᠎ᠡ︔  ᠭᠤᠷᠪᠠ᠂ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢ 6900 ᠡᠷᠦᠬᠡ ᠳᠤ ᠶᠠᠪᠤᠭᠳᠠᠭᠤᠯᠤᠨ᠎ᠠ︔ ᠳᠥᠷᠪᠡ᠂ ᠴᠢ ᠬᠤᠶ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃ ᠲᠠᠪᠤ᠂ 30 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠷᠭᠤᠭ᠎ᠠ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠳᠣᠯᠤᠭ᠎ᠠ᠂ ᠡᠮᠡᠭᠲᠡᠶᠢᠴᠦᠳ ᠤᠨ ᠬᠡᠷ᠂ ᠬᠡᠤᠬᠡᠳ ᠤᠨ ᠬᠡᠷ 15᠎ ᠶᠢ ᠪᠠᠶᠢᠭᠤᠯᠤᠨ᠎ᠠ᠃  ᠨᠠᠢᠮᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠃ ᠶᠢᠰᠦ᠂ ᠤᠤᠭᠤᠬᠤ ᠤᠰᠤᠨ ᠤ ᠦᠷ᠎ᠡ ᠪᠦᠲᠦᠭᠡᠯ ᠢ ᠪᠠᠬᠢᠵᠢᠭᠦᠯᠬᠦ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠳᠡᠭᠡᠷᠡᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠲᠥᠯᠥᠭᠡᠯᠡᠭᠴᠢᠳ ᠲᠤ ᠳᠡᠪᠰᠢᠭᠦᠯᠵᠦ ᠪᠢᠯᠧᠲ ᠥᠭᠭᠦᠭᠦᠯᠦᠨ᠎ᠡ᠃ ᠪᠢᠳᠡ ᠲᠥᠯᠥᠭᠡᠯᠡᠭᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ ᠪᠢᠯᠧᠲ ᠥᠭᠴᠦ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ᠨᠢᠭᠡ ᠨᠢᠭᠡ ᠪᠠᠷ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠦᠬᠦ ᠲᠥᠯᠥᠭᠡᠯᠡᠭᠴᠢᠳ᠂ ᠪᠦᠬᠦ ᠰᠢᠶᠠᠨ ᠤ ᠠᠷᠠᠳ ᠲᠦᠮᠡᠨ ᠳᠤ ᠨᠢᠭᠡ ᠬᠤᠪᠢ ᠴᠢᠨᠠᠷ ᠰᠠᠶᠢᠲᠠᠢ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃      ᠭᠤᠷᠪᠠ᠂  ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠲᠥᠯᠥᠭᠡᠯᠡᠭᠴᠢᠳ ᠡ᠂ ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠬᠡᠷᠡᠭᠲᠡᠶ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠭᠤᠷᠪᠠᠨ ᠡᠷᠬᠡᠪᠰᠢ︾᠎ ᠶᠢ ᠪᠠᠲᠤ ᠴᠡᠭᠡᠵᠢᠯᠡᠵᠦ᠂ ᠤᠷᠤᠭᠰᠢᠯᠠᠨ ᠳᠠᠪᠰᠢᠬᠤ ᠤᠬᠠᠮᠰᠠᠷ ᠢ ᠪᠠᠲᠤ ᠪᠤᠢ ᠪᠣᠯᠭᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠦᠵᠡᠯ ᠰᠠᠨᠠᠭ᠎ᠠ᠂ ᠴᠢᠳᠠᠪᠤᠷᠢ᠂ ᠦᠢᠯᠡ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠳᠠᠭᠠᠵᠤ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ ᠳᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ︽ᠲᠠᠪᠤᠨ ᠶᠡᠭᠡ ᠡᠭᠦᠷᠭᠡ︾᠎ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠤᠭ ᠪᠠᠳᠠᠷᠠᠩᠭᠤᠢ ᠴᠤᠭ ᠰᠦᠯᠳᠡ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠥᠭᠵᠢᠯ ᠮᠠᠨᠳᠤᠯ ᠤᠨ ᠬᠦᠴᠦᠨ ᠴᠢᠳᠠᠯ ᠢᠶᠠᠨ ᠡᠷᠭᠦᠨ᠎ᠡ᠃      ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠶᠡᠭᠡ ᠵᠥᠪ ᠶᠡᠭᠡ ᠪᠤᠷᠤᠭᠤ ᠶᠢᠨ ᠡᠮᠦᠨ᠎ᠡ ᠨᠢᠳᠦ ᠨᠢ ᠣᠨᠴᠠᠭᠠᠶ ᠭᠡᠭᠡᠨ ᠰᠠᠷᠠᠭᠤᠯ᠂ ᠲᠠᠷᠢᠬᠢ ᠲᠣᠯᠣᠭᠠᠶ ᠨᠢ ᠣᠨᠴᠠᠭᠠᠶ ᠬᠤᠷᠴᠠ ᠰᠡᠷᠭᠡᠭ᠂ ᠵᠣᠭᠰᠣᠯᠲᠠ ᠨᠢ ᠣᠨᠴᠠᠭᠠᠶ ᠪᠠᠲᠤ ᠴᠢᠩᠭ᠎ᠠ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠶᠢᠨ ᠡᠯ᠎ᠡ ᠬᠦᠷᠢᠶᠡᠨ ᠳᠤ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢ ᠬᠠᠮᠤᠭ ᠤᠨ ᠬᠦᠴᠦᠲᠡᠶ᠂ ᠬᠠᠮᠤᠭ ᠤᠨ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠡᠷᠬᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯᠯᠠᠭ᠎ᠠ ᠶᠢ ᠪᠦᠬᠦᠨ ᠢ ᠬᠠᠤᠯᠢᠵᠢᠯ ᠤᠨ ᠵᠠᠮ ᠳᠤ ᠣᠷᠣᠭᠤᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ᠂ ᠬᠡᠷᠡᠭ ᠤᠨ ᠳᠤᠮᠳᠠ ᠬᠢᠨᠠᠨ ᠬᠠᠮᠢᠶᠠᠷᠬᠤ᠂ ᠬᠡᠷᠡᠭ ᠤᠨ ᠳᠠᠷᠠᠭ᠎ᠠ ᠦᠨᠡᠯᠡᠬᠦ ᠲᠦᠷᠢᠮ ᠢ ᠪᠦᠷᠢᠨᠰᠢᠬᠦᠯᠵᠦ᠂ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾᠎ ᠢ ᠬᠡᠷᠡᠭᠵᠢᠭᠦᠯᠬᠦ ᠳᠤ᠂ ᠠᠮᠠᠯᠠᠭᠰᠠᠨ ᠤᠴᠢᠷ ᠶᠠᠪᠤᠳᠠᠯ ᠢᠶᠠᠨ ᠵᠠᠪᠠᠯ ᠭᠦᠢᠴᠡᠳᠬᠡᠵᠦ᠂ ᠠᠮᠠᠯᠠᠭᠰᠠᠨ ᠢᠶᠠᠨ ᠵᠠᠪᠠᠯ ᠭᠦᠢᠴᠡᠳᠬᠡᠬᠦ ᠬᠡᠷᠡᠭᠲᠡᠶ᠂ ᠶᠠᠭᠠᠬᠢᠭᠰᠠᠨ ᠴᠤ ᠪᠠᠶᠢᠨ ᠳᠠᠬᠢᠨ ᠵᠠᠰᠠᠷᠠᠵᠤ ᠪᠣᠯᠬᠤ ᠦᠭᠡᠢ᠂ ᠨᠡᠩ ᠴᠤ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠪᠣᠯᠬᠤ ᠦᠭᠡᠢ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠤᠯᠢ ᠴᠠᠭᠠᠵᠠ᠂ ᠬᠢᠨᠠᠨ ᠪᠠᠶᠢᠴᠠᠭᠠᠯᠲᠠ᠂ ᠨᠡᠶᠢᠭᠡᠮ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ᠂ ᠪᠦᠷᠢᠳᠬᠡᠬᠦ ᠬᠢᠨᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃      ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠵᠤ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠦᠨᠡᠨᠬᠦ ᠠᠳᠬᠤᠨ ᠪᠣᠳᠠᠲᠠᠢ ᠠᠵᠢᠯᠯᠠᠬᠤ ᠰᠤᠷᠲᠠᠯ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠤᠷᠲᠠᠯ ᠢ ᠶᠡᠬᠡᠪᠡᠷ ᠮᠠᠨᠳᠤᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠴᠢᠷ ᠶᠠᠪᠤᠳᠠᠯ ᠳᠤ ᠠᠶᠤᠯ ᠦᠭᠡᠢ ᠪᠠᠶᠢᠵᠤ᠂ ᠡᠴᠦᠰ ᠲᠤᠨᠢ ᠲᠤᠯᠲᠠᠯ᠎ᠠ ᠠᠳᠬᠤᠵᠤ᠂ ᠨᠢᠭᠡ ᠶᠢ ᠬᠡᠯᠡᠪᠡᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠨᠠᠷᠢᠨ ᠲᠠᠩᠰᠠᠵᠢᠭᠤᠯᠤᠨ ᠬᠠᠮᠢᠶᠠᠷᠴᠤ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠢᠲᠡᠭᠦᠦ ᠴᠠᠭᠠᠷᠢᠭ ᠢ ᠪᠣᠶ ᠪᠣᠯᠭᠠᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ︽ᠠᠯᠲᠠᠨ ᠮᠧᠳᠠᠯ ᠤᠨ ᠦᠢᠯᠡᠴᠢᠯᠡᠭᠴᠢ︾ ᠪᠣᠯᠤᠨ ︽ᠰᠠᠶᠢᠨ ᠦᠢᠯᠡᠴᠢᠯᠡᠭᠴᠢ︾ ᠪᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠠᠬᠢᠭᠤᠯᠵᠤ᠂ ︽ᠬᠦᠰᠡᠪᠡᠯ ᠵᠠᠪᠠᠯ ᠠᠷᠭᠠᠴᠠᠬᠤ︾᠂ ︽ᠶᠠᠪᠤᠳᠠᠯ ᠪᠦᠬᠦᠨ ᠢ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ 12345 ᠬᠠᠯᠠᠭᠤᠨ ᠤᠲᠠᠰᠤ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠰᠡᠳᠬᠢᠯ ᠤᠨ ᠳᠠᠭᠤᠨ ᠢ ᠬᠢᠨᠠᠮᠠᠭᠠᠶ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠬᠦ  ᠰᠢᠢᠳᠪᠦᠷᠢᠯᠡᠪᠡ᠃      ᠠᠷᠢᠭᠤᠨ ᠴᠢᠬᠡᠴᠢ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠬᠢᠨᠠᠮᠠᠭᠠᠶ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ ᠤᠯᠠᠨ ᠲᠦᠮᠡᠨ ᠤ ᠳᠡᠷᠭᠡᠳᠡ ᠡᠭᠦᠰᠦᠭᠰᠡᠨ ︽ᠢᠯᠠᠭ᠎ᠠ ᠱᠠᠮᠰᠢᠵᠤ ᠰᠢᠷᠭᠤᠯᠵᠢ ᠶᠢᠨ ᠢᠯᠵᠠᠷᠠᠯ︾᠎ ᠢ ᠶᠡᠭᠡ ᠪᠠᠷ ᠴᠡᠭᠴᠡᠯᠡᠨ ᠵᠠᠰᠠᠵᠤ᠂ ᠠᠷᠢᠭᠤᠨ ᠴᠢᠬᠡᠴᠢ᠂ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ ᠰᠠᠭᠤᠷᠢ ᠦᠡᠭᠭᠡ ᠪᠣᠯᠭᠠᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠢ ᠴᠥᠬᠦᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾᠎ ᠢ ᠡᠷᠡᠰ ᠰᠡᠷᠭᠡᠶᠢᠯᠡᠨ ᠵᠠᠰᠠᠪᠠ᠃ ᠪᠡᠶ᠎ᠡ ᠪᠠᠷ ᠢᠶᠠᠨ ᠲᠦᠷᠦᠭᠦᠯᠡᠨ ︽ᠭᠠᠮᠨᠠᠨ ᠠᠮᠢᠳᠤᠷᠠᠬᠤ︾᠎ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠲᠥᠰᠦᠪ ᠢ ᠵᠢᠷᠤᠮᠵᠢᠭᠤᠯᠤᠨ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠠᠷᠪᠢᠨ ᠪᠡᠯᠡ ᠮᠥᠩᠭᠦ ᠶᠢ ᠬᠥᠭᠵᠢᠯᠲᠡ ᠳᠤ ᠬᠡᠷᠡᠭᠯᠡᠵᠦ᠂ ᠠᠷᠠᠳ ᠤᠨ ᠠᠮᠢᠳᠤᠷᠠᠯ ᠳᠤ ᠬᠡᠷᠡᠭᠯᠡᠵᠦ᠂ ᠬᠥᠭᠵᠢᠯᠲᠡ ᠳᠤ ᠰᠡᠯᠭᠦᠬᠦ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠳᠤ ᠳᠠᠭᠠᠷᠠᠭᠰᠠᠨ ᠬᠥᠮᠦᠨ ᠳᠤ ᠳᠠᠬᠤ ᠬᠦᠷᠭᠡᠨ᠎ᠡ᠃      ᠲᠥᠯᠥᠭᠡᠯᠡᠭᠴᠢᠳ ᠡ᠂ ᠰᠠᠯᠬᠢ ᠲᠥᠪ ᠴᠠᠭ ᠢ ᠠᠮᠵᠢᠵᠤ᠂ ᠳᠠᠪᠠᠯᠭᠠᠨ ᠢ ᠵᠦᠰᠦᠨ ᠤᠷᠤᠭᠰᠢᠯᠠᠨ᠎ᠠ︔ ᠡᠭᠦᠷᠭᠡ ᠬᠦᠨᠳᠦ ᠵᠠᠮ ᠬᠤᠯᠠ ᠳᠤᠯᠠ ᠬᠤᠷᠳᠤᠨ ᠮᠣᠷᠢᠨ ᠳᠤ ᠲᠠᠰᠢᠭᠤᠷ ᠨᠡᠮᠡᠬᠦ ᠨᠢ ᠨᠡᠩ ᠴᠢᠬᠤᠯᠠ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠪᠠᠲᠤ ᠰᠠᠬᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠬᠥᠭᠵᠢᠨ ᠮᠠᠨᠳᠤᠬᠤ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕      ᠨᠡᠷ᠎ᠡ ᠦᠭᠡ ᠶᠢᠨ ᠲᠠᠶᠢᠯᠪᠤᠷᠢ      1. ᠬᠤᠶᠠᠷ ᠶᠡᠭᠡ ᠶᠠᠪᠤᠳᠠᠯ᠄ ᠨᠢᠭᠡ ᠳᠤ ︽ᠲᠠᠪᠤᠨ ᠶᠡᠭᠡ ᠡᠭᠦᠷᠭᠡ︾᠂ ᠲᠤᠬᠠᠶᠢᠯᠠᠪᠠᠯ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠎ᠠ︔ ᠬᠤᠶᠠᠷ ᠲᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃      2. ᠬᠤᠶᠠᠷ ᠬᠦᠷᠢᠶᠡᠯᠡᠩ ᠬᠤᠶᠠᠷ ᠲᠣᠭᠤᠷᠢᠭ᠄ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ ᠬᠦᠷᠢᠶᠡᠯᠡᠩ︾᠂ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠂ ᠣᠲᠣ ᠦᠶ᠎ᠡ ᠶᠢᠨ ᠪᠠᠷᠠᠭᠠᠨ ᠤ  ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾᠃      3. ᠵᠡᠮᠳᠡᠭᠴᠦᠳ  ᠤᠨ ︽ᠬᠤᠶᠠᠷ ᠵᠦᠢᠯ ᠤᠨ ᠨᠥᠬᠦᠪᠥᠷᠢ︾᠄ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ‍ᠤᠨ‌ᠨᠥ᠋ᠬᠦᠪᠥᠷᠢ ᠪᠣᠯᠤᠨ ᠬᠦᠨᠳᠦ ᠵᠡᠮᠳᠡᠭᠴᠦᠳ  ᠎ ᠤᠨ ᠰᠤᠪᠢᠯᠠᠯᠲᠠ ᠶᠢᠨ ᠨᠥᠬᠦᠪᠥᠷᠢ ᠶᠢ ᠵᠢᠭᠠᠵᠤ ᠪᠤᠢ᠃      4. ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ᠄ ᠬᠢᠴᠢᠶᠡᠯ ᠤᠨ ᠪᠢᠴᠢᠭ ᠢ ᠰᠦᠢᠳᠭᠡᠯ ᠬᠤᠷᠢᠶᠠᠬᠤ ᠥᠬᠡᠶ ᠪᠠᠷ ᠬᠠᠩᠭᠠᠵᠤ᠂ ᠰᠤᠯᠠ ᠵᠠᠷᠤᠳᠠᠯ ᠢ ᠭᠡᠯᠳᠦᠷᠢᠭᠦᠯᠵᠦ᠂ ᠵᠣᠬᠢᠬᠤ ᠬᠡᠮᠵᠢᠶᠡᠨ ᠤ ᠠᠮᠢᠳᠤᠷᠠᠯ ᠤᠨ ᠵᠠᠷᠤᠳᠠᠯ ᠢ ᠨᠥᠬᠦᠪᠥᠷᠢᠯᠡᠨ᠎ᠡ᠃      5. ᠵᠠᠮ ᠬᠠᠷᠢᠯᠴᠠᠭᠠᠨ ᠤ ᠪᠠᠲᠤᠯᠠᠭᠠᠲᠤ ᠠᠰᠠᠷ᠄ ᠠᠰᠠᠷ ᠤᠨ ᠲᠠᠪᠠᠭ ᠢ ᠪᠣᠯᠵᠤᠭ᠎ᠠ ᠶᠣᠰᠣᠭᠠᠷ ᠴᠢᠨᠠᠷ ᠲᠤᠭ᠎ᠠ ᠶᠣᠰᠣᠭᠠᠷ ᠲᠤᠰᠢᠶᠠᠬᠤ ᠶᠢ ᠦᠨᠡᠨᠬᠦ ᠪᠠᠲᠤᠯᠠᠨ᠎ᠠ᠃      6. ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ ᠢ ᠵᠢᠭᠠᠵᠤ ᠪᠠᠶᠢᠨ᠎ᠠ᠂ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠠᠶᠢᠨ᠎ᠠ᠂ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠳᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃      7. ᠮᠢᠩᠭᠠᠨ ᠵᠦᠢᠯ ᠤᠨ ᠠᠮᠠᠯᠠᠯᠲᠠ᠄ 2023 ᠣᠨ ᠳᠤ ᠤᠯᠠᠭᠠᠨᠴᠠᠪ ᠬᠤᠲᠠ ︽ᠤᠯᠠᠭᠠᠨᠴᠠᠪ ᠬᠤᠲᠠ ᠶᠢᠨ ︿ᠮᠢᠩᠭᠠᠨ ᠵᠦᠢᠯ ᠤᠨ ᠠᠮᠠᠯᠠᠯᠲᠠ﹀᠎ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭᠠᠨ ᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 1225  ᠵᠦᠢᠯ ᠤᠨ ᠠᠮᠠᠯᠠᠯᠲᠠ ᠭᠠᠷᠭᠠᠪᠠ᠃      8. ︽ᠬᠤᠶᠠᠷ ᠰᠢᠯᠢᠳᠡᠭ︾᠎ ᠤᠨ ᠲᠤᠰᠬᠠᠶ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠵᠢᠭᠠᠵᠤ ᠪᠣᠶ᠃      9. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ ᠴᠣᠠᠠᠴᠠᠵᠢᠭᠤᠯᠬᠤ ᠢᠨᠵᠧᠨᠧᠷᠢᠩ᠂ ᠳᠤᠯᠠᠭᠠᠨ ᠪᠦᠯᠢᠶᠡᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃      10. ︽ᠬᠤᠶᠠᠷ ᠠᠭᠤᠯᠠ︾᠄ 2005 ᠣᠨ ᠳᠤ ᠰᠢ ᠶᠢᠨ ᠫᠢᠩ ᠶᠡᠷᠦᠩᠬᠡᠶ ᠱᠦᠵᠢ ᠶᠢᠨ ᠠᠩᠬ᠎ᠠ ᠤᠳᠠᠭ᠎ᠠ ᠳᠤᠷᠠᠳᠤᠨ ᠭᠠᠷᠭᠠᠭᠰᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ ᠮᠥᠩᠭᠦᠨ ᠠᠭᠤᠯᠠ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠵᠢᠭᠠᠵᠤ ᠪᠠᠶᠢᠨ᠎ᠠ᠃      11. ︽ᠭᠤᠷᠪᠠᠨ ᠤᠮᠠᠷᠠᠲᠤ︾᠎ ᠶᠢᠨ ᠢᠨᠵᠧᠨᠧᠷᠢᠩ᠄ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠳᠤ ᠪᠠᠶᠢᠭᠤᠯᠤᠭᠰᠠᠨ ᠳᠤᠮᠤ ᠬᠡᠯᠪᠡᠷᠢ ᠶᠢᠨ ᠵᠣᠬᠢᠶᠠᠮᠠᠯ ᠤᠢ ᠰᠢᠭᠤᠶ ᠶᠢᠨ ᠠᠮᠢ ᠠᠬᠤᠶ ᠶᠢᠨ ᠢᠨᠵᠧᠨᠧᠷᠢᠩ ᠢ ᠵᠢᠭᠠᠵᠤ ᠪᠠᠶᠢᠨ᠎ᠠ᠃      12. ︽ᠳᠥᠷᠪᠡᠨ ᠨᠢᠭᠡ︾᠎ ᠶᠢᠨ ᠠᠵᠢᠯ ᠤᠨ ᠲᠣᠭᠲᠠᠴᠠ᠄ ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ ᠂ ᠨᠢᠭᠡ ᠢᠵᠢ ᠲᠤᠰᠬᠠᠶ ᠠᠩᠭᠢ᠂ ᠡᠴᠦᠰ ᠲᠤᠨᠢ ᠲᠤᠯᠲᠠᠯ᠎ᠠ ᠠᠳᠬᠤᠬᠤ ᠲᠥᠷᠥᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡᠨ ᠤ ᠲᠣᠭᠲᠠᠴᠠ ᠶᠢ ᠵᠢᠭᠠᠵᠤ ᠪᠣᠶ᠃      13. ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ᠄ ᠲᠣᠭᠤᠰᠣ ᠠᠷᠢᠯᠭᠠᠬᠤ ᠶᠢ ᠨᠢᠭᠲᠠ ᠪᠢᠲᠡᠭᠦᠮᠵᠢᠯᠡᠬᠦ᠂ ᠡᠨᠧᠷᠭᠢ ᠶᠢᠨ ᠬᠤᠷᠣᠭᠳᠠᠯ ᠤᠨ ᠬᠡᠮᠵᠢᠭᠳᠡᠯ ᠢ ᠬᠡᠪ ᠳᠠᠭᠤᠷᠢᠶᠠᠯᠵᠢᠭᠤᠯᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ᠂ ᠤᠶᠤᠨᠵᠢᠭᠤᠯᠬᠤ᠂ ᠨᠣᠭᠤᠭᠠᠨ ᠡᠨᠧᠷᠭᠢᠵᠢᠭᠦᠯᠬᠦ᠃      14. ︽ᠭᠤᠷᠪᠠ ᠥᠬᠡᠶ︾ ᠭᠠᠵᠠᠷ ᠰᠢᠷᠣᠶ᠄ ᠵᠥᠪᠰᠢᠶᠡᠷᠡᠭᠰᠡᠨ ᠪᠣᠯᠪᠠᠴᠤ ᠲᠠᠲᠠᠪᠤᠷᠢᠯᠠᠭᠰᠠᠨ ᠥᠬᠡᠶ᠂ ᠲᠠᠲᠠᠪᠤᠷᠢᠯᠠᠭᠰᠠᠨ ᠪᠣᠯᠪᠠᠴᠤ ᠬᠠᠩᠭᠠᠭᠰᠠᠨ ᠥᠬᠡᠶ᠂ ᠬᠠᠩᠭᠠᠭᠰᠠᠨ ᠪᠣᠯᠪᠠᠴᠤ ᠬᠡᠷᠡᠭᠯᠡᠭᠰᠡᠨ ᠥᠬᠡᠶ ᠭᠠᠵᠠᠷ ᠰᠢᠷᠣᠶ ᠶᠢ ᠵᠢᠭᠠᠵᠤ ᠪᠣᠶ᠃      15. ᠴᠡᠭ ᠬᠡᠯᠪᠡᠷᠢ ᠪᠠᠷ ᠭᠠᠵᠠᠷ ᠬᠠᠩᠭᠠᠬᠤ᠄ ᠴᠡᠭ ᠬᠡᠯᠪᠡᠷᠢ ᠪᠠᠷ ᠭᠠᠵᠠᠷ ᠬᠠᠩᠭᠠᠬᠤ ᠪᠣᠯ ᠨᠢᠭᠡ ᠵᠦᠢᠯ ᠤᠨ ᠭᠠᠵᠠᠷ ᠰᠢᠷᠣᠶ ᠤᠯᠬᠤ ᠰᠢᠨ᠎ᠡ ᠠᠷᠭ᠎ᠠ ᠮᠠᠶ᠋ᠢᠭ ᠮᠥᠨ᠂ ᠴᠡᠭ ᠬᠡᠯᠪᠡᠷᠢ ᠶᠢ ᠤᠤᠯ ᠤᠨ ᠬᠡᠰᠡᠭ ᠬᠡᠯᠪᠡᠷᠢ ᠲᠠᠢ ᠬᠠᠷᠢᠴᠠᠭᠤᠯᠵᠤ ᠬᠡᠯᠡᠭᠰᠡᠨ ᠶᠤᠮ᠃ ᠴᠡᠭ ᠬᠡᠯᠪᠡᠷᠢ ᠪᠠᠷ ᠭᠠᠵᠠᠷ ᠬᠠᠩᠭᠠᠬᠤ ᠳᠤ ᠲᠥᠷᠥᠯ ᠵᠦᠢᠯ ᠳᠤ ᠬᠡᠷᠡᠭᠯᠡᠬᠦ ᠭᠠᠵᠠᠷ ᠣᠷᠣᠨ ᠢ ᠡᠭᠦᠷᠢᠳᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠮᠢ ᠠᠬᠤᠶ ᠶᠢᠨ ᠦᠯᠡᠳᠡᠭᠡᠯ ᠳᠤ ᠬᠡᠷᠡᠭᠯᠡᠬᠦ ᠭᠠᠵᠠᠷ ᠭᠡᠵᠦ ᠬᠤᠪᠢᠶᠠᠨ᠎ᠠ᠂ ᠡᠭᠦᠨ ᠳᠤ ᠡᠭᠦᠷᠢᠳᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠬᠡᠳᠦᠶ ᠪᠠᠶᠢᠭᠤᠯᠪᠠᠯ ᠲᠡᠳᠦᠶ ᠶᠢ ᠬᠠᠩᠭᠠᠵᠤ᠂ ᠦᠯᠡᠳᠡᠭᠰᠡᠨ ᠬᠡᠰᠡᠭ ᠢ ᠨᠢ ᠲᠠᠲᠠᠪᠤᠷᠢᠯᠠᠬᠤ ᠠᠴᠠ ᠪᠢᠰᠢ ᠰᠢᠯᠵᠢᠭᠦᠯᠬᠦ ᠥᠬᠡᠶ ᠪᠠᠶᠢᠵᠤ ᠪᠣᠯᠤᠨ᠎ᠠ᠂ ᠲᠦᠷᠢᠶᠡᠰᠦᠯᠡᠬᠦ᠂ ᠬᠤᠪᠢᠶᠠᠷᠢᠯᠠᠨ ᠰᠠᠯᠭᠠᠬᠤ᠂ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠥᠷᠥᠯ  ᠵᠦᠢᠯ ᠤᠨ ᠥᠮᠴᠢᠲᠡᠨ ᠳᠤ ᠬᠡᠷᠡᠭᠯᠡᠭᠦᠯᠦᠨ᠎ᠡ᠃      16. ᠮᠢᠩᠭᠠᠨ ᠲᠦᠮᠡᠨ ᠢᠨᠵᠧᠨᠧᠷᠢᠩ᠄ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠂ ᠡᠨᠡ ᠪᠣᠯ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠤ ᠵᠧᠵᠢᠶᠠᠩ ᠤᠨ ᠦᠨᠳᠦᠰᠦᠨ ᠱᠠᠲᠤᠨ ᠤ ᠬᠥᠳᠡᠭᠡ ᠲᠣᠰᠬᠤᠨ ᠳᠠᠬᠢ ᠠᠮᠵᠢᠯᠲᠠᠲᠠᠶ ᠦᠢᠯᠡᠳᠦᠯᠭᠡ ᠮᠥᠨ᠃      17. ︽135︾᠎ ᠶᠢᠨ ᠠᠵᠢᠯᠯᠠᠭ᠎ᠠ᠄ ᠲᠤᠬᠠᠶᠢᠯᠠᠪᠠᠯ ᠪᠠᠶᠢᠩᠭᠤ ᠰᠠᠭᠤᠭ᠎ᠠ ᠬᠥᠮᠦᠨ ᠠᠮᠠ ᠶᠢᠨ 1 ᠮᠢᠩᠭ᠎ᠠ ᠠᠴᠠ ᠳᠡᠭᠡᠭᠰᠢ ᠬᠥᠮᠦᠨ ᠠᠴᠠ ᠳᠡᠭᠡᠭᠰᠢ ᠬᠤᠭ ᠨᠣᠪᠰᠢ ᠶᠢ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ ᠵᠠᠰᠠᠭ ᠵᠠᠬᠢᠷᠭᠠᠨ ᠤ ᠲᠣᠰᠬᠤᠨ ᠪᠠ 3 ᠮᠢᠩᠭ᠎ᠠ ᠠᠴᠠ ᠳᠡᠭᠡᠭᠰᠢ ᠬᠥᠮᠦᠨ ᠠᠴᠠ ᠳᠡᠭᠡᠭᠰᠢ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ ᠵᠠᠰᠠᠭ ᠵᠠᠬᠢᠷᠭᠠᠨ ᠤ ᠲᠣᠰᠬᠤᠨ ᠢ ᠵᠠᠷᠴᠢᠮ ᠳᠡᠭᠡᠷ᠎ᠡ ᠪᠠᠨ 5 ᠵᠢᠯ ᠤᠨ ᠳᠣᠲᠣᠷ᠎ᠠ ᠲᠥᠪᠯᠡᠷᠡᠭᠦᠯᠦᠨ ᠵᠠᠰᠠᠬᠤ ᠶᠢ ᠪᠡᠶᠡᠯᠡᠭᠦᠯᠦᠨ᠎ᠡ᠃      18. ᠨᠢᠭᠡ ᠣᠷᠣᠨ ᠰᠠᠭᠤᠴᠠ ᠶᠢ ᠳᠥᠷᠪᠡᠨ ᠬᠦᠷᠢᠶᠡᠯᠡᠩ ᠪᠣᠯᠭᠠᠨ᠎ᠠ᠄ ᠲᠤᠬᠠᠶᠢᠯᠠᠪᠠᠯ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠴᠡᠴᠡᠷᠯᠢᠭ ᠤᠨ ᠬᠦᠷᠢᠶᠡᠯᠡᠩ ᠪᠠ ᠵᠤᠭᠠᠴᠠᠯ ᠤᠨ ᠬᠦᠷᠢᠶᠡᠯᠡᠩ ᠪᠣᠯᠭᠠᠨ᠎ᠠ᠃      19. ︽ᠳᠥᠷᠪᠡ ᠶᠢ ᠠᠪᠴᠤ ᠬᠠᠶᠠᠬᠤ ᠥᠬᠡᠶ︾᠄ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠬᠠᠷᠢᠭᠤᠴᠠᠯᠭ᠎ᠠ ᠶᠢ ᠨᠢ ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠲᠥᠷᠥ ᠶᠢᠨ ᠪᠣᠳᠣᠯᠭ᠎ᠠ ᠶᠢ ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠬᠠᠪᠰᠤᠷᠤᠨ ᠲᠡᠳᠬᠦᠬᠦ  ᠶᠢ ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠬᠢᠨᠠᠯᠲᠠ ᠬᠠᠮᠢᠶᠠᠷᠤᠯᠲᠠ ᠶᠢ ᠠᠪᠴᠤ ᠬᠠᠶᠠᠬᠤ ᠥᠬᠡᠶ᠃      20.  ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠬᠢᠵᠢᠭᠦᠯᠦᠨ᠎ᠡ᠄ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃      21. ᠬᠤᠶᠠᠷ ᠢ ᠥᠨᠳᠥᠷ ᠪᠠᠶᠢᠯᠭᠠᠬᠤ ᠪᠠ ᠬᠤᠶᠠᠷ ᠢ ᠳᠡᠭᠡᠭᠰᠢᠯᠡᠭᠦᠯᠬᠦ᠄ ︽ᠬᠤᠶᠠᠷ ᠢ ᠥᠨᠳᠥᠷ ᠪᠠᠶᠢᠯᠭᠠᠬᠤ︾ ᠭᠡᠳᠡᠭ ᠨᠢ ᠶᠠᠳᠠᠭᠤ ᠠᠴᠠ ᠠᠩᠭᠢᠵᠢᠷᠠᠭᠤᠯᠤᠭᠰᠠᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ᠂ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠤᠯᠤᠰ ᠤᠨ ︽ᠬᠤᠶᠠᠷ ᠢ ᠳᠡᠭᠡᠭᠰᠢᠯᠡᠭᠦᠯᠬᠦ︾᠎ ᠨᠢ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠪᠣᠯᠤᠨ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠬᠠᠷᠢᠴᠠᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠳ ᠪᠣᠯᠤᠨ ᠪᠦᠬᠦ ᠤᠯᠤᠰ ᠤᠨ ᠲᠠᠷᠢᠶᠠᠴᠢᠳ ᠤᠨ ᠣᠷᠣᠯᠭ᠎ᠠ ᠶᠢᠨ ᠬᠠᠷᠢᠴᠠᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠵᠢᠭᠠᠵᠤ ᠪᠠᠶᠢᠨ᠎ᠠ᠃      22. ᠭᠤᠷᠪᠠᠨ ᠬᠦᠪᠡᠭᠡ ᠲᠤᠯᠤᠭᠠᠨ ᠣᠷᠣᠨ᠄ ᠲᠡᠮᠤᠷ ᠵᠠᠮ᠂ ᠲᠦᠷᠭᠡᠨ ᠳᠠᠪᠬᠢᠬᠤ ᠵᠠᠰᠠᠮᠠᠯ ᠵᠠᠮ ᠪᠠ ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠰᠤᠮᠤᠨ ᠤ ᠵᠠᠰᠠᠮᠠᠯ ᠵᠠᠮ ᠤᠨ ᠬᠤᠶᠠᠷ ᠬᠠᠵᠠᠭᠤ᠂ ᠠᠶᠢᠯ ᠲᠣᠰᠬᠤᠨ ᠤ ᠡᠷᠬᠢᠨ ᠲᠣᠭᠤᠷᠢᠨ᠂ ᠭᠤᠣᠯ ᠮᠥᠷᠡᠨ᠂ ᠤᠰᠤᠨ ᠴᠥᠭᠦᠷᠥᠮ ᠤᠨ ᠡᠷᠭᠢ ᠳᠠᠭᠠᠤ ᠡᠷᠭᠢ ᠶᠢ ᠬᠡᠯᠡᠵᠦ ᠪᠠᠶᠢᠨ᠎ᠠ︔ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠠᠯᠳᠠᠷᠲᠤ ᠦᠵᠡᠮᠵᠢ ᠶᠢᠨ ᠣᠷᠣᠨ᠂ ᠲᠥᠪᠯᠡᠷᠡᠭᠰᠡᠨ ᠣᠷᠣᠨ ᠰᠠᠭᠤᠴᠠ ᠶᠢᠨ ᠲᠣᠭᠤᠷᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠳᠠ ᠶᠢᠨ ᠲᠥᠯᠥᠪᠵᠢᠭᠦᠯᠭᠡ ᠶᠢᠨ ᠲᠣᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠃      23. ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃      24. ᠲᠠᠪᠤᠨ ᠶᠡᠭᠡ ᠡᠭᠦᠳᠦᠨ ᠪᠠᠶᠢᠭᠤᠯᠬᠤ᠄ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠬᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠭᠠᠵᠤ ᠪᠣᠶ᠃      25. ᠠᠶᠤᠯ ᠥᠬᠡᠶ ᠦᠢᠯᠡᠳᠪᠦᠷᠢᠯᠡᠯ ᠤᠨ ︽ᠲᠠᠪᠤᠨ ᠵᠦᠢᠯ ᠤᠨ ᠲᠣᠭᠲᠠᠴᠠ︾᠄ ᠠᠶᠤᠯ ᠥᠬᠡᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ᠂ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠠᠶᠤᠯ ᠥᠬᠡᠶ  ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ᠃      26. ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠲᠤᠬᠠᠶᠢᠯᠠᠪᠠᠯ ᠤᠳᠤᠷᠢᠳᠬᠤ ᠺᠠᠳ᠋ᠷᠴᠤᠳ ᠤᠨ ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠤᠬᠠᠭᠤᠯᠵᠤ ᠦᠨᠳᠦᠰᠦᠨ ᠱᠠᠲᠤᠨ ᠳᠤ ᠣᠴᠢᠭᠤᠯᠵᠤ᠂ ᠪᠠᠶᠢᠴᠠᠭᠠᠨ ᠰᠤᠳᠤᠯᠤᠯᠲᠠ ᠬᠢᠵᠦ ᠦᠨᠳᠦᠰᠦᠨ ᠱᠠᠲᠤᠨ ᠳᠤ ᠣᠴᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠣᠴᠢᠭᠤᠯᠵᠤ᠂ ᠲᠤᠬᠠᠶ ᠶᠢᠨ ᠲᠠᠯᠠᠪᠤᠷ ᠲᠤ ᠠᠯᠪᠠᠯᠠᠵᠤ ᠦᠨᠳᠦᠰᠦᠨ ᠱᠠᠲᠤᠨ ᠳᠤ ᠣᠴᠢᠭᠤᠯᠬᠤ︾ ᠪᠣᠯ ᠰᠢ ᠶᠢᠨ ᠫᠢᠩ ᠶᠡᠷᠦᠩᠬᠡᠶ ᠱᠦᠵᠢ ᠶᠢᠨ ᠹᠦᠵᠢᠶᠠᠨ ᠤ ᠨᠢᠩᠳᠤ ᠳᠤ ᠠᠵᠢᠯᠯᠠᠵᠤ ᠪᠠᠶᠢᠬᠤ ᠳᠠᠭᠠᠨ ᠶᠡᠭᠡ ᠪᠠᠷ ᠰᠠᠨᠠᠭᠠᠴᠢᠯᠠᠭᠰᠠᠨ ᠪᠥᠭᠡᠳ ᠪᠡᠶ᠎ᠡ ᠪᠠᠷ ᠢᠶᠠᠨ ᠬᠡᠷᠡᠭᠵᠢᠭᠦᠯᠵᠦ ᠪᠠᠶᠢᠭᠠᠳ ᠪᠦᠷᠢᠯᠳᠦᠭᠦᠯᠦᠭᠰᠡᠨ ᠠᠵᠢᠯᠯᠠᠬᠤ ᠠᠷᠭ᠎ᠠ ᠪᠠ ᠠᠵᠢᠯ ᠤᠨ ᠲᠦᠷᠢᠮ ᠮᠥᠨ᠃      27. ︽1+2+N︾ ᠲᠣᠭᠲᠠᠴᠠ᠄ ᠳᠠᠷᠤᠶ 1 ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ 2 ᠲᠤᠰᠠᠯᠠᠬᠤ ᠴᠠᠭᠳᠠᠭ᠎ᠠ ᠶᠢ ᠳᠠᠭᠠᠭᠤᠯᠵᠤ᠂ ᠡᠳᠦᠶ ᠲᠡᠳᠦᠶ ᠰᠦᠯᠵᠢᠶᠡᠨ ᠤ ᠠᠵᠢᠯᠲᠠᠨ ᠳᠠᠭᠠᠭᠤᠯᠤᠨ᠎ᠠ᠃      28. ᠬᠠᠷᠮᠠᠨ ᠴᠡᠴᠡᠷᠯᠢᠭ᠄ ᠪᠠᠰᠠ ᠪᠢᠴᠢᠯ ᠴᠡᠴᠡᠷᠯᠢᠭ ᠭᠡᠳᠡᠭ᠂ ᠡᠨᠡ ᠪᠣᠯ ᠨᠢᠭᠡ ᠵᠦᠢᠯ ᠤᠨ ᠬᠡᠪᠴᠢᠶ᠎ᠡ ᠪᠠᠷ ᠮᠠᠰᠢ ᠪᠠᠭ᠎ᠠ ᠬᠤᠲᠠ ᠶᠢᠨ ᠨᠡᠭᠡᠭᠡᠯᠲᠡ ᠶᠢᠨ ᠣᠷᠣᠨ ᠵᠠᠶ ᠪᠣᠯᠤᠨ᠎ᠠ᠂ ᠦᠷᠭᠦᠯᠵᠢ ᠲᠣᠯᠪᠣᠲᠤ ᠬᠡᠯᠪᠡᠷᠢ ᠪᠠᠷ ᠪᠤᠲᠠᠷᠠᠨ ᠰᠠᠷᠨᠢᠬᠤ ᠪᠤᠶᠤ ᠬᠤᠲᠠ ᠶᠢᠨ ᠪᠦᠲᠦᠴᠡ ᠳᠤ ᠨᠢᠭᠤᠭᠳᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠰᠢᠭᠤᠳ ᠦᠢᠯᠡᠴᠢᠯᠡᠨ᠂ ᠣᠷᠴᠢᠨ ᠲᠣᠭᠤᠷᠢᠨ ᠢᠶᠠᠨ ᠭᠤᠶᠤᠵᠢᠭᠤᠯᠬᠤ᠂ ᠣᠯᠠᠨ ᠨᠡᠶᠢᠲᠡ ᠶᠢᠨ ᠬᠠᠷᠢᠯᠴᠠᠭ᠎ᠠ ᠶᠠᠪᠤᠯᠴᠠᠭ᠎ᠠ᠂ ᠵᠤᠭ᠎ᠠ ᠴᠡᠩᠭᠡᠯ᠂ ᠰᠣᠶᠣᠯ ᠤᠨ ᠦᠵᠡᠭᠦᠯᠦᠯᠭᠡ ᠵᠡᠷᠭᠡ ᠴᠢᠳᠠᠮᠵᠢ ᠶᠢ ᠬᠠᠩᠭᠠᠵᠤ ᠪᠣᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3