ᠰᠢᠩ ᠾᠧ ᠰᠢᠶᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ ᠤᠨ ᠬᠥᠮᠦᠨ ᠤ ᠬᠦᠴᠦ ᠪᠠᠷ ᠪᠣᠷᠣᠭᠠᠨ ᠨᠡᠮᠡᠭᠳᠡᠭᠦᠯᠬᠦ ᠠᠵᠢᠯ ᠤᠨ ᠠᠯᠪᠠᠨ ᠵᠠᠷ
ᠨᠡᠶᠢᠲᠡᠯᠡᠭᠰᠡᠨ ᠴᠠᠭ᠄
2024/3/7
      ᠰᠢᠩ ᠾᠧ ᠰᠢᠶᠠᠨ ᠤ 2024 ᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠳᠠᠯ ᠥᠬᠡᠶ ᠪᠥᠬᠦ ᠲᠠᠯ᠎ᠠ ᠪᠠᠷ ᠡᠬᠢᠯᠡᠬᠦ ᠭᠡᠵᠦ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠦᠷᠢᠮ︾ ᠤᠨ ᠠᠷᠪᠠᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠬᠠᠷᠢᠶ᠎ᠠ ᠲᠣᠭᠤᠷᠢᠭ ᠤᠨ ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠨᠴᠠᠭᠠᠶᠢᠯᠠᠨ ᠳᠣᠤᠷᠠᠬᠢ ᠮᠡᠲᠦ ᠵᠠᠷᠯᠠᠶ᠎ᠠ᠄      1. ᠪᠥᠬᠦ ᠰᠢᠶᠠᠨ ᠤ ᠬᠡᠪᠴᠢᠶᠡᠨ ᠳᠠᠬᠢ ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠬᠦ ᠠᠵᠢᠯ 2024 ᠣᠨ ᠤ 4 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃      2. ᠬᠥᠮᠦᠨ ᠤ ᠬᠦᠴᠦ ᠪᠠᠷ ᠪᠣᠷᠣᠭᠠᠨ ︵ᠴᠠᠰᠤ︶ ᠨᠡᠮᠡᠭᠳᠡᠭᠦᠯᠬᠦ ᠠᠵᠢᠯ ᠤᠨ ᠣᠷᠣᠨ ᠪᠦᠰᠡ᠄ ᠰᠢᠩ ᠾᠧ ᠰᠢᠶᠠᠨ ᠤ ᠬᠠᠷᠢᠶ᠎ᠠ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ᠃      3. ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠲᠣᠨᠣᠭᠯᠠᠯ ᠢ ᠲᠡᠶᠢᠷᠦᠯᠳᠦ ᠰᠤᠮᠤ᠂ ᠭᠤᠷᠪᠠ ᠲᠤᠯᠤᠭ᠎ᠠ ᠶᠢᠨ ᠥᠨᠳᠥᠷ ᠫᠤᠤᠳᠠᠬᠤ ᠶᠡᠭᠡ ᠫᠤᠤ ᠭᠡᠨ᠎ᠡ᠃      4. ᠥᠷᠭᠡᠨ ᠤᠯᠠᠨ ᠲᠦᠮᠡᠨ ᠬᠡᠷᠪᠡ ᠮᠠᠨ ᠤ ᠰᠢᠶᠠᠨ ᠤ ᠬᠠᠷᠢᠶᠠᠨ ᠳᠠᠬᠢ ᠭᠠᠵᠠᠷ ᠣᠷᠣᠨ ᠠᠴᠠ ᠰᠠᠭᠠᠳ ᠭᠠᠷᠴᠤ ᠪᠣᠷᠣᠭᠠᠨ ᠨᠡᠮᠡᠭᠳᠡᠬᠦ ᠲᠡᠶᠢᠷᠦᠯᠳᠦ ᠰᠤᠮᠤ ᠶᠢᠨ ᠭᠠᠵᠠᠷ ᠤᠨᠠᠭᠰᠠᠨ ᠰᠡᠵᠢᠭᠯᠡᠯᠲᠡᠶ ᠶᠠᠭᠤᠮ᠎ᠠ ᠶᠢ ᠣᠯᠵᠤ ᠮᠡᠳᠡᠭᠰᠡᠨ ᠪᠤᠶᠤ ᠲᠡᠭᠦᠵᠦ ᠣᠯᠤᠭᠰᠠᠨ ᠪᠠᠶᠢᠪᠠᠯ᠂ ᠪᠢᠲᠡᠭᠡᠶ ᠥᠪᠡᠷ ᠢᠶᠠᠨ ᠵᠠᠳᠠᠯᠤᠨ ᠪᠠᠭᠤᠯᠭᠠᠵᠤ᠂ ᠰᠠᠷᠢᠭᠠᠯᠠᠵᠤ᠂ ᠬᠤᠳᠠᠯᠳᠤᠨ ᠠᠪᠤᠭᠠᠷᠠᠶ᠂ ᠰᠢᠩ ᠾᠧ ᠰᠢᠶᠠᠨ ᠤ ᠴᠠᠭ ᠠᠭᠤᠷ ᠤᠨ ᠭᠠᠶ ᠭᠠᠮᠰᠢᠭ ᠢ ᠰᠡᠷᠭᠡᠶᠢᠯᠡᠬᠦ ᠲᠥᠪ ᠲᠤ ᠲᠦᠷᠭᠡᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃      5. ᠬᠡᠷᠪᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠵᠦ ᠠᠵᠢᠯᠯᠠᠬᠤ ᠳᠤ ᠬᠡᠷᠡᠭᠯᠡᠬᠦ ᠰᠤᠮᠤ ᠳᠠᠷᠢ ᠠᠴᠠ ᠪᠣᠯᠤᠭᠰᠠᠨ ᠬᠥᠮᠦᠨ ᠤ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠵᠡᠷᠭᠡ ᠭᠡᠨᠡᠳᠲᠡ ᠶᠢᠨ ᠠᠳᠡᠯ ᠭᠠᠷᠪᠠᠯ᠂ ᠲᠤᠬᠠᠶ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠶᠢᠨ ᠬᠠᠮᠲᠤ ᠴᠠᠭ ᠲᠤᠬᠠᠶ ᠳᠤᠨᠢ ᠰᠢᠩ ᠾᠧ ᠰᠢᠶᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ ᠪᠣᠯᠤᠨ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠮᠡᠳᠡᠭᠳᠡᠭᠡᠷᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠬᠠᠷᠢᠯᠴᠠᠬᠤ ᠤᠲᠠᠰᠤ᠄ 15849164489      ᠬᠠᠷᠢᠯᠴᠠᠬᠤ ᠬᠥᠮᠦᠨ᠄ ᠯᠦ ᠴᠤᠤ                  ᠰᠢᠩ ᠾᠧ ᠰᠢᠶᠠᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠪ                                2024 ᠣᠨ ᠤ 3 ᠰᠠᠷ᠎ᠠ ᠶᠢᠨ 6 ᠤ ᠡᠳᠦᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3