ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠪᠥᠬᠦᠳᠡ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠ︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | -- 2024 ᠣᠨ ᠤ 1 ᠰᠠᠷ᠎ᠠ ᠶᠢᠨ 23 ᠤ ᠡᠳᠦᠷ ᠰᠢᠩ ᠾᠧ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠰᠢᠶᠠᠨ ᠤ ᠳᠠᠷᠤᠭ᠎ᠠ ᠯᠢ ᠺᠠᠶ ᠳ᠋ᠦᠩ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠳᠤ ᠰᠢᠨ᠎ᠡ ᠪᠠᠷ ᠳᠡᠯᠭᠡᠷᠡᠭᠰᠡᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ ᠬᠤᠭᠤᠴᠠᠭ᠎ᠠ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠶ ᠶᠢ | ᠰᠡᠷᠭᠦᠭᠡᠨ ᠬᠥᠭᠵᠢᠭᠦᠯᠬᠦ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠰᠢᠶᠠᠨ ᠤ ᠨᠠᠮ ᠤᠨ ᠬᠤᠷᠢᠶᠠᠨ ᠤ | ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠴᠢᠩᠭ᠎ᠠ | ᠲᠦᠰᠢᠭᠯᠡᠨ ᠳᠠᠭᠠᠭᠤᠯᠵᠤ᠂ ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠭᠤᠶᠢᠪᠢᠰᠢ | ᠦᠭᠡᠢ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠢᠯᠡᠳᠲᠡ ᠦᠷ᠎ᠡ | ᠪᠦᠲᠦᠮᠵᠢ ᠣᠯᠵᠠᠢ᠃ | ︵ᠨᠢᠭᠡ︶ ᠠᠵᠤ ᠠᠬᠤᠶ ᠶᠢᠨ ᠳᠡᠭᠡᠭᠰᠢᠯᠡᠯᠲᠡ ᠶᠢᠨ ᠬᠠᠨᠳᠤᠰᠢ ᠰᠠᠶᠢᠵᠢᠷᠠᠪᠠ᠃ ᠪᠥᠬᠦ ᠰᠢᠶᠠᠨ ᠤ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 81.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ | ᠬᠤᠶᠠᠳᠤᠭᠠᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 26.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ | ᠬᠤᠶᠠᠳᠤᠭᠠᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 2% ᠨᠡᠮᠡᠭᠳᠡᠵᠦ᠂ ᠪᠥᠬᠦ ᠬᠤᠲᠠ ᠶᠢᠨ ᠠᠷᠪᠠᠨ ᠨᠢᠭᠡᠳᠦᠭᠡᠷ ᠲᠤ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 11.75 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠪᠦᠬᠦ ᠬᠤᠳᠠ ᠳᠤ ᠲᠠᠪᠤᠳᠤᠭᠠᠷ ᠲᠤ ᠣᠷᠣᠪᠠ᠃ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 21377 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ︔ ᠡᠭᠦᠨ ᠳᠤ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36343 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15517 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ | ᠬᠤᠶᠠᠳᠤᠭᠠᠷ ᠲᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.26 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.1% ᠪᠠᠷ ᠨᠡᠮᠡᠭᠳᠡᠨ᠂ 2 ᠳ᠋ᠦᠩᠰᠢᠭᠤᠷ | ᠲᠥᠭᠦᠷᠢᠭ ᠢ ᠳᠠᠪᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃ | ︵ᠬᠤᠶᠠᠷ︶ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠵᠣᠬᠢᠴᠠᠯᠳᠤᠭᠤᠯᠤᠨ ᠬᠥᠭᠵᠢᠭᠦᠯᠦᠨ᠎ᠡ᠃ | ᠨᠢᠭᠡ ᠵᠢᠯ ᠤᠨ ᠲᠤᠷᠰᠢ᠂ ᠪᠢᠳᠡ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭᠠᠨ ᠤ ᠲᠣᠮᠣ ᠬᠦᠷᠢᠶᠡᠯᠡᠩ︾ | ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠪᠠ᠃ ᠠᠮᠤ ᠪᠤᠳᠠᠭᠠᠨ ᠤ ᠠᠮᠤᠷ | ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭᠠᠨ ᠤ ᠲᠠᠷᠢᠮᠠᠯ ᠤᠨ | ᠲᠠᠯᠠᠪᠠᠢ 89 ᠲᠦᠮᠡᠨ ᠮᠦ ᠳᠤ ᠬᠦᠷᠴᠦ᠂ ᠤᠨᠠᠯᠲᠠ 2.54 ᠳ᠋ᠦᠩᠰᠢᠭᠤᠷ ᠵᠢᠩ ᠳᠤ ᠬᠦᠷᠪᠡ︔ ᠢᠳᠡᠰᠢᠨ | ᠨᠣᠭᠤᠭ᠎ᠠ ᠳᠠᠷᠢᠬᠤ ᠲᠠᠯᠠᠪᠠᠶ 14.9 ᠲᠦᠮᠡᠨ ᠮᠥ ᠳᠤ ᠬᠦᠷᠴᠦ᠂ ᠭᠠᠷᠤᠯᠲᠠ ᠨᠢ ᠳᠠᠬᠢᠨᠲᠠ ᠰᠢᠨ᠎ᠡ ᠲᠡᠮᠳᠡᠭᠯᠡᠯ ᠢ | ᠡᠭᠦᠳᠴᠦ᠂ 8.87 ᠳ᠋ᠦᠩᠰᠢᠭᠤᠷ ᠵᠢᠩ ᠳᠤ ᠬᠦᠷᠴᠡᠶ︔ ᠮᠠᠯ ᠤᠨᠤᠭ᠎ᠠ ᠶᠢ ᠨᠡᠶᠢᠲᠡ 72.3 ᠲᠦᠮᠡ ᠭᠠᠷᠭᠠᠵᠤ᠂ | 2.36 ᠲᠦᠮᠡᠨ ᠲᠣᠨ ᠮᠢᠬᠠᠨ ᠤ ᠵᠦᠢᠯ ᠢ ᠦᠢᠯᠡᠳᠪᠦᠷᠢᠯᠡᠪᠡ︔ ᠪᠥᠬᠦ ᠤᠯᠤᠰ ᠤᠨ ᠠᠩᠬᠠᠳᠠᠭᠴᠢ ᠬᠠᠭᠤᠷᠠᠶ | ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠥᠷᠪᠡᠳᠦᠭᠡᠷ ᠱᠠᠲᠤᠨ ᠤ ᠬᠠᠮᠲᠤ ᠪᠠᠷ ᠪᠥᠲᠥᠭᠡᠨ | ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠵᠦᠢᠯᠡᠰ ᠢ ᠵᠢᠩᠬᠢᠨᠢ ᠪᠠᠷ ᠡᠬᠢᠯᠡᠭᠦᠯᠪᠡ᠃ ᠠᠵᠤ | ᠦᠢᠯᠡᠰᠵᠢᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠤᠮᠠᠷᠠᠲᠤ ᠶᠢᠨ ᠠᠲᠠᠷ ᠭᠠᠵᠠᠷ ᠤᠨ 3 ᠲᠦᠮᠡᠨ ᠲᠣᠨ ᠤ | ᠲᠥᠮᠥᠰᠥ ᠶᠢᠨ ᠴᠠᠷᠳᠠᠭᠤᠯ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠮᠠᠯᠵᠢᠯ ᠢ ᠬᠥᠭᠵᠢᠭᠦᠯᠬᠦ ᠵᠠᠭᠤᠨ ᠲᠦᠮᠡᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠥᠷᠥᠯ ᠵᠦᠢᠯ | ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠴᠠᠷᠯ ᠨᠠᠭᠤᠷ ᠤᠨ ᠲᠠᠷᠢᠶᠠᠯᠠᠩ᠂ ᠾᠧ ᠣᠪᠣᠭᠲᠤ ᠶᠢᠨ ᠠᠮᠤ | ᠲᠣᠰᠣ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ | ᠬᠥᠲᠥᠴᠢ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 74% ᠳᠤ ᠬᠦᠷᠦᠭᠦᠯᠦᠨ᠎ᠡ᠃ ᠨᠠᠷᠠᠲᠤ ᠲᠥᠷᠥᠯ | ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠰᠢᠩ ᠾᠧ ᠰᠢᠨ᠎ᠡ | ᠰᠣᠷᠭᠤᠭ ᠢᠳᠡᠭᠡᠨ ᠤ ᠡᠷᠳᠡᠨᠢ ᠰᠢᠰᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠳᠤ | ᠰᠣᠩᠭᠤᠭᠳᠠᠨ ᠣᠷᠣᠵᠤ᠂ ᠾᠧ ᠣᠪᠣᠭᠲᠤ ᠶᠢᠨ ᠶᠠᠮᠠ ᠶᠢᠨ ᠦᠷ᠎ᠡ ᠶᠢᠨ ᠲᠣᠰᠣ᠂ ᠨᠠᠬᠢᠶ᠎ᠠ ᠶᠢ ᠣᠷᠣᠯᠠᠨ ᠡᠵᠡᠩᠨᠡᠬᠦ | ᠨᠠᠷᠢᠮᠤ ᠪᠤᠳᠠᠭ᠎ᠠ ᠪᠥᠬᠦ ᠤᠯᠤᠰ ᠤᠨ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ | ᠥᠬᠡᠶ ᠦᠵᠡᠰᠬᠦᠯᠡᠩ ᠤᠨ ᠠᠯᠲᠠᠨ ᠮᠧᠳᠠᠯ ᠢ ᠭᠥᠷᠳᠡᠪᠡ᠃ ᠨᠢᠭᠡ ᠵᠢᠯ ᠤᠨ ᠲᠤᠷᠰᠢ᠂ ᠪᠢᠳᠡ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠪᠠ᠃ | ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ︽ᠪᠠᠭ᠎ᠠ ᠬᠡᠮᠵᠢᠶ᠎ᠡ ᠪᠠᠷ ᠲᠦᠷᠢᠮ ᠲᠣᠭᠲᠠᠭᠠᠯ ᠳᠤ ᠳᠡᠪᠰᠢᠭᠦᠯᠬᠦ︾ ᠪᠤᠶᠢᠵᠢᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠂ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 6᠂ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ 4᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ 1 | ᠰᠢᠨ᠎ᠡ ᠪᠠᠷ ᠨᠡᠮᠡᠭᠳᠡᠪᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠬᠠᠶᠢᠲᠠᠶ ᠶᠢᠨ ᠰᠢᠨ ᠨᠤᠩ 1GW ᠬᠡᠷᠡᠯ ᠴᠡᠨᠡᠭ ᠤᠨ ᠲᠣᠨᠣᠭᠯᠠᠯ ᠤᠨ ᠦᠢᠯᠡᠳᠭᠦᠨ ᠢ | ᠰᠦᠯᠵᠢᠶᠡᠨ ᠠᠴᠠ ᠪᠠᠭᠤᠯᠭᠠᠵᠤ᠂ ᠤᠯᠠᠭᠠᠨᠴᠠᠪ ᠬᠤᠲᠠ ᠶᠢᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠪᠡ︔ ᠶᠦᠩ ᠱᠧᠩ ᠰᠢᠨ᠎ᠡ ᠮᠠᠲ᠋ᠧᠷᠢᠶᠠᠯ ᠤᠨ 5 ᠲᠦᠮᠡᠨ ᠲᠣᠨ | ᠶᠡᠭᠡ ᠬᠡᠮᠵᠢᠶᠡᠨ ᠤ ᠬᠡᠲᠦ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠲᠥᠷᠥᠯ ᠵᠦᠢᠯ᠂ ᠪᠣᠯᠣᠳ | ᠰᠤᠳᠤᠯᠤᠯ ᠤᠨ ᠢ ᠨᠧᠩ 5 ᠲᠦᠮᠡᠨ ᠲᠣᠨ ᠭᠠᠯ ᠳᠠᠭᠠᠭᠠᠮᠠᠭᠠᠶ ᠮᠠᠲ᠋ᠧᠷᠢᠶᠠᠯ ᠤᠨ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠥᠭᠵᠢᠨ ᠪᠠᠳᠠᠷᠠᠭᠰᠠᠨ 2 ᠲᠦᠮᠡᠨ ᠲᠣᠨ ᠬᠡᠲᠦ ᠥᠨᠳᠥᠷ | ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ ᠤᠨ ᠪᠥᠬᠦ ᠠᠵᠢᠯ ᠤᠨ ᠳᠠᠷᠠᠭᠠᠯᠠᠯ ᠤᠨ ᠮᠡᠷᠭᠡᠵᠢᠯ ᠤᠨ | ᠥᠭᠡᠷᠡᠴᠢᠯᠡᠯᠲᠡ᠂ 2 ᠲᠦᠮᠡᠨ ᠲᠣᠨ ᠣᠨᠴᠠ ᠲᠥᠷᠥᠯ ᠤᠨ ᠨᠡᠭᠦᠷᠡᠰᠦᠲᠥ᠋ᠷᠥᠭᠴᠢ ᠡᠯᠧᠮᠧᠨ᠋ᠲ ᠤᠨ ᠰᠢᠨ᠎ᠡ | ᠮᠠᠲ᠋ᠧᠷᠢᠶᠠᠯ᠂ ᠭᠤᠸᠠᠩ ᠬᠤᠸᠠ ᠵᠢᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ︔ ᠱᠠᠨ ᠾᠧ᠂ ᠰᠠᠨ ᠮᠧᠶ᠂ | ᠵᠢᠶᠧ ᠶᠣᠣ ᠵᠡᠷᠭᠡ 3 ᠲᠡᠮᠦᠷ ᠤᠨ ᠬᠠᠶᠢᠯᠤᠰᠢ ᠶᠢᠨ ᠨᠣᠭᠤᠭᠠᠨ ᠴᠠᠬᠢᠯᠭᠠᠨ ᠤ ᠣᠷᠣᠯᠠᠬᠤ ᠲᠥᠷᠥᠯ ᠵᠦᠢᠯ ᠳᠤ ᠰᠢᠩ | ᠾᠧ ᠳᠤ ᠡᠷᠦᠬᠡ ᠠᠮᠠ ᠣᠷᠣᠵᠤ᠂ ᠡᠬᠢ ᠦᠵᠡᠮᠵᠢ ᠶᠢᠨ ᠥᠩᠭᠡ ᠦᠵᠡᠮᠵᠢ ᠶᠢᠨ ᠤᠰᠤᠲᠥ᠋ᠷᠥᠭᠴᠢ ᠦᠢᠯᠡᠳᠬᠦ | ᠵᠢᠴᠢ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠦᠢᠯᠡᠳᠬᠦ ᠲᠥᠷᠥᠯ ᠵᠦᠢᠯ ᠳᠤ ᠠᠮᠵᠢᠯᠲᠠ ᠲᠠᠢ ᠪᠠᠷ ᠭᠠᠷ ᠤᠨ | ᠥᠰᠥᠭ ᠵᠢᠷᠤᠪᠠ᠃ ᠨᠢᠭᠡ ᠵᠢᠯ ᠤᠨ ᠲᠤᠷᠰᠢ᠂ ᠪᠢᠳᠡ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ︽ᠠᠴᠢᠶᠠᠯᠠᠪᠤᠷᠢ ᠶᠢᠨ ᠣᠷᠣᠨ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠷᠠᠯᠵᠢᠶ᠎ᠠ ᠬᠤᠳᠠᠯᠳᠤᠭ᠎ᠠ | ᠪᠠᠷᠠᠭᠠᠨ ᠤ ᠭᠦᠢᠯᠭᠡᠭᠡᠨ ᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠦᠷᠭᠦᠯᠵᠢᠯᠡᠨ ᠠᠬᠢᠭᠤᠯᠪᠠ᠃ | ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠢᠯᠯᠠᠭᠠᠨ ᠰᠠᠶᠢᠨ ᠪᠠᠶᠢᠵᠤ᠂ | ᠬᠦᠷᠢᠶᠡᠯᠡᠩ ᠳᠤ ᠰᠢᠨ᠎ᠡ ᠪᠠᠷ ᠤᠷᠤᠭᠰᠠᠨ 7 ᠠᠵᠤ ᠠᠬᠤᠶᠢᠯᠠᠯ᠂ ᠴᠢᠶᠠᠨ ᠬᠠᠶ᠂ ᠵᠢᠶᠦ᠋ᠨ ᠳ᠋ᠦᠩ᠂ ᠰᠢᠨ ᠲᠠᠢ | ᠶᠤᠸᠠᠨ ᠵᠡᠷᠭᠡ ᠨᠡᠭᠦᠷᠡᠰᠦ ᠤᠬᠢᠶᠠᠵᠤ ᠰᠣᠩᠭᠤᠨ ᠳᠣᠭᠢᠷᠠᠭᠤᠯᠬᠤ 10 ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠪᠥᠬᠦ ᠵᠢᠯ ᠳᠤ 800 ᠲᠦᠮᠡᠨ ᠲᠣᠨ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠤᠨ᠎ᠠ | ︔ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠡᠳ᠋ᠰᠢᠭᠦᠯᠬᠦ ᠣᠷᠣᠨ ᠤ ᠲᠥᠷᠥᠯ ᠵᠦᠢᠯ ᠤᠨ ᠭᠠᠳᠠᠭᠠᠳᠤ ᠠᠷᠠᠯᠵᠢᠶ᠎ᠠ ᠦᠷᠭᠦᠯᠵᠢᠯᠡᠨ ᠴᠢᠩᠭᠠᠷᠠᠵᠤ᠂ ᠰᠢᠨ᠎ᠡ ᠪᠠᠷ | ᠬᠥᠮᠥᠷᠭᠡ ᠳᠤ ᠣᠷᠣᠭᠤᠯᠬᠤ ᠬᠢᠵᠠᠭᠠᠷᠲᠤ ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ | 5 ᠪᠠᠶᠢᠵᠤ᠂ ᠪᠥᠸᠧ ᠶᠤᠸᠠᠨ᠂ ᠳ᠋ᠠ ᠱᠧᠩ᠂ ᠴᠤᠸᠠᠨ ᠱᠦᠨ ᠵᠡᠷᠭᠡ 8 ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ 1000 ᠲᠦᠮᠡᠨ ᠳ᠋ᠣᠯᠯᠠᠷ ᠲᠤ ᠬᠦᠷᠪᠡ᠃ ᠨᠢᠭᠡ ᠵᠢᠯ ᠤᠨ | ᠲᠤᠷᠰᠢ᠂ ᠪᠢᠳᠡ ᠨᠡᠶᠢᠰᠯᠡᠯ ᠳᠤ ᠬᠠᠨᠳᠤᠭᠤᠯᠤᠭᠰᠠᠨ ︽ᠠᠷᠤ ᠲᠠᠯ᠎ᠠ ᠶᠢᠨ ᠴᠡᠴᠡᠷᠯᠢᠭ︾ ᠢ ᠪᠠᠶᠢᠭᠤᠯᠬᠤ ᠪᠠᠷ | ᠬᠠᠷᠠᠯᠲᠠ ᠪᠣᠯᠭᠠᠵᠤ᠂ ᠰᠣᠶᠣᠯ ᠤᠨ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠦᠢᠯᠡᠰ ᠤᠨ ᠥᠷᠨᠢᠩᠭᠦᠶ | ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠰᠤᠮᠤᠨ ᠤ ᠠᠭᠤᠯᠠ᠂ ᠴᠠᠬᠠᠷ ᠨᠠᠭᠤᠷ ᠤᠨ ᠦᠢᠯᠡᠴᠢᠯᠡᠭᠡᠨ ᠤ | ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠪᠠᠶ ᠮᠧᠶ ᠲᠣᠰᠬᠤᠨ︾ ᠤ ᠤᠰᠤᠲᠤᠭᠰᠠᠨ ᠯᠢ ᠬᠠᠶ | ᠨᠠᠭᠤᠷ ᠤᠨ ᠲᠥᠷᠥᠯ ᠵᠦᠢᠯ ᠢ ᠵᠢᠩᠬᠢᠨᠢ ᠪᠠᠷ ᠠᠵᠢᠯᠯᠠᠭᠤᠯᠪᠠ᠃ ᠤᠯᠠᠭᠠᠨᠴᠠᠪ ᠤᠨ ︽ᠣᠶ ᠰᠢᠭᠤᠶ ᠶᠢᠨ ᠬᠥᠭ ᠠᠶᠠᠰ | ︾ ᠰᠤᠮᠤᠨ ᠠᠭᠤᠯᠠ ᠶᠢᠨ ᠳᠠᠭᠤᠤ ᠬᠥᠭᠵᠢᠮ ᠤᠨ ᠤᠯᠠᠷᠢᠯ᠂ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ | ᠤᠯᠠᠷᠢᠯ ᠤᠨ ᠠᠵᠢᠯᠯᠠᠭ᠎ᠠ ᠲᠥᠪ ᠲᠧᠯᠸᠢᠰ ᠲᠤ ᠭᠠᠷᠴᠤ᠂ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ᠲᠤ | ︽ᠲᠠᠩᠰᠤᠭ ᠰᠠᠶᠢᠬᠠᠨ ᠠᠮᠠᠷᠠᠯᠲᠠ ᠶᠢᠨ ᠡᠳᠦᠷ᠂ ᠠᠮᠢᠵᠢᠷᠠᠯ ᠤᠨ ᠬᠦᠴᠦᠨ ᠢᠶᠠᠷ ᠳᠤᠮᠳᠠᠳᠤ ᠤᠯᠤᠰ︾ ᠭᠡᠬᠦ | ᠪᠤᠯᠤᠩ ᠳᠤ ᠢᠯᠡᠷᠡᠵᠦ᠂ ᠰᠢᠩ ᠾᠧ ᠰᠢᠶᠠᠨ ᠤ ᠵᠢᠭᠤᠯᠴᠢᠯᠠᠯ ᠤᠨ ᠠᠯᠳᠠᠷᠰᠢᠯ ᠪᠠ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ ᠰᠣᠶᠣᠯ ᠵᠤᠭᠠᠴᠠᠯ ᠤᠨ ᠵᠠᠬ᠎ᠠ ᠳᠡᠯᠭᠡᠭᠦᠷ | ᠲᠣᠭᠲᠠᠭᠤᠨ ᠢᠶᠠᠷ ᠰᠠᠶᠢᠵᠢᠷᠠᠵᠤ᠂ ᠵᠤᠭᠠᠴᠠᠭᠰᠠᠳ ᠢ 30 ᠲᠦᠮᠡᠨ ᠬᠥᠮᠦᠨ ᠤᠳᠠᠭ᠎ᠠ ᠠᠴᠠ ᠳᠠᠪᠠᠪᠠ᠃ ᠰᠤᠮᠤᠨ | ᠠᠭᠤᠯᠠ ᠨᠢ ᠪᠦᠬᠦ ᠤᠯᠤᠰ ᠤᠨ ᠤᠳᠤᠨ ᠲᠡᠰ ᠤᠨ ᠠᠮᠢ ᠠᠬᠤᠢ ᠶᠢᠨ ᠡᠷᠡᠭᠦᠯ ᠬᠠᠮᠠᠭᠠᠯᠠᠯ ᠤᠨ ᠰᠠᠭᠤᠷᠢᠨ ᠢᠶᠠᠷ | ᠦᠨᠡᠯᠡᠭᠳᠡᠵᠦ᠂ ᠰᠤᠮᠤᠨ ᠨᠤᠲᠤᠭ ᠤᠨ ᠠᠷᠠᠳ ᠤᠨ ᠰᠠᠭᠤᠴᠠ ᠨᠢ ᠤᠯᠠᠭᠠᠨ ᠲᠡᠰ ᠤᠨ ᠠᠷᠠᠳ ᠤᠨ ᠰᠠᠭᠤᠴᠠ ᠪᠠᠷ | ᠰᠣᠩᠭᠤᠭᠳᠠᠵᠤ᠂ ᠳ᠋ᠢᠶᠠᠨ ᠽᠢ ᠪᠠᠯᠭᠠᠰᠤᠨ ᠤ ᠵᠦ ᠵᠢᠶᠠ ᠶᠢᠩ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ | ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠰᠣᠩᠭᠤᠭᠳᠠᠵᠠᠢ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠪᠠ᠃ ᠬᠢᠨᠠᠨ ᠬᠡᠮᠵᠢᠬᠦ ᠲᠣᠭᠲᠠᠴᠠ ᠶᠢ ᠨᠡᠩ ᠪᠦᠷᠢᠨᠰᠢᠬᠦᠯᠵᠤ᠂ ᠲᠦᠷᠪᠡᠨ ᠡᠭᠡᠯᠵᠢ ᠶᠢᠨ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠢᠨᠠᠨ | ᠬᠡᠮᠵᠢᠬᠦ ᠡᠲᠡᠭᠡᠳ ᠢ 35 ᠡᠷᠦᠬᠡ 75 ᠬᠥᠮᠦᠨ ᠳᠤ ᠰᠢᠨ᠎ᠡ ᠪᠠᠷ ᠣᠷᠣᠭᠤᠯᠵᠤ᠂ ︽ᠲᠤᠰᠢᠶᠠᠪᠠᠰᠤ ᠵᠣᠬᠢᠬᠤ ᠶᠢ ᠨᠢ | ᠪᠦᠬᠦᠨ ᠢ ᠲᠤᠰᠢᠶᠠᠬᠤ︾᠂ ︽ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠪᠡᠶᠡᠯᠡᠭᠦᠯᠵᠦ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠬᠤᠷᠢᠭ᠎ᠠ ᠱᠤᠭᠤᠮ ᠢ ᠪᠠᠲᠤ ᠰᠠᠬᠢᠵᠤ᠂ ᠥᠪᠡᠷᠲᠡᠭᠡᠨ | ᠵᠠᠰᠠᠬᠤ ᠣᠷᠣᠨ ᠢ ᠲᠥᠯᠥᠭᠡᠯᠡᠨ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠯᠲᠠ ᠶᠢᠨ ᠦᠨᠡᠯᠡᠯᠲᠡ ᠶᠢ ᠬᠦᠯᠢᠶᠡᠪᠡ᠃ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠨᠡᠩ ᠪᠦᠲᠦᠮᠵᠢᠲᠡᠶ ᠪᠣᠯᠭᠠᠵᠤ᠂ 97 ᠠᠶᠢᠯ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠪᠦᠬᠦ ᠵᠢᠯ ᠳᠤ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ | ᠮᠥᠩᠭᠦ ᠨᠡᠶᠢᠲᠡ 2.9 ᠳ᠋ᠦᠩᠰᠢᠭᠤᠷ ᠲᠥᠭᠦᠷᠢᠭ ᠣᠷᠣᠭᠤᠯᠵᠤ᠂ 106 ᠲᠦᠷᠦᠯ ᠵᠦᠢᠯ ᠢ ᠬᠡᠷᠡᠭᠵᠢᠭᠦᠯᠵᠦ᠂ | ᠬᠥᠳᠡᠭᠡ ᠲᠣᠰᠬᠤᠨ ᠤ ᠠᠵᠤ ᠦᠢᠯᠡᠰ ᠤᠨ ᠰᠠᠭᠤᠷᠢ᠂ ᠦᠢᠯᠡᠴᠢᠯᠡᠭᠡᠨ ᠤ ᠲᠥᠬᠦᠭᠡᠷᠦᠮᠵᠢ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠷᠳᠡᠨᠢ ᠪᠠᠯᠭᠠᠰᠤ ᠶᠢᠨ ᠳ᠋ᠠ ᠫᠦᠸᠧ ᠳ᠋ᠢ | ᠲᠣᠰᠬᠤᠨ ᠤ ᠱᠦᠢ ᠯᠢ ᠬᠠᠢ ᠪᠦᠬᠦ ᠤᠯᠤᠰ ᠤᠨ ᠰᠠᠭᠤᠷᠢᠰᠢᠬᠤ ᠳᠤ ᠲᠣᠬᠢᠷᠠᠮᠵᠢᠲᠠᠢ ᠪᠠ ᠠᠮᠧᠷᠢᠺᠠ ᠶᠢᠨ ᠬᠥᠳᠡᠭᠡ | ᠲᠣᠰᠬᠤᠨ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠢᠶᠠᠷ ᠦᠨᠡᠯᠡᠭᠳᠡᠵᠦ᠂ ᠳ᠋ᠢᠶᠠᠨ ᠽᠢ ᠪᠠᠯᠭᠠᠰᠤ ᠶᠢᠨ | ᠯᠦ ᠵᠢᠶᠠ ᠶᠢᠩ ᠲᠣᠰᠬᠤᠨ᠂ ᠪᠦᠯᠬᠦᠮᠳᠡᠯ ᠰᠢᠶᠠᠩ ᠤᠨ ᠶᠡᠭᠡ ᠲᠠᠪᠤᠳᠤᠭᠠᠷ ᠲᠣᠰᠬᠤᠨ ᠪᠦᠬᠦ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢᠨ ᠲᠥᠯᠥᠪᠯᠡᠭᠡ ᠶᠢᠨ ᠰᠢᠯᠢᠳᠡᠭ ︽ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠬᠡᠷᠡᠭ ᠤᠨ ᠵᠢᠱᠢᠶ᠎ᠡ︾ ᠪᠠᠷ ᠰᠣᠩᠭᠤᠭᠳᠠᠵᠠᠢ︔ ᠬᠡᠷᠡᠭᠯᠡᠭᠡ ᠶᠢ ᠬᠠᠪᠰᠤᠷᠤᠨ | ᠲᠡᠳᠬᠦᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠶᠢᠲᠡ 1. | 2 ᠳ᠋ᠦᠩᠰᠢᠭᠤᠷ ᠲᠥᠭᠦᠷᠢᠭ ᠪᠣᠷᠣᠯᠠᠭᠤᠯᠪᠠ︔ 314 ᠡᠷᠦᠬᠡ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ | ᠰᠢᠯᠭᠠᠬᠤ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ 1462 ᠲᠦᠮᠡᠨ ᠲᠥᠭᠦᠷᠢᠭ ᠲᠠᠯᠪᠢᠪᠠ︔ ︽ᠲᠦᠮᠡᠨ ᠠᠵᠤ | ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠪᠠᠷ 13 ᠠᠵᠤ ᠠᠬᠤᠶᠢᠯᠠᠯ ᠢ ᠬᠠᠪᠰᠤᠷᠤᠨ | ᠲᠡᠳᠬᠦᠵᠦ᠂ 49 ᠲᠣᠰᠬᠤᠨ ᠢ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠵᠢᠴᠢ | ᠬᠢᠨᠠᠨ ᠰᠢᠯᠭᠠᠭᠰᠠᠨ ᠡᠷᠦᠬᠡ 773 ᠡᠷᠦᠬᠡ ᠶᠢᠨ 1306 ᠬᠥᠮᠦᠨ ᠢ ᠲᠠᠶᠢᠴᠢᠯᠠᠵᠠᠢ᠃ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠨᠡᠩ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ 248 ᠡᠷᠦᠬᠡ ᠶᠢᠨ | ᠨᠤᠷᠠᠬᠤ ᠠᠶᠤᠯᠲᠠᠶ ᠭᠡᠷ ᠪᠠᠶᠢᠰᠢᠩ᠂ 1738 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠪᠠ︔ ᠬᠤᠪᠢ | ᠬᠤᠷᠠᠮᠳᠤᠭᠤᠯᠬᠤ ᠲᠦᠷᠢᠮ᠂ ᠨᠠᠷᠢᠨ ᠲᠠᠩᠰᠠ ᠶᠢᠨ ᠲᠦᠷᠢᠮ ᠢ ᠶᠡᠬᠡᠪᠡᠷ ᠳᠡᠯᠭᠡᠷᠡᠭᠦᠯᠵᠦ᠂ ᠵᠠᠩ ᠳᠠᠳᠬᠠᠯ ᠢ | ᠥᠭᠡᠷᠡᠴᠢᠯᠡᠬᠦ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ | ︵ᠳᠥᠷᠪᠡ︶ ᠬᠤᠲᠠ ᠪᠠᠯᠭᠠᠰᠤ ᠶᠢᠨ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠳᠠ ᠶᠢᠨ | ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 16.7 | ᠺᠢᠯᠣᠮᠧᠲᠷ ᠥᠭᠡᠷᠡᠴᠢᠯᠡᠵᠦ᠂ ᠢᠯᠴᠢ ᠰᠣᠯᠢᠯᠴᠠᠬᠤ 5 ᠦᠷᠳᠡᠭᠡ ᠶᠢ ᠰᠢᠨ᠎ᠡ ᠪᠠᠷ ᠪᠠᠶᠢᠭᠤᠯᠵᠤ᠂ 5200 ᠲᠡᠭᠰᠢ | ᠳᠥᠷᠪᠡᠯᠵᠢᠨ ᠮᠧᠲᠷ ᠤᠨ ᠵᠠᠮ ᠢ ᠬᠠᠲᠠᠭᠤᠷᠠᠭᠤᠯᠵᠤ᠂ 223 ᠱᠤᠭᠤᠮ ᠤᠨ ᠮᠤᠵᠢ ᠶᠢᠨ ᠵᠠᠮ ᠢ ᠨᠡᠪᠲᠡᠷᠡᠭᠦᠯᠵᠦ᠂ | ᠴᠠᠬᠠᠷ ᠨᠠᠭᠤᠷ ᠤᠨ ᠵᠢᠭᠤᠯᠴᠢᠯᠠᠯ ᠤᠨ ᠵᠠᠰᠠᠮᠠᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠵᠦ᠂ ᠴᠧᠩ ᠭᠤᠸᠠᠨ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ | ᠲᠠᠯ᠎ᠠ ᠪᠠᠷ ᠳᠠᠭᠤᠰᠬᠠᠵᠤ᠂ 66 ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ | ᠪᠠᠭᠠᠨ᠎ᠠ ᠶᠢ ᠰᠢᠨ᠎ᠡ ᠪᠠᠷ ᠪᠠᠶᠢᠭᠤᠯᠪᠠ᠃ ︽ᠴᠡᠴᠡᠭ ᠤᠨ ᠲᠡᠯᠡᠶ︾ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠦᠷᠭᠡᠨ ᠤ ᠲᠡᠮᠦᠷ ᠵᠠᠮ ᠤᠨ ᠥᠷᠲᠡᠭᠡᠨ ᠤ ᠡᠮᠦᠨ᠎ᠡ ᠫᠤᠷᠰ ᠤᠳᠪᠠᠯᠠ᠂ ᠵᠠᠭᠤᠨ ᠬᠤᠨᠤᠭ ᠤᠨ ᠡᠪᠡᠰᠦ ᠵᠡᠷᠭᠡ | ᠦᠵᠡᠮᠦᠷᠢ ᠶᠢᠨ ᠲᠥᠷᠥᠯ ᠤᠨ 400 ᠮᠥ ᠴᠡᠴᠡᠭ ᠡᠪᠡᠰᠦ ᠶᠢ ᠳᠠᠷᠢᠵᠤ᠂ ᠦᠯᠡᠮᠵᠢ ᠣᠯᠠᠨ ᠵᠤᠭᠠᠴᠠᠭᠰᠠᠳ ᠤᠨ | ᠠᠩᠬᠠᠷᠤᠯ ᠢ ᠲᠠᠲᠠᠪᠠ᠃ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠨ᠂ ᠡᠭᠦᠳᠡ ᠡᠷᠦᠬᠡ ᠠᠴᠠ ᠬᠡᠲᠦᠷᠡᠲᠡᠯ᠎ᠡ | ᠳᠡᠯᠭᠡᠨ ᠲᠠᠯᠪᠢᠵᠤ ᠡᠵᠡᠩᠨᠡᠬᠦ᠂ ᠵᠠᠮ ᠡᠵᠡᠯᠡᠨ ᠡᠵᠡᠩᠨᠡᠬᠦ ᠵᠡᠷᠭᠡ 1000 ᠭᠠᠷᠤᠶ ᠠᠵᠢᠯᠯᠠᠭ᠎ᠠ ᠶᠢ ᠴᠠᠭᠠᠵᠠᠯᠠᠵᠤ᠂ | 300 ᠭᠠᠷᠤᠶ ᠨᠡᠭᠦᠳᠡᠯ ᠳᠡᠯᠭᠡᠭᠦᠷᠴᠢᠨ ᠤ ᠡᠵᠡᠩᠨᠡᠯᠲᠡ ᠶᠢ ᠵᠢᠷᠤᠮᠵᠢᠭᠤᠯᠵᠤ᠂ 566 ᠲᠡᠭᠰᠢ ᠳᠥᠷᠪᠡᠯᠵᠢᠨ ᠮᠧᠲᠷ | ᠬᠤᠪᠢ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠷᠢᠭᠰᠠᠨ 566 ᠲᠡᠭᠰᠢ ᠳᠥᠷᠪᠡᠯᠵᠢᠨ ᠮᠧᠲᠷ ᠢ ᠬᠠᠤᠯᠢ ᠶᠣᠰᠣᠭᠠᠷ | ᠨᠤᠷᠠᠭᠠᠨ ᠨᠤᠷᠠᠭᠠᠵᠤ᠂ 196 ᠰᠠᠭᠤᠷᠢ ᠵᠠᠮ ᠤᠨ ᠳ᠋ᠧᠩ ᠢ ᠤᠭᠰᠠᠷᠠᠵᠤ᠂ 1600 ᠭᠠᠷᠤᠶ ᠡᠯ᠎ᠡ ᠲᠦᠷᠦᠯ ᠤᠨ | ᠭᠡᠷᠡᠯ ᠡᠭᠦᠰᠭᠡᠭᠴᠢ ᠶᠢ ᠰᠣᠯᠢᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠤᠯᠵᠤ᠂ | ᠬᠤᠳᠠ ᠶᠢᠨ ︽ᠦᠡᠭᠭᠡ ᠵᠢᠰᠦ︾ ᠶᠢ ᠢᠯᠡᠳᠲᠡ ᠳᠡᠭᠡᠭᠰᠢᠯᠡᠭᠦᠯᠪᠡ᠃ | ︵ᠲᠠᠪᠤ︶ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠦᠬᠡ | ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠭᠠᠷ ᠤᠨ ᠶᠠᠰᠤ ᠴᠢᠨᠠᠷ ᠰᠢᠯᠢᠳᠡᠭ | ᠰᠠᠶᠢᠨ ᠡᠳᠦᠷ ᠤᠨ ᠲᠤᠭ᠎ᠠ ᠶᠢᠨ ᠬᠠᠷᠢᠴᠠᠯ 93.1% ᠲᠤ ᠬᠦᠷᠴᠡᠢ︔ ᠨᠡᠭᠦᠷᠡᠰᠦᠲᠥ᠋ᠷᠥᠭᠴᠢ ᠶᠢᠨ ᠡᠯᠧᠮᠧᠨ᠋ᠲ᠂ | ᠲᠡᠮᠦᠷ ᠤᠨ ᠬᠠᠶᠢᠯᠤᠰᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ | ᠪᠠᠶᠢᠭᠠᠳ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠷᠦᠢ ᠱᠧᠩ ᠨᠡᠭᠦᠷᠡᠰᠦ ᠶᠢᠨ | ᠡᠯᠧᠮᠧᠨ᠋ᠲ᠂ ᠰᠢᠨ ᠲᠠᠢ ᠲᠡᠮᠦᠷ ᠤᠨ ᠬᠠᠶᠢᠯᠤᠰᠢ ᠵᠡᠷᠭᠡ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 4 | ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠪᠡ︔ ᠬᠥᠳᠡᠭᠡ ᠲᠣᠰᠬᠤᠨ ᠤ ᠠᠷᠢᠭᠤᠨ ᠴᠡᠪᠡᠷ | ᠳᠤᠯᠠᠭᠠᠯᠭ᠎ᠠ ᠶᠢᠨ ᠵᠦᠢᠯᠡᠰ ᠢ ᠪᠦᠬᠦ ᠲᠠᠯ᠎ᠠ ᠪᠠᠷ ᠥᠷᠨᠢᠭᠦᠯᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ | 1.6 ᠲᠦᠮᠡᠨ ᠡᠷᠦᠭᠡ ᠶᠢ ᠪᠡᠶᠡᠯᠡᠭᠦᠯᠪᠡ᠃ ᠤᠰᠤ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ | ᠰᠠᠶᠢᠲᠤᠷ ᠬᠢᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ | ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ᠂ ᠨᠥᠬᠦᠷᠯᠡᠯ ᠤᠰᠤᠨ ᠴᠥᠭᠦᠷᠥᠮ ᠤᠨ ᠤᠯᠤᠰ ᠠᠴᠠ | ᠡᠵᠡᠮᠳᠡᠵᠦ ᠪᠠᠶᠢᠭ᠎ᠠ ᠣᠭᠲᠣᠯᠤᠭᠠᠰᠤ ᠶᠢᠨ ᠤᠰᠤᠨ ᠤ ᠴᠢᠨᠠᠷ ᠢ ᠮᠣᠨᠲᠣᠬᠠᠶ ᠤᠰᠤᠨ ᠤ ᠱᠠᠭᠠᠷᠳᠠᠯᠭ᠎ᠠ ᠳᠤ | ᠬᠦᠷᠦᠭᠦᠯᠵᠦ᠂ ᠡᠯ ᠳ᠋ᠤᠤ ᠾᠧ ᠭᠤᠤᠯ ᠤᠨ ᠵᠠᠮ ᠢ ᠵᠠᠰᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ | ᠰᠠᠶᠢᠬᠤᠰᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠵᠤ᠂ | ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠵᠤ ᠥᠭᠡᠷᠡᠴᠢᠯᠡᠬᠦ ᠶᠢ 578 ᠡᠷᠦᠬᠡ ᠳᠤ | ᠪᠡᠶᠡᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠭᠦᠨᠵᠡᠭᠡᠶ ᠰᠠᠶᠢᠲᠤᠷ ᠬᠢᠵᠦ᠂ 25 ᠡᠾᠤᠺᠲ᠋ᠠᠷ | ᠠᠭᠤᠷᠬᠠᠶ ᠶᠢ ᠵᠠᠰᠠᠨ ᠦᠢᠯᠡᠳᠪᠦᠷᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ 38 ᠡᠾᠤᠺᠲ᠋ᠠᠷ ᠬᠠᠶᠠᠭᠳᠠᠮᠠᠯ | ᠠᠭᠤᠷᠬᠠᠶ ᠶᠢ ᠵᠠᠰᠠᠨ ᠦᠢᠯᠡᠳᠪᠦᠷᠢᠯᠡᠪᠡ︔ ᠪᠥᠬᠦ ᠰᠢᠶᠠᠨ ᠤ ᠬᠠᠶᠠᠭᠳᠠᠮᠠᠯ ᠪᠣᠳᠠᠰ ᠦᠢᠯᠡᠳᠪᠦᠷᠢᠯᠡᠬᠦ ᠠᠵᠤ | ᠠᠬᠤᠶᠢᠯᠠᠯ ᠳᠤ ᠴᠥᠮ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ | 100% ᠪᠠᠷ 9.9 ᠲᠦᠮᠡᠨ ᠮᠦ ᠬᠠᠯᠬᠠᠪᠴᠢ ᠤᠢ ᠶᠢ ᠰᠡᠯᠪᠢᠨ ᠵᠠᠰᠠᠬᠤ᠂ ᠤᠢ ᠰᠢᠭᠤᠶ ᠶᠢ ᠠᠷᠠᠴᠢᠯᠠᠨ | ᠪᠤᠶᠢᠵᠢᠭᠤᠯᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠪᠡ︔ ᠨᠢᠮᠪᠡᠭᠡ ᠶᠢᠨ ᠲᠠᠷᠢᠮᠠᠯ ᠢ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ 6.7 ᠲᠦᠮᠡᠨ ᠮᠥ ᠨᠢᠮᠪᠡᠭᠡ ᠶᠢᠨ ᠲᠠᠷᠢᠮᠠᠯ ᠢ | ᠳᠠᠷᠢᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠦᠴᠦᠲᠡᠶ ᠪᠣᠯᠭᠠᠨ᠎ᠠ᠃ ᠠᠷᠭ᠎ᠠ | ᠪᠦᠬᠦᠨ ᠢ ᠰᠦᠪᠡᠭᠴᠢᠯᠡᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ | ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 10 ᠬᠤᠪᠢ | ᠪᠡᠶᠡᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠲᠣᠭᠲᠠᠭᠤᠨ ᠢᠶᠠᠷ | ᠳᠡᠭᠡᠭᠰᠢᠯᠡᠪᠡ᠃ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠵᠤ᠂ ᠪᠥᠬᠦ ᠵᠢᠯ ᠳᠤ ᠬᠤᠲᠠ ᠪᠠᠯᠭᠠᠰᠤᠨ ᠤ 896 ᠬᠥᠮᠦᠨ ᠳᠤ ᠰᠢᠨ᠎ᠡ ᠪᠠᠷ ᠠᠵᠢᠯ ᠣᠯᠭᠤᠵᠤ᠂ | 486 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 208 ᠬᠥᠮᠦᠨ ᠳᠤ | ᠠᠵᠢᠯ ᠣᠯᠭᠤᠵᠤ᠂ 4.8 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 407 ᠲᠦᠮᠡᠨ | ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠡᠳᠦᠷ ᠤᠨ ᠬᠦᠴᠦᠨ ᠤ | ᠵᠠᠬ᠎ᠠ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠡᠮ ᠡᠮᠨᠡᠯᠭᠡ ᠶᠢᠨ ᠪᠠᠲᠤᠯᠠᠭ᠎ᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ ᠶᠢ ᠪᠠᠶᠢᠩᠭᠤ ᠰᠠᠭᠤᠭ᠎ᠠ ᠬᠥᠮᠦᠨ ᠠᠮᠠ ᠳᠤ ᠨᠡᠶᠢᠳᠡᠮ ᠬᠠᠮᠤᠷᠤᠭᠤᠯᠵᠤ᠂ 9 | ᠰᠢᠶᠠᠩ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠦᠷᠳᠡᠭᠡ᠂ 174 ᠭᠠᠴᠠᠭᠠᠨ ᠤ | ᠠᠷᠠᠳ ᠤᠨ ᠵᠥᠪᠯᠡᠯ ︵ᠨᠡᠶᠢᠭᠡᠮ ᠲᠣᠭᠤᠷᠢᠭ︶ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠢ | ᠪᠠᠶᠢᠭᠤᠯᠤᠨ ᠳᠠᠭᠤᠰᠬᠠᠵᠤ᠂ ᠪᠦᠬᠦ ᠵᠢᠯ ᠳᠤ ᠡᠮ ᠡᠮᠨᠡᠯᠭᠡ ᠶᠢᠨ ᠳᠠᠭᠠᠳᠬᠠᠯ ᠢ ᠳᠣᠷᠣᠭᠰᠢ ᠪᠠᠭᠤᠯᠭᠠᠬᠤ | ᠲᠤᠬᠠᠶᠢᠯᠠᠭᠰᠠᠨ ᠠᠵᠢᠯ ᠢ ᠨᠡᠶᠢᠳᠡ 5162 ᠤᠳᠠᠭ᠎ᠠ ᠭᠦᠢᠴᠡᠳᠬᠡᠪᠡ᠃ ᠨᠡᠶᠢᠭᠡᠮ ᠤᠨ ᠪᠠᠲᠤᠯᠠᠭ᠎ᠠ ᠶᠢᠨ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠪᠠᠶᠢᠩᠭᠤ ᠰᠠᠭᠤᠭ᠎ᠠ | ᠬᠥᠮᠦᠨ ᠠᠮᠠ ᠳᠤ ᠨᠡᠶᠢᠳᠡᠮ ᠬᠡᠷᠡᠭᠵᠢᠭᠦᠯᠪᠡ᠃ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ | ᠱᠤᠭᠤᠮ ᠢ ᠨᠠᠩ ᠪᠠᠲᠤ ᠪᠠᠬᠢ ᠪᠣᠯᠭᠠᠵᠤ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠶᠢ 2.4 | ᠳ᠋ᠦᠩᠰᠢᠭᠤᠷ ᠲᠥᠭᠦᠷᠢᠭ ᠲᠠᠷᠬᠠᠭᠠᠨ᠎ᠠ︔ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ ᠶᠢᠨ ᠲᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 1035 ᠲᠦᠮᠡᠨ ᠲᠥᠭᠦᠷᠢᠭ ᠤᠨ ᠪᠠᠯᠠ ᠮᠥᠩᠭᠦ ᠲᠠᠷᠬᠠᠭᠠᠪᠠ︔ | ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠵᠤ᠂ 9 ᠬᠠᠮᠠᠭᠠᠯᠠᠯᠲᠠ ᠶᠢᠨ ᠠᠵᠢᠯ ᠤᠨ | ᠥᠷᠲᠡᠭᠡ᠂ 6 ᠬᠡᠤᠬᠡᠳ ᠤᠨ ᠬᠡᠷ ᠢ ᠪᠠᠶᠢᠭᠤᠯᠵᠤ᠂ 1.6 ᠲᠦᠮᠡᠨ ᠨᠠᠰᠤᠨ ᠳᠤ ᠥᠯᠥ ᠭᠦᠷᠦᠭᠰᠡᠳ ︽ᠬᠤᠶᠠᠷ ᠢ | ᠭᠡᠯᠳᠦᠷᠢᠭᠦᠯᠵᠦ ᠨᠢᠭᠡ ᠶᠢ ᠨᠥᠬᠦᠪᠥᠷᠢᠯᠡᠬᠦ︾ ᠰᠤᠷᠤᠯᠭ᠎ᠠ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠪᠡ︔ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 8 ᠪᠠᠶᠢᠭᠤᠯᠵᠤ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ 732 ᠢᠵᠢ ︽ᠵᠠᠮ | ᠬᠠᠷᠢᠯᠴᠠᠭᠠᠨ ᠤ ᠪᠠᠲᠤᠯᠠᠭᠠᠲᠤ ᠠᠰᠠᠷ︾ ᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ | ︵ᠳᠣᠯᠤᠭ᠎ᠠ︶ ᠨᠡᠶᠢᠭᠡᠮ ᠤᠨ ᠦᠢᠯᠡᠰ ᠪᠥᠬᠦ ᠲᠠᠯ᠎ᠠ ᠪᠠᠷ ᠳᠡᠪᠰᠢᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠢᠩ ᠾᠧ ᠰᠢᠶᠠᠨ ᠤ | ᠶᠡᠷᠦᠩᠬᠡᠶ ᠡᠮᠨᠡᠯᠭᠡ ᠶᠢᠨ ᠬᠤᠷᠢᠶ᠎ᠠ᠂ ᠡᠯ᠎ᠡ ᠬᠤᠪᠢᠶᠠᠷᠢ ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠤᠨᠴᠠᠯᠢᠭᠳᠤ ᠳᠠᠪᠠᠭᠤᠯᠢᠭ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ 3 | ᠪᠠᠶᠢᠭᠤᠯᠪᠠ︔ 6 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠮᠨᠡᠯᠭᠡ ᠳᠤ ᠰᠠᠭᠤᠬᠤ ᠦᠢᠯᠡᠴᠢᠯᠡᠭᠡ | ᠥᠷᠨᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ︽ᠬᠤᠭᠤᠰᠣᠨ︾ ᠢ ᠨᠥᠬᠦᠪᠥᠷᠢᠯᠡᠪᠡ᠃ | ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠳᠠᠬᠢᠨ | ᠰᠢᠯᠭᠠᠯᠲᠠ ᠶᠢ ᠤᠷᠤᠭᠰᠢᠲᠠᠶ ᠥᠩᠭᠡᠷᠡᠭᠦᠯᠪᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠢ | ᠠᠭᠤᠰᠤᠯᠴᠠᠭᠤᠯᠤᠨ ᠬᠥᠭᠵᠢᠭᠦᠯᠵᠦ᠂ ᠹᠦ᠋ ᠷᠦᠢ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠢᠦᠶ ᠼᠠᠢ | ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ 6 ᠵᠦᠢᠯ ᠤᠨ ᠭᠤᠤᠯᠳᠠᠯᠭ᠎ᠠ ᠲᠠᠢ | ᠲᠥᠷᠥᠯ ᠵᠦᠢᠯ ᠢ ᠰᠢᠨ᠎ᠡ ᠪᠠᠷ ᠪᠠᠶᠢᠭᠤᠯᠪᠠ︔ ᠰᠦᠢᠳᠭᠡᠯ ᠥᠯᠥ ᠬᠤᠷᠢᠶᠠᠬᠤ ᠪᠠᠭᠰᠢ ᠶᠢᠨ ᠰᠤᠷᠭᠠᠭᠤᠯᠢ ᠶᠢᠨ 10 | ᠰᠣᠷᠣᠭᠴᠢ᠂ 74 ᠰᠢᠯᠢᠳᠡᠭ ᠪᠠᠭᠰᠢ ᠶᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠪᠡ︔ | ᠠᠩᠬᠠᠳᠤᠭᠠᠷ ᠬᠤᠭᠤᠴᠠᠭᠠᠨ ᠤ 3V3 ᠰᠠᠭᠰᠤᠨ ᠪᠥᠮᠪᠦᠭᠡ ᠶᠢᠨ ᠤᠷᠤᠯᠳᠤᠭᠠᠨ᠂ ᠳᠥᠷᠪᠡᠳᠦᠭᠡᠷ ᠬᠤᠭᠤᠴᠠᠭᠠᠨ ᠤ | ︽ᠠᠵᠢᠯᠳᠠᠨ ᠠᠵᠢᠯᠴᠢᠨ ᠤ ᠬᠤᠨᠳᠠᠭᠠᠲᠤ︾ ᠡᠷᠡᠭᠲᠡᠶ ᠶᠢᠨ ᠰᠠᠭᠰᠤᠨ ᠪᠥᠮᠪᠦᠭᠡ ᠶᠢᠨ ᠤᠷᠤᠯᠳᠤᠭᠠᠨ ᠢ | ᠠᠮᠵᠢᠯᠲᠠ ᠲᠠᠢ ᠪᠠᠷ ᠡᠷᠬᠢᠯᠡᠪᠡ᠃ ᠰᠣᠶᠣᠯ ᠤᠨ ᠪᠠᠶᠢᠭᠤᠯᠤᠯᠲᠠ ᠦᠷᠭᠦᠯᠵᠢᠯᠡᠨ ᠴᠢᠩᠭᠠᠷᠠᠵᠤ᠂ ᠰᠢᠶᠠᠨ ᠤ ᠨᠣᠮ ᠤᠨ | ᠰᠠᠩ ᠨᠢ ᠤᠯᠤᠰ ᠤᠨ ᠭᠤᠷᠪᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠵᠦ᠂ ᠵᠠᠩ ᠭᠤᠤ ᠪᠠᠯᠭᠠᠰᠤᠨ ᠤ | ᠰᠣᠶᠣᠯ ᠤᠨ ᠦᠷᠳᠡᠭᠡ ᠨᠢ ᠪᠦᠬᠦ ᠣᠷᠣᠨ ᠤ ᠠᠷᠪᠠᠨ ᠰᠢᠯᠢᠳᠡᠭ ᠰᠣᠶᠣᠯ ᠤᠨ ᠦᠷᠳᠡᠭᠡ ᠪᠠᠷ ᠦᠨᠡᠯᠡᠭᠳᠡᠪᠡ︔ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠳᠠᠰ ᠤᠨ ᠪᠤᠰᠤ | ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠭᠦᠨᠵᠡᠭᠡᠶ | ᠲᠦᠯᠬᠢᠨ ᠠᠬᠢᠭᠤᠯᠪᠠ︔ ᠡᠯ ᠷᠧᠨ ᠲᠠᠢ ᠶᠢᠨ ︽ᠬᠥᠬᠡᠮᠳᠦᠭ ᠠᠭᠤᠯᠠ ᠶᠢ ᠬᠥᠰᠡᠷᠳᠡᠭᠦᠯᠬᠦ ᠥᠬᠡᠶ︾ ᠵᠦᠴᠦᠭᠡ ᠨᠢ | ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ | ᠨᠠᠶᠢᠷ ᠤᠨ ᠤᠯᠠᠭᠠᠨᠮᠥ᠋ᠴᠢᠷ ᠤᠨ ︽ᠡᠷᠳᠡᠮ ᠮᠡᠳᠡᠯᠭᠡ · ᠡᠭᠦᠳᠦᠨ ᠪᠦᠲᠦᠭᠡᠯᠲᠡ · ᠲᠣᠭᠯᠠᠯᠲᠠ︾ ᠶᠢᠨ ᠰᠢᠨ᠎ᠡ | ᠡᠭᠦᠳᠦᠯᠲᠡ ᠶᠢᠨ ᠪᠦᠲᠦᠭᠡᠯ ᠤᠨ ᠬᠤᠪᠢ ᠪᠠᠷ ᠥᠪᠡᠷᠲᠡᠭᠡᠨ ᠵᠠᠰᠠᠬᠤ ᠣᠷᠣᠨ ᠳᠤ ᠳᠡᠯᠭᠡᠨ ᠦᠵᠡᠭᠦᠯᠵᠦ᠂ ︽ | ᠬᠥᠳᠡᠭᠡ ᠨᠤᠲᠤᠭ ᠪᠠᠶᠠᠵᠢᠨ ᠴᠢᠨᠡᠭᠡᠯᠢᠭᠵᠢᠭᠰᠡᠨ︾ ᠳᠠᠭᠤᠤ ᠨᠢ 2023 ᠣᠨ ᠤ ᠳᠤᠮᠳᠠᠳᠤ ᠤᠯᠤᠰ ᠤᠨ | ᠲᠣᠰᠬᠤᠨ ᠤ ᠳᠠᠭᠤᠤ ᠶᠢᠨ ᠤᠷᠤᠯᠳᠤᠭᠠᠨ ᠤ ᠰᠢᠯᠢᠳᠡᠭ ᠪᠦᠲᠦᠭᠡᠯ ᠳᠤ ᠣᠷᠣᠪᠠ᠃ ᠣᠯᠠᠨ ᠨᠡᠶᠢᠲᠡ ᠶᠢᠨ | ᠦᠢᠯᠡᠴᠢᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠦᠨᠳᠦᠰᠦᠨ ᠱᠠᠲᠤᠨ ᠤ ᠬᠤᠷᠰᠢᠶ᠎ᠠ ᠶᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ | ᠰᠢᠨ᠎ᠡ ᠠᠬᠢᠴᠠ ᠲᠠᠢ ᠪᠣᠯᠵᠣ᠂ ᠬᠤᠲᠠ ᠶᠢᠨ ᠪᠣᠭᠤᠮᠲᠠ ᠪᠠᠯᠭᠠᠰᠤ ᠪᠠ ᠪᠦᠯᠬᠦᠮᠳᠡᠯ ᠰᠢᠶᠠᠩ ᠤᠨ ᠬᠠᠩᠭᠠᠨ | ᠪᠣᠷᠣᠯᠠᠭᠤᠯᠬᠤ ᠬᠤᠷᠰᠢᠶ᠎ᠠ ᠶᠢ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠦᠨᠳᠦᠰᠦᠨ ᠱᠠᠲᠤᠨ ᠤ ᠬᠠᠩᠭᠠᠨ | ᠪᠣᠷᠣᠯᠠᠭᠤᠯᠬᠤ ᠬᠤᠷᠰᠢᠶ᠎ᠠ ᠪᠠᠷ ᠦᠨᠡᠯᠡᠪᠡ︔ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡ ᠶᠢ ᠭᠦᠨᠵᠡᠭᠡᠶᠢᠷᠡᠭᠦᠯᠵᠦ᠂ ︽ᠵᠢᠵᠢᠭ ᠰᠠᠨᠳᠠᠯᠢ︾ ᠶᠢᠨ ᠬᠢᠴᠢᠶᠡᠯ ᠤᠨ ᠲᠠᠩᠬᠢᠮ ᠪᠦᠬᠦ ᠣᠷᠣᠨ ᠤ ︽ | ᠪᠢ ᠲᠠᠨ ᠢ ᠬᠠᠪᠰᠤᠷᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠦᠷᠳᠡᠵᠤ᠂ ᠰᠢᠩ | ᠬᠤᠸᠠ ᠨᠡᠶᠢᠭᠡᠮ ᠲᠣᠭᠤᠷᠢᠭ ᠪᠦᠬᠦ ᠤᠯᠤᠰ ᠤᠨ ᠪᠣᠯᠪᠠᠰᠤᠨ ᠤ ᠦᠢᠯᠡᠳᠦᠯᠭᠡ ᠶᠢᠨ ᠡᠮᠡᠭᠲᠡᠶᠢᠴᠦᠳ ᠤᠨ ᠰᠠᠶᠢᠨ | ᠳᠤᠷ᠎ᠠ ᠶᠢᠨ ᠨᠡᠷᠡᠨ ᠤ ᠭᠡᠷᠡᠯ ᠤᠨ ᠦᠷᠳᠡᠭᠡ ᠳᠤ ᠰᠣᠩᠭᠤᠭᠳᠠᠪᠠ︔ ᠥᠪᠡᠷᠲᠡᠭᠡᠨ ᠵᠠᠰᠠᠬᠤ ᠣᠷᠣᠨ ᠤ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠤᠸᠠᠩ | ᠬᠤᠸᠠ ᠯᠢᠶᠠᠩ ᠤᠨ ︽ᠬᠤᠶᠠᠷ ᠢ ᠬᠦᠷᠢᠶᠡᠯᠡᠬᠦ ᠭᠤᠤᠯ ᠰᠡᠳᠦᠪᠲᠦ ᠴᠡᠴᠡᠷᠯᠢᠭ︾ ᠢ ᠴᠣᠭᠴᠠᠯᠠᠨ ᠪᠠᠶᠢᠭᠤᠯᠵᠤ᠂ ︽ | ᠡᠩᠬᠡ ᠲᠠᠶᠢᠪᠤᠩ ᠢ ᠮᠠᠨᠳᠤᠭᠤᠯᠬᠤ ᠬᠤᠶᠠᠷ ᠢ ᠬᠦᠷᠢᠶᠡᠯᠡᠬᠦ ᠣᠶᠢᠯᠠᠯᠭ᠎ᠠ︾ ᠵᠡᠷᠭᠡ ᠬᠤᠶᠠᠷ ᠢ ᠬᠦᠷᠢᠶᠡᠯᠡᠬᠦ ᠰᠢᠷᠢᠰ | ᠰᠣᠶᠣᠯ ᠤᠨ ᠪᠦᠲᠦᠭᠡᠯ ᠢ ᠨᠠᠶᠢᠷᠠᠭᠤᠯᠤᠨ ᠪᠢᠴᠢᠬᠦ ᠬᠡᠷᠡᠭᠲᠡᠶ᠃ ᠨᠡᠶᠢᠭᠡᠮ ᠤᠨ ᠵᠠᠰᠠᠯᠲᠠ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠵᠤ᠂ ᠠᠷᠠᠳ ᠠᠴᠠ ᠬᠦᠰᠡᠯ ᠱᠠᠭᠠᠷᠳᠠᠯᠭ᠎ᠠ ᠲᠠᠢ᠂ ᠵᠠᠰᠠᠭ ᠤᠨ ᠶᠠᠪᠤᠳᠠᠯ ᠢ ᠠᠷᠭᠠᠴᠠᠬᠤ ᠶᠢ | ᠪᠠᠷᠢᠮᠲᠠᠯᠠᠵᠤ᠂ ᠨᠡᠶᠢᠳᠡ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠠᠷᠠᠳ ᠤᠨ | ᠰᠦᠯᠵᠢᠶ᠎ᠡ ᠶᠢᠨ ᠦᠯᠡᠳᠡᠭᠡᠭᠰᠡᠨ ᠦᠭᠡ᠂ ᠢᠨᠲᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠬᠤ ᠵᠡᠷᠭᠡ ᠤᠯᠠᠨ | ᠲᠦᠮᠡᠨ ᠤ ᠲᠤᠰᠬᠠᠭᠰᠠᠨ ᠬᠡᠷᠡᠭ ᠶᠠᠪᠤᠳᠠᠯ ᠢ 8222 ᠬᠤᠪᠢ ᠰᠢᠢᠳᠪᠦᠷᠢᠯᠡᠪᠡ︔ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠲᠤᠷᠠᠭᠰᠠᠨ ᠰᠤᠷᠪᠤᠯᠵᠢᠯᠠᠭ᠎ᠠ ᠶᠢ | ᠬᠦᠯᠢᠶᠡᠨ ᠠᠪᠬᠤ ᠲᠥᠪ ᠪᠠ ︽ᠨᠢᠭᠡ ᠦᠷᠳᠡᠭᠡᠯᠢᠭ ᠬᠡᠯᠪᠡᠷᠢ︾ ᠶᠢᠨ ᠵᠥᠷᠢᠴᠡᠯ ᠵᠢᠭᠤᠷᠠᠯᠳᠤᠭᠠᠨ ᠢ ᠤᠯᠠᠨ | ᠡᠰᠢᠵᠢᠬᠦᠯᠦᠨ ᠡᠶᠡᠳᠡᠭᠦᠯᠬᠦ ᠲᠥᠪ ᠢ ᠪᠠᠶᠢᠭᠤᠯᠤᠨ ᠠᠵᠢᠯᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠬᠠᠮᠲᠤᠷᠠᠨ ᠰᠢᠢᠳᠪᠦᠷᠢᠯᠡᠬᠦ ︽ᠬᠦᠨᠳᠦ ᠶᠢ ᠵᠠᠰᠠᠵᠤ ᠬᠤᠷᠠᠮᠳᠤᠯᠠᠭ᠎ᠠ ᠶᠢ ᠪᠠᠭᠠᠰᠬᠠᠬᠤ︾ | ᠠᠵᠢᠯᠯᠠᠭ᠎ᠠ ᠶᠢ ᠲᠤᠰᠢᠶᠠᠨ ᠰᠢᠢᠳᠪᠦᠷᠢᠯᠡᠭᠦᠯᠬᠦ ᠪᠠᠷ ᠲᠤᠰᠢᠶᠠᠭᠰᠠᠨ 3 ᠪᠦᠯᠦᠭ 42 ᠬᠤᠪᠢ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠪᠦᠬᠦᠨ ᠢ ᠰᠢᠢᠳᠪᠦᠷᠢᠯᠡᠪᠡ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤ ᠶᠢᠨ ᠲᠡᠮᠡᠴᠡᠯ ᠦᠷᠭᠦᠯᠵᠢᠯᠡᠨ ᠠᠬᠢᠵᠤ᠂ ︽ᠡᠭᠦᠯᠡᠨ ᠰᠡᠯᠡᠮ᠎ᠡ︾᠂ ︽ᠦᠨᠡᠭᠡ ᠠᠩᠨᠠᠬᠤ︾᠂ ︽ | ᠺᠦᠨᠯᠦ᠋ᠨ 2023︾ ᠵᠡᠷᠭᠡ ᠰᠢᠷᠢᠰ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠦᠬᠦ ᠵᠢᠯ ᠤᠨ | ᠠᠮᠤᠷ ᠲᠦᠪᠰᠢᠨ ᠤ ᠬᠡᠷᠡᠭ ᠠᠳᠠᠯᠢ ᠬᠤᠭᠤᠴᠠᠭᠠᠨ ᠤ ᠬᠢ ᠠᠴᠠ 29.8% ᠪᠠᠭᠤᠷᠠᠪᠠ︔ ᠠᠶᠤᠯᠭᠦᠢ | ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠢ ᠲᠤᠰᠬᠠᠢ ᠪᠠᠶᠢᠴᠠᠭᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠡᠯ᠎ᠡ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠡᠩ | ᠪᠠᠲᠤᠳᠬᠠᠨ᠎ᠠ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠵᠦ᠂ | ᠴᠡᠷᠢᠭ ᠠᠴᠠ ᠬᠠᠯᠠᠭᠳᠠᠭᠰᠠᠳ ᠤᠨ ᠬᠠᠤᠯᠢ ᠤᠯᠠᠨ ᠲᠦᠮᠡᠨ ᠤ ᠪᠦᠯᠬᠦᠮ ᠤᠨ ᠠᠵᠢᠯ ᠢ ᠬᠤᠯᠪᠣᠯᠳᠤᠭᠤᠯᠤᠨ | ᠬᠦᠴᠦᠯᠡᠵᠦ᠂ ᠡᠪᠯᠡᠯ ᠤᠨ ᠬᠤᠷᠢᠶ᠎ᠡ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠤᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ︽ᠪᠢ | ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ ᠶᠠᠪᠤᠳᠠᠯ ᠢ ᠰᠢᠢᠳᠪᠦᠷᠢᠯᠡᠵᠦ ᠥᠭᠬᠦ︾ ᠰᠢᠷᠢᠰ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ | ᠠᠵᠢᠯᠳᠠᠨ ᠠᠵᠢᠯᠴᠢᠨ ᠤᠯᠠᠨ ᠲᠦᠮᠡᠨ ᠵᠡᠷᠭᠡ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠬᠠᠮᠠᠭᠠᠯᠠᠪᠠ︔ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠪᠦᠬᠦ ᠤᠯᠤᠰ ᠤᠨ ︽ᠲᠠᠪᠤᠨ ᠰᠠᠶᠢᠨᠲᠠᠶ︾ | ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠲᠠᠪᠤᠳᠤᠭᠠᠷ ᠤᠳᠠᠭᠠᠨ ᠤ | ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠲᠠᠩᠰᠠ ᠡᠪᠬᠡᠮᠡᠯ᠂ ᠲᠡᠤᠬᠡ ᠣᠶᠢᠯᠠᠯᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ ᠡᠷᠲᠡ ᠴᠢᠯᠥᠭᠡᠯᠡᠭᠳᠡᠭᠰᠡᠨ | ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃ | ︵ᠨᠠᠢᠮᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ | ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ | ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ | ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ | ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠲᠦᠯᠬᠢᠨ ᠠᠬᠢᠭᠤᠯᠪᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | 56 ᠬᠤᠪᠢ ᠰᠠᠨᠠᠭᠤᠯᠭ᠎ᠠ᠂ 63 ᠬᠤᠪᠢ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ | ᠰᠢᠢᠳᠪᠦᠷᠢᠯᠡᠵᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠬᠤ ᠶᠢ | ᠪᠡᠶᠡᠯᠡᠭᠦᠯᠪᠡ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠪᠠᠶᠢᠩᠭᠤ ᠶᠢᠨ ᠲᠤᠷᠰᠢᠯᠭ᠎ᠠ ᠠᠷᠭ᠎ᠠ ᠬᠢᠳᠡᠯ ᠢ ᠪᠦᠬᠦ ᠣᠷᠣᠨ ᠳᠤ ᠳᠡᠯᠭᠡᠷᠡᠭᠦᠯᠪᠡ᠃ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠵᠡᠷᠭᠡ ᠬᠦᠷᠢᠶᠡᠨ ᠳᠠᠬᠢ ᠲᠤᠰᠬᠠᠶ ᠵᠦᠢᠯ ᠤᠨ ᠬᠢᠨᠠᠨ ᠪᠤᠳᠤᠯᠲᠠ ᠳᠤ | ᠵᠢᠭᠠᠵᠤ ᠭᠠᠷᠭᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠶᠢ ᠵᠢᠷᠤᠮᠵᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠵᠦ᠂ ︽ᠮᠢᠩᠭᠠᠨ ᠵᠦᠢᠯ ᠤᠨ | ᠠᠮᠠᠯᠠᠯᠲᠠ︾ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ | ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ 58.6%᠂ ᠭᠤᠭᠴᠤᠭ᠎ᠠ 43%᠂ ᠮᠠᠲ᠋ᠧᠷᠢᠶᠠᠯ ᠢ 27% ᠪᠠᠷ | ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠭᠦᠢᠴᠡᠳᠭᠡᠭᠰᠡᠨ ᠨᠣᠷᠮ᠎ᠠ 99. | 6% ᠳᠤ ᠬᠦᠷᠴᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠬᠤ | ᠰᠦᠢᠳᠭᠡᠯ ᠢ ᠬᠤᠶᠢᠰᠢᠯᠠᠭᠤᠯᠬᠤ ᠲᠠᠯ᠎ᠠ ᠪᠠᠷ 9500 ᠭᠠᠷᠤᠶ ᠲᠦᠮᠡᠨ ᠲᠥᠭᠦᠷᠢᠭ ᠰᠢᠨ᠎ᠡ ᠪᠠᠷ ᠨᠡᠮᠡᠭᠳᠡᠵᠦ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ 1882 ᠡᠷᠦᠬᠡ ᠰᠢᠨ᠎ᠡ ᠪᠠᠷ ᠨᠡᠮᠡᠭᠳᠡᠭᠦᠯᠪᠡ᠃ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠪᠠ ᠣᠷᠣᠨ | ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠲᠤᠷᠰᠢᠯᠲᠠ ᠳᠤ ᠣᠷᠣᠭᠤᠯᠵᠤ᠂ ᠪᠦᠬᠦ | ᠵᠢᠯ ᠳᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 5.8 ᠳ᠋ᠦᠩᠰᠢᠭᠤᠷ ᠲᠥᠭᠦᠷᠢᠭ ᠠᠷᠢᠯᠭᠠᠪᠠ᠃ | ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠰᠢᠨ᠎ᠡ ᠱᠠᠲᠤᠨ ᠳᠤ ᠣᠷᠣᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ | ᠵᠥᠪᠯᠡᠯ ᠪᠠᠶᠢᠭᠤᠯᠤᠭᠳᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ | 1000 ᠰᠢᠶᠠᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠶᠤᠯ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ | ᠡᠩᠨᠡᠭᠡ ᠠᠴᠠ ᠤᠬᠤᠷᠢᠨ ᠭᠠᠷᠤᠨ᠎ᠠ᠃ | ᠥᠩᠭᠡᠷᠡᠭᠰᠡᠨ ᠨᠢᠭᠡ ᠵᠢᠯ ᠳᠤ᠂ ᠬᠥᠮᠦᠰ ᠢ ᠬᠠᠮᠤᠭ ᠠᠴᠠ ᠤᠷᠮᠠᠰᠢᠭᠤᠯᠤᠨ ᠵᠣᠷᠢᠭᠵᠢᠭᠤᠯᠳᠠᠭ ᠨᠢ ᠪᠢᠳᠡ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠤ᠂ ᠶᠢᠰᠦᠳᠦᠭᠡᠷ | ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠰᠢᠶᠠᠨ ᠢ | ᠠᠮᠵᠢᠯᠲᠠ ᠲᠠᠢ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ︽ᠦᠨᠳᠦᠰᠦᠲᠡᠨ ᠨᠦᠭᠦᠳ ᠠᠨᠠᠷ ᠤᠨ ᠦᠷ᠎ᠡ | ᠰᠢᠭ ᠨᠢᠭᠲᠠ ᠨᠢᠭᠲᠠᠷᠠᠨ ᠪᠦᠯᠬᠦᠮᠳᠡᠬᠦ︾ ᠴᠢᠩ ᠰᠡᠳᠬᠢᠯ ᠤᠨ ᠨᠠᠶᠢᠳᠠᠯᠭ᠎ᠠ ᠶᠢ ᠦᠢᠯᠡᠳᠦᠯᠭᠡᠵᠢᠭᠦᠯᠵᠡᠢ᠃ | ᠬᠥᠮᠦᠰ ᠢ ᠬᠠᠮᠤᠭ ᠠᠴᠠ ᠢᠯᠡᠭᠦᠦ ᠵᠣᠷᠢᠭᠵᠢᠭᠤᠯᠳᠠᠭ ᠨᠢ ᠠᠵᠤ ᠠᠬᠤᠶ ᠦᠷᠭᠦᠯᠵᠢᠯᠡᠨ ᠪᠠᠭᠤᠷᠠᠵᠤ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠭ᠎ᠠ ᠬᠦᠨᠳᠦ ᠬᠡᠴᠡᠭᠦᠦ ᠪᠠᠶᠢᠳᠠᠯ ᠤᠨ | ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠡᠬᠢ ᠰᠤᠷᠪᠤᠯᠵᠢ ᠶᠢ ᠨᠡᠭᠡᠭᠡᠬᠦ ᠶᠢ ᠠᠳᠬᠤᠵᠤ᠂ | ᠵᠠᠷᠤᠯᠭ᠎ᠠ ᠶᠢ ᠠᠷᠪᠢᠯᠠᠬᠤ ᠶᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠢᠶᠠᠨ ᠤ | ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ ᠠᠵᠤ | ᠠᠬᠤᠢ ᠶᠢᠨ ᠭᠦᠢᠴᠡᠳᠬᠡᠯ ᠲᠤᠭ᠎ᠠ ᠶᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠪᠠ᠃ | ᠬᠥᠮᠦᠰ ᠤᠨ ᠰᠡᠳᠬᠢᠯ ᠢ ᠬᠠᠮᠤᠭ ᠠᠴᠠ ᠪᠠᠶᠠᠰᠬᠠᠳᠠᠭ ᠨᠢ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ | ᠵᠦᠢᠯ ᠢ ᠪᠤᠯᠢᠶᠠᠯᠳᠤᠵᠤ᠂ ᠴᠠᠭ ᠮᠥᠴᠡ ᠶᠢ ᠠᠯᠳᠠᠯ ᠦᠭᠡᠢ ᠪᠦᠲᠦᠭᠡᠨ ᠪᠠᠶᠢᠭᠤᠯᠬᠤ ᠲᠦᠷᠦᠯ ᠵᠦᠢᠯ ᠢ ᠪᠠᠶᠢᠭᠤᠯᠵᠤ᠂ | ᠳᠦᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠡᠯ᠎ᠡ ᠠᠷᠠᠯᠵᠢᠶᠠᠴᠢᠨ ᠤᠷᠢᠬᠤ ᠳᠤᠭᠤᠶᠢᠯᠠᠩ ᠪᠡᠭᠡᠵᠢᠩ | ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ | ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠠᠳᠤᠨ ᠭᠤᠣᠯ ᠤᠨ ᠠᠵᠤ ᠠᠬᠤᠢ ᠶᠢᠨ ᠪᠦᠰᠡ ᠳᠤ 172 ᠤᠳᠠᠭ᠎ᠠ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠵᠦ᠂ 526 ᠠᠵᠤ ᠠᠬᠤᠶᠢᠯᠠᠯ ᠲᠠᠢ ᠵᠣᠯᠭᠠᠭᠤᠯᠵᠤ᠂ | ᠰᠤᠷᠪᠤᠯᠵᠢᠯᠠᠬᠤ ᠪᠠᠷ ᠢᠷᠡᠭᠰᠡᠨ 286 ᠠᠵᠤ ᠠᠬᠤᠶᠢᠯᠠᠯ ᠢ ᠬᠦᠯᠢᠶᠡᠨ ᠠᠪᠴᠤ᠂ ᠪᠦᠬᠦ ᠵᠢᠯ ᠳᠤ 62 ᠲᠦᠷᠦᠯ | ᠵᠦᠢᠯ ᠢ ᠰᠢᠨ᠎ᠡ ᠪᠠᠷ ᠭᠠᠷ ᠤᠨ ᠦᠰᠦᠭ ᠵᠢᠷᠤᠵᠤ᠂ 39 ᠲᠦᠷᠦᠯ ᠵᠦᠢᠯ ᠢ ᠲᠣᠭᠲᠠᠭᠠᠵᠤ᠂ 12 ᠲᠦᠷᠦᠯ ᠵᠦᠢᠯ ᠢ | ᠠᠵᠢᠯ ᠡᠬᠢᠯᠡᠭᠦᠯᠵᠦ᠂ 19.7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠪᠠ᠃ | ᠲᠥᠯᠥᠭᠡᠯᠡᠭᠴᠢᠳ ᠡ︕ ᠲᠡᠮᠡᠴᠡᠯ ᠳᠤ ᠵᠣᠪᠠᠭᠤᠷᠢ ᠵᠦᠳᠡᠭᠦᠷᠢ ᠪᠠᠷ ᠳᠦᠭᠦᠷᠴᠦ᠂ ᠠᠮᠵᠢᠯᠲᠠ ᠶᠢ | ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠤ ᠬᠠᠮᠤᠭ ᠤᠨ | ᠦᠨᠳᠦᠰᠦᠨ ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠂ ᠳᠡᠭᠡᠳᠦ ᠱᠠᠲᠤᠨ ᠤ | ᠨᠠᠮ ᠤᠨ ᠬᠤᠷᠢᠶ᠎ᠡ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ | ᠤᠳᠤᠷᠢᠳᠤᠯᠭ᠎ᠠ ᠳᠤ ᠪᠤᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠤ ᠪᠤᠢ᠂ ᠪᠦᠬᠦ ᠰᠢᠶᠠᠨ ᠤ | ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠵᠦ ᠤᠷᠤᠭᠰᠢᠯᠠᠨ | ᠲᠠᠪᠰᠢᠬᠤ ᠳᠤ ᠪᠤᠢ︕ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ | ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠤ᠂ ᠠᠷᠠᠳ ᠤᠨ ᠪᠦᠯᠬᠦᠮ ᠤᠳ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ᠂ | ᠰᠢᠩ ᠾᠧ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠲᠡᠭᠦᠨ ᠳᠤ | ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ ᠪᠢᠳᠡ ᠪᠠᠰᠠ ᠮᠠᠨ ᠤ ᠰᠢᠶᠠᠨ ᠤ ᠬᠥᠭᠵᠢᠯᠲᠡ ᠶᠠᠭ | ᠠᠭᠤᠯᠠᠨ ᠳᠤ ᠥᠩᠬᠦᠷᠢᠳᠦᠨ ᠭᠠᠷᠬᠤ᠂ ᠳᠠᠪᠠᠭ᠎ᠠ ᠶᠢ ᠳᠠᠪᠠᠵᠤ ᠳᠠᠪᠠᠭ᠎ᠠ ᠶᠢ ᠳᠠᠪᠠᠭ᠋ᠤ ᠵᠠᠩᠭᠢᠯᠠᠭ᠎ᠠ ᠶᠢᠨ ᠴᠠᠭ | ᠦᠶ᠎ᠡ ᠳᠤ ᠣᠷᠣᠰᠢᠵᠤ᠂ ᠬᠥᠭᠵᠢᠯᠲᠡ ᠶᠢᠨ ᠶᠠᠪᠤᠴᠠ ᠳᠤ ᠪᠠᠰᠠ ᠴᠥᠭᠡᠨ ᠪᠤᠰᠤ ᠵᠥᠷᠢᠴᠡᠯ ᠪᠠ ᠠᠰᠠᠭᠤᠳᠠᠯ | ᠣᠷᠣᠰᠢᠵᠤ᠂ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ | ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠡᠨᠡ ᠨᠢ ᠭᠤᠣᠯᠳᠠᠭᠤ᠄ ᠠᠵᠤ ᠠᠬᠤᠶ ᠶᠢᠨ | ᠶᠡᠷᠦᠩᠬᠡᠶ ᠬᠡᠮᠵᠢᠶ᠎ᠡ ᠮᠥᠨ ᠯᠡ ᠪᠠᠭ᠎ᠠ ᠰᠢᠭ᠋᠂ ᠪᠦᠲᠦᠴᠡ ᠰᠢᠯᠢᠳᠡᠭ ᠪᠤᠰᠤ᠂ ᠪᠦᠲᠦᠮᠵᠢᠲᠡᠶ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠬᠥᠭᠵᠢᠯᠲᠡ ᠶᠢᠨ ᠰᠡᠯᠭᠦᠬᠦ ᠬᠦᠴᠦᠨ ᠬᠦᠴᠦᠨ | ᠮᠡᠬᠦᠰᠳᠡᠵᠦ ᠪᠠᠶᠢᠭ᠎ᠠ ᠣᠳᠣᠬᠢ ᠪᠠᠶᠢᠳᠠᠯ ᠢ ᠳᠠᠷᠤᠶ ᠲᠦᠷᠭᠡᠨ ᠬᠤᠪᠢᠷᠠᠭᠤᠯᠬᠤ ᠴᠢᠬᠤᠯᠠᠲᠠᠶ ᠪᠠᠶᠢᠨ᠎ᠠ︔ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠤᠯᠠᠨ ᠨᠡᠶᠢᠲᠡ ᠶᠢᠨ | ᠦᠢᠯᠡᠴᠢᠯᠡᠭᠡ ᠵᠡᠷᠭᠡ ᠬᠦᠷᠢᠶ᠎ᠡ ᠨᠢ ᠤᠯᠠᠨ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠣᠬᠢᠬᠤ ᠵᠦᠷᠢᠶ᠎ᠡ ᠲᠠᠢ | ᠪᠠᠶᠢᠵᠤ᠂ ᠬᠡᠰᠡᠭ ᠬᠦᠷᠢᠶᠡᠨ ᠤ ᠳᠤᠲᠠᠭᠤᠳᠠᠯ ᠪᠠᠭᠤᠷᠠᠢ ᠵᠦᠢᠯᠡᠰ ᠢ ᠨᠥᠬᠦᠪᠥᠷᠢᠯᠡᠬᠦ ᠴᠢᠬᠤᠯᠠᠲᠠᠢ ᠪᠠᠶᠢᠨ᠎ᠠ︔ ᠣᠨᠴᠠ | ᠵᠠᠷᠢᠮ ᠠᠵᠢᠯ ᠲᠥᠷᠥᠯ ᠤᠨ ᠰᠠᠯᠠᠭ᠎ᠠ ᠮᠥᠴᠢᠷ ᠤᠨ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ | ᠣᠶᠢᠯᠠᠭᠠᠭᠳᠠᠬᠤᠨ᠂ ᠠᠵᠢᠯ ᠤᠨ ᠰᠤᠷᠲᠠᠯ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ | ᠥᠬᠡᠶ ᠪᠠᠶᠢᠵᠤ᠂ ᠰᠦᠪᠡᠭᠴᠢᠯᠡᠬᠦ ᠤᠬᠠᠮᠰᠠᠷ᠂ ᠲᠡᠮᠡᠴᠡᠬᠦ ᠡᠷᠴᠢ ᠵᠣᠷᠢᠭ᠂ ᠠᠵᠢᠯᠯᠠᠬᠤ ᠦᠷ᠎ᠡ ᠪᠦᠲᠦᠮᠵᠢ ᠶᠢ | ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠡᠷᠬᠡᠪᠰᠢ ᠵᠣᠷᠢᠭᠲᠠᠶ ᠪᠠᠷ ᠰᠢᠭᠤᠳ ᠬᠠᠨᠳᠤᠵᠤ | ᠂ ᠨᠢᠭᠤᠵᠤ ᠳᠠᠯᠳᠠᠯᠠᠬᠤ ᠦᠭᠡᠢ᠂ ᠵᠠᠶᠢᠯᠠᠬᠤ ᠦᠭᠡᠢ᠂ ᠴᠠᠯᠠᠭᠠᠶᠢᠷᠠᠬᠤ ᠦᠭᠡᠢ ᠪᠠᠶᠢᠵᠤ᠂ ᠳᠤᠲᠠᠭᠤᠳᠠᠯ ᠢᠶᠠᠨ | ᠬᠦᠴᠦᠯᠡᠨ ᠨᠥᠬᠦᠪᠥᠷᠢᠯᠡᠵᠦ᠂ ᠰᠠᠭᠤᠷᠢ ᠪᠠᠨ ᠪᠠᠬᠢᠵᠢᠭᠦᠯᠵᠦ᠂ ᠰᠡᠯᠭᠦᠬᠦ ᠬᠦᠴᠦᠨ ᠢᠶᠠᠨ ᠨᠡᠮᠡᠭᠳᠡᠭᠦᠯᠵᠦ᠂ ᠰᠢᠶᠠᠨ ᠤ | ᠨᠠᠮ ᠤᠨ ᠬᠤᠷᠢᠶᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ | ᠪᠦᠬᠦ ᠬᠦᠴᠦᠨ ᠴᠢᠳᠠᠯ ᠢᠶᠠᠨ ᠰᠢᠪᠬᠠᠨ ᠬᠥᠭᠵᠢᠭᠦᠯᠦᠨ ᠮᠠᠨᠳᠤᠭᠤᠯᠬᠤ ᠪᠠ ᠡᠯ᠎ᠡ ᠵᠦᠢᠯ ᠤᠨ ᠦᠢᠯᠡᠰ ᠢᠶᠠᠨ | ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠶ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ᠂ ᠶᠡᠷᠦ ᠪᠤᠰᠤ ᠶᠢᠨ ᠠᠴᠢ | ᠬᠤᠯᠪᠣᠭᠳᠠᠯ ᠲᠠᠢ ᠶᠤᠮ᠃ ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ | ᠲᠦᠷᠭᠡᠨ ᠬᠥᠭᠵᠢᠵᠦ᠂ ᠳᠡᠯᠡᠬᠡᠢ ᠶᠢᠨ ᠪᠠᠶᠢᠳᠠᠯ ᠰᠠᠮᠠᠭᠤᠷᠠᠨ ᠰᠣᠯᠪᠢᠴᠠᠵᠤ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠪᠠᠭᠠᠰᠴᠤ᠂ ᠬᠠᠩᠭᠠᠯᠭ᠎ᠠ ᠶᠢᠨ ᠲᠠᠭᠠᠷᠢᠯᠳᠠ᠂ ᠵᠢᠱᠢᠯᠲᠡ ᠶᠢᠨ ᠪᠠᠭᠤᠷᠠᠯᠲᠠ ᠵᠡᠷᠭᠡ ᠭᠤᠷᠪᠠᠨ ᠳᠠᠪᠬᠤᠷ | ᠳᠠᠷᠤᠯᠲᠠ ᠮᠥᠨᠬᠦ ᠨᠡᠯᠢᠶᠡᠳ ᠶᠡᠭᠡ ᠪᠠᠶᠢᠨ᠎ᠠ᠂ ᠭᠡᠪᠡᠴᠦ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ | ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠭᠦᠢᠴᠡᠳ ᠪᠠᠶᠢᠵᠤ᠂ ᠲᠥᠪ ᠤᠨ ᠠᠵᠤ | ᠠᠬᠤᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠦᠷᠭᠦᠯᠵᠢᠯᠡᠨ ᠢᠯᠡᠷᠡᠵᠦ ᠪᠠᠶᠢᠬᠤ | ᠪᠥᠭᠡᠳ ᠦᠷᠭᠦᠯᠵᠢᠯᠡᠨ ᠬᠦᠴᠦᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠳᠠᠬᠢᠨᠲᠠ | ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠬᠤ ᠠᠤᠭ᠎ᠠ ᠵᠣᠷᠢᠭ ᠣᠮᠤᠭ ᠵᠣᠷᠢᠭ ᠢ ᠬᠥᠭᠵᠢᠭᠡᠵᠡᠢ︔ ᠲᠦᠷᠦ ᠶᠢᠨ ᠶᠠᠪᠤᠳᠠᠯ ᠤᠨ ᠬᠤᠷᠢᠶ᠎ᠡ ᠠᠴᠠ | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠦ᠂ ᠮᠠᠨ ᠤ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠵᠤ᠂ ᠡᠷᠬᠢᠮ ᠨᠠᠨᠳᠢᠨ ᠠᠵᠠ ᠲᠣᠬᠢᠶᠠᠯ ᠣᠯᠭᠤᠵᠠᠢ | ᠃ ᠰᠢᠩ ᠡᡁᠧ ᠰᠢᠶᠠᠨ ᠨᠢ ᠥᠪᠥᠷ ᠮᠣᠩᠭᠤᠯ ᠤᠨ ᠨᠡᠶᠢᠰᠯᠡᠯ ᠠᠴᠠ ᠬᠠᠮᠤᠭ ᠤᠨ ᠤᠢᠢᠷ᠎ᠠ ᠰᠢᠶᠠᠨ ᠪᠣᠯᠤᠭᠰᠠᠨ ᠤ | ᠬᠤᠪᠢ ᠳᠤ᠂ ᠶᠠᠭ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠳᠠᠪᠬᠤᠴᠠᠬᠤ ᠬᠤᠭᠤᠴᠠᠭ᠎ᠠ᠂ ᠲᠦᠷᠦ ᠶᠢᠨ | ᠪᠤᠳᠤᠯᠭ᠎ᠠ ᠶᠢᠨ ᠠᠰᠢᠭ ᠢ ᠪᠠᠳᠠᠷᠠᠭᠤᠯᠬᠤ ᠬᠤᠭᠤᠴᠠᠭ᠎ᠠ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ | ᠬᠤᠭᠤᠴᠠᠭ᠎ᠠ᠂ ᠤᠷᠳᠤ ᠬᠤᠭᠤᠴᠠᠭ᠎ᠠ ᠪᠠᠷ ᠬᠤᠷᠠᠮᠳᠤᠭᠤᠯᠬᠤ ᠬᠥᠭᠵᠢᠯᠲᠡ ᠶᠢᠨ ᠰᠠᠭᠤᠷᠢ ᠳᠤ ᠣᠷᠣᠰᠢᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠳᠠᠪᠠᠭᠤᠯᠢᠭ ᠦᠷᠭᠦᠯᠵᠢᠯᠡᠨ ᠪᠠᠳᠠᠷᠠᠬᠤ ᠪᠣᠯᠤᠨ᠎ᠠ᠃ | ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ | ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ | ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ | ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ | ᠬᠤᠷᠠᠯ ᠵᠢᠴᠢ ᠪᠦᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠤᠱᠯᠠᠭᠤᠯᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ | ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ | ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶ | ᠬᠡᠷᠡᠭᠵᠢᠭᠦᠯᠦᠨ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠲᠦᠷᠭᠡᠪᠴᠢᠯᠡᠨ ᠪᠠᠶᠢᠭᠤᠯᠵᠤ᠂ ᠠᠵᠤ | ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠶ | ᠨᠡᠮᠡᠭᠳᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠲᠦᠯᠬᠢᠨ ᠠᠬᠢᠭᠤᠯᠬᠤ ᠶᠠᠪᠤᠴᠠ ᠳᠤ ᠨᠡᠩ ᠶᠡᠭᠡ ᠬᠥᠭᠵᠢᠯ ᠪᠠ ᠬᠤᠪᠢ ᠨᠡᠮᠡᠷᠢ ᠦᠵᠡᠭᠦᠯᠬᠦ ᠬᠡᠷᠡᠭᠲᠡᠶ᠃ | ᠪᠦᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠭᠰᠠᠨ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ ᠢ 10% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 15% ᠣᠷᠴᠢᠮ ᠢᠶᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ ᠶᠢ 6% ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠨᠢᠭᠡᠴᠢ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ ᠬᠤᠷᠣᠭᠳᠠᠯ ᠢ ᠳᠡᠭᠡᠰᠦ | ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠪᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠶ ᠶᠢ ᠰᠡᠷᠭᠦᠭᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠠ | ᠰᠡᠷᠭᠦᠭᠡᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠣᠯᠤᠨ ︽ᠬᠤᠶᠠᠷ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ | ᠡᠭᠦᠳᠬᠦ ᠰᠠᠭᠤᠷᠢᠨ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠦᠩᠭᠡ ᠶᠢ ᠴᠢᠮᠡᠭᠯᠡᠨ᠎ᠡ᠃ | | ᠪᠥᠬᠦ ᠴᠠᠷᠠᠭ᠎ᠠ ᠶᠢᠨ ︽ᠨᠣᠭᠤᠭᠠᠷᠠᠭᠤᠯᠤᠯᠲᠠ ᠶᠢ ᠥᠷᠭᠡᠳᠬᠡᠬᠦ︾ ᠶᠢᠨ ᠲᠣᠭᠤᠷᠢᠨ ᠳᠤ᠂ ᠠᠮᠢ ᠠᠬᠤᠶ ᠶᠢᠨ | ᠰᠡᠷᠭᠦᠭᠡᠯᠲᠡ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠠᠮᠢ ᠠᠬᠤᠶ ᠶᠢᠨ ᠰᠢᠰᠲ᠋ᠧᠮ ᠢ ᠵᠠᠰᠠᠨ ᠰᠡᠷᠭᠦᠭᠡᠬᠦ ᠶᠢ | ᠴᠢᠩᠭᠠᠳᠬᠠᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ | ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ | ︽ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ | ᠴᠣᠠᠠᠴᠠᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ ᠠᠮᠢ | ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠢ ᠰᠠᠶᠢᠲᠤᠷ ᠬᠢᠵᠦ᠂ ᠵᠢᠯ ᠤᠨ ᠳᠣᠲᠣᠷ᠎ᠠ ᠮᠠᠭᠤᠳᠠᠭᠰᠠᠨ ᠣᠶ | ᠰᠢᠭᠤᠶ ᠶᠢᠨ ᠬᠠᠯᠬᠠᠪᠴᠢ ᠣᠶ ᠶᠢ ᠰᠡᠷᠭᠦᠭᠡᠬᠦ᠂ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠣᠶ ᠰᠢᠭᠤᠶ ᠶᠢ | ᠠᠷᠠᠴᠢᠯᠠᠨ ᠪᠤᠶᠢᠵᠢᠭᠤᠯᠬᠤ 2.6 ᠲᠦᠮᠡᠨ ᠮᠥ ᠠᠵᠢᠯ ᠢ ᠪᠡᠶᠡᠯᠡᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ | ᠲᠦᠷᠢᠮ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ | ᠴᠢᠩᠭᠠᠷᠠᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠶᠠᠭᠳᠠᠮᠠᠯ | ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠶᠢ 28 ᠡᠾᠤᠺᠲ᠋ᠠᠷ ᠪᠡᠶᠡᠯᠡᠭᠦᠯᠪᠡ᠃ ᠬᠠᠮᠠᠭᠠᠯᠠᠬᠤ ᠪᠠ ᠨᠡᠭᠡᠭᠡᠨ | ᠬᠥᠭᠵᠢᠭᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ | ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠭᠤᠨ ᠪᠠᠶᠢᠬᠤ ᠪᠠ ᠲᠡᠩᠴᠡᠭᠦᠷᠢᠲᠡᠶ | ᠪᠠᠶᠢᠬᠤ ᠶᠢ ᠬᠠᠮᠠᠭᠠᠯᠠᠨ᠎ᠠ᠃ | ᠭᠦᠨ ᠬᠡᠮᠵᠢᠶᠡᠨ ᠤ ︽ᠪᠣᠬᠢᠷᠲᠤᠯ ᠢ ᠪᠠᠭᠠᠰᠬᠠᠬᠤ︾ ᠶᠢᠨ ᠲᠣᠭᠤᠷᠢᠨ ᠳᠤ᠂ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠦᠬᠡ ᠲᠩᠷᠢ ᠬᠥᠬᠡᠮᠳᠦᠭ ᠤᠰᠤ ᠴᠡᠪᠡᠷ ᠬᠥᠷᠥᠰᠥ ᠶᠢ | ᠬᠠᠮᠠᠭᠠᠯᠠᠬᠤ ᠲᠠᠶᠢᠨ ᠢ ᠭᠦᠨᠵᠡᠭᠡᠢ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠢᠯᠭᠠᠬᠤ᠂ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠲᠥᠪ ᠬᠤᠲᠠ ᠶᠢᠨ ᠲᠣᠭᠤᠷᠢᠭ ᠤᠨ PM2.5 ᠶᠢᠨ ᠳᠤᠮᠳᠠᠴᠢ ᠥᠳᠬᠡᠴᠡ ᠶᠢ 26 ᠮᠢᠺᠷᠥᠭᠷᠠᠮ / | ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ ᠢ 93% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ ᠠᠷᠢᠭᠤᠨ ᠴᠡᠪᠡᠷ ᠢᠶᠠᠷ | ᠳᠤᠯᠠᠭᠠᠯᠠᠬᠤ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ 6900 ᠡᠷᠦᠬᠡ ᠳᠤ ︽ᠨᠡᠭᠦᠷᠡᠰᠦ ᠶᠢ | ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠪᠡᠶᠡᠯᠡᠭᠦᠯᠵᠦ᠂ 8.2 ᠲᠦᠮᠡᠨ ᠲᠡᠭᠰᠢ ᠳᠥᠷᠪᠡᠯᠵᠢᠨ ᠮᠧᠲᠷ ᠤᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠡᠯ ᠳ᠋ᠤᠤ ᠾᠧ ᠭᠤᠤᠯ᠂ ᠶᠢᠨ ᠽᠢ ᠾᠧ ᠭᠤᠤᠯ᠂ ᠵᠦ ᠵᠢᠶᠠ ᠶᠢᠩ ᠾᠧ ᠭᠤᠤᠯ᠂ ᠰᠠᠶᠢᠠᠤᠰᠤ | ᠭᠤᠤᠯ᠂ ᠤᠷᠠᠨ ᠬᠠᠵᠢᠨ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠠᠬᠢᠭᠤᠯᠵᠤ᠂ ᠴᠢᠶᠠᠨ ᠾᠧ ᠭᠤᠤᠯ ᠤᠨ | ᠠᠮᠢ ᠠᠬᠤᠶ ᠶᠢᠨ ᠨᠤᠭᠤ ᠭᠠᠵᠠᠷ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ | ︔ ᠬᠤᠲᠠ ᠬᠥᠳᠡᠭᠡ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠵᠦ᠂ | ᠤᠯᠤᠰ ᠠᠴᠠ ᠡᠵᠡᠮᠳᠡᠬᠦ ᠣᠭᠲᠣᠯᠤᠭᠠᠰᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠦᠨᠡᠨᠬᠦ ᠪᠠᠲᠤᠯᠠᠵᠤ᠂ ᠴᠠᠭᠠᠨ ᠨᠠᠭᠤᠷ ᠤᠨ | ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠪᠡᠶᠡᠯᠡᠭᠦᠯᠦᠨ᠎ᠡ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾᠂ ︽ᠴᠠᠭᠠᠨ ᠭᠠᠵᠠᠷ ᠢ ᠤᠰᠤᠯᠠᠬᠤ︾ ᠵᠡᠷᠭᠡ | ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠢᠨᠵᠧᠨᠧᠷᠢᠩ᠂ ᠲᠠᠷᠢᠶᠠᠯᠠᠩ ᠤᠨ ᠮᠡᠷᠭᠡᠰᠢᠯ᠂ ᠳᠦᠷᠦᠯ ᠵᠦᠢᠯ᠂ ᠪᠦᠲᠦᠴᠡ᠂ ᠲᠣᠭᠲᠠᠴᠠ ᠵᠡᠷᠭᠡ ︽ᠲᠠᠪᠤᠨ ᠬᠡᠰᠡᠭ︾ | ᠤᠨ ᠤᠰᠤ ᠠᠷᠪᠢᠯᠠᠬᠤ ᠶᠡᠷᠦᠩᠬᠡᠶᠢᠯᠡᠭᠰᠡᠨ ᠬᠤᠷᠠᠮᠠᠯ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠳᠦᠯᠬᠢᠨ | ᠠᠬᠢᠭᠤᠯᠵᠤ᠂ ᠳᠠᠯᠠᠩ ᠢᠶᠠᠷ ᠳᠤᠰᠤᠯᠭᠠᠨ ᠤᠰᠤᠯᠠᠬᠤ᠂ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ | ᠪᠣᠷᠣᠭᠠᠨ ᠤ ᠤᠰᠤ ᠶᠢ ᠬᠤᠷᠠᠮᠳᠤᠭᠤᠯᠤᠨ ᠤᠰᠤᠯᠠᠬᠤ ᠶᠢ ᠨᠥᠬᠦᠪᠥᠷᠢᠯᠡᠬᠦ ᠵᠡᠷᠭᠡ ᠤᠰᠤ ᠠᠷᠪᠢᠯᠠᠬᠤ ᠮᠡᠷᠭᠡᠵᠢᠯ ᠢ | ᠭᠤᠣᠯᠳᠠᠯᠭ᠎ᠠ ᠲᠠᠢ ᠳᠡᠯᠭᠡᠷᠡᠭᠦᠯᠵᠦ᠂ ᠤᠰᠤ ᠶᠢ ᠨᠠᠷᠢᠯᠢᠭ ᠣᠨᠣᠴᠠᠲᠠᠶ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ | ᠰᠦᠷᠴᠢᠨ ᠤᠰᠤᠯᠠᠬᠤ ᠴᠠᠭᠠᠷᠢᠭ ᠢ ᠡᠷᠡᠰ ᠴᠠᠭᠠᠵᠠᠯᠠᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠣᠷᠣᠨ ᠪᠦᠰᠡ ᠳᠤ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ ᠤᠰᠤᠨ ᠤ ᠬᠡᠮᠵᠢᠶ᠎ᠡ ᠶᠢ ᠰᠢᠨ᠎ᠡ ᠪᠠᠷ | ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠪᠦᠬᠦ ᠣᠷᠣᠨ ᠪᠦᠰᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ | ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠬᠦ ᠬᠡᠷᠡᠭᠲᠡᠶ︔ ᠬᠤᠲᠠ ᠪᠠᠯᠭᠠᠰᠤ᠂ ᠣᠲᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠶᠢ ᠶᠡᠷᠦᠩᠬᠡᠶᠢᠯᠡᠨ ᠬᠠᠮᠵᠢᠯᠴᠠᠨ | ᠰᠢᠢᠳᠪᠦᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠬᠢᠷ ᠤᠰᠤ ᠶᠢ ᠰᠢᠢᠳᠪᠦᠷᠢᠯᠡᠬᠦ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠷᠥᠰᠥ ᠰᠢᠷᠣᠶ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠲᠦᠯᠬᠢᠨ ᠠᠬᠢᠭᠤᠯᠵᠤ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ | ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠪᠦᠬᠦ ᠰᠢᠶᠠᠨ ᠢᠶᠠᠷ ᠲᠦᠯᠬᠢᠨ ᠠᠬᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠶᠠᠭᠳᠠᠮᠠᠯ | ᠬᠠᠭᠤᠴᠢᠨ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠤᠷᠮ᠎ᠠ ᠶᠢ 85% ᠠᠴᠠ | ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ︔ ᠬᠤᠲᠠ ᠶᠢᠨ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠬᠤᠷᠢᠶᠠᠨ | ᠠᠪᠴᠤ ᠠᠰᠢᠭᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠴᠤᠭᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠥᠪᠯᠡᠷᠡᠭᠦᠯᠦᠨ ᠲᠥᠷᠥᠯ ᠬᠤᠪᠢᠶᠠᠨ | ᠬᠠᠶᠠᠬᠤ ᠶᠢ ᠶᠡᠬᠡᠪᠡᠷ ᠰᠠᠨᠠᠭᠠᠴᠢᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠎ᠠ᠃ | ᠪᠣᠬᠢᠷᠲᠤᠯ ᠦᠭᠡᠢ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ︾ ᠶᠢᠨ ᠲᠣᠭᠤᠷᠢᠨ ᠳᠤ᠂ | ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠣᠬᠢᠷᠲᠤᠯ ᠥᠬᠡᠶ | ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ ᠬᠥᠲᠥᠯᠦᠨ ᠵᠢᠯᠣᠭᠤᠳᠴᠤ | ᠪᠠᠶᠢᠭᠠᠳ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ | ᠡᠵᠡᠮᠳᠡᠬᠦ︾ ᠶᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠬᠤᠶᠠᠷ ᠢ | ᠡᠵᠡᠮᠳᠡᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ︽ᠬᠤᠶᠠᠷ ᠥᠨᠳᠥᠷ ᠨᠢᠭᠡ ᠳᠣᠤᠷ᠎ᠠ︾ ᠶᠢᠨ ᠲᠥᠷᠥᠯ | ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ | ᠬᠠᠷᠢᠯᠴᠠᠭ᠎ᠠ ᠵᠡᠷᠭᠡ ᠬᠦᠷᠢᠶᠡᠨ ᠳᠠᠬᠢ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ︽ | ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠮᠦᠷ ᠤᠨ | ᠬᠠᠶᠢᠯᠤᠰᠢ ᠶᠢᠨ ᠠᠵᠢᠯ ᠲᠦᠷᠦᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠨ ᠬᠥᠳᠡᠯᠭᠡᠬᠦ ᠬᠦᠴᠦᠨ ᠤ ᠳ᠋ᠢᠶᠠᠨ | ᠤᠤᠢ᠂ ᠬᠡᠷᠡᠯ ᠴᠡᠨᠡᠭ ᠤᠨ ᠰᠡᠯᠪᠢᠭ ᠲᠣᠨᠤᠭ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ | ᠨᠠᠪᠴᠢᠨ ᠢᠯᠲᠠᠰᠤ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ | ᠠᠰᠢᠭᠯᠠᠬᠤ ᠶᠢ ᠴᠢᠩᠭᠠᠷᠠᠭᠤᠯᠵᠤ᠂ ᠷᠦᠢ ᠨᠢᠦ ᠶᠢᠨ 5 ᠲᠦᠮᠡᠨ ᠲᠣᠨ ᠤ ᠬᠠᠶᠠᠭᠳᠠᠮᠠᠯ ᠰᠠᠯᠬᠢᠨ ᠬᠦᠴᠦᠨ ᠤ | ᠴᠠᠬᠢᠯᠭᠠᠨ ᠤ ᠨᠠᠪᠴᠢᠨ ᠢᠯᠲᠠᠰᠤ ᠶᠢ ᠰᠢᠢᠳᠪᠦᠷᠢᠯᠡᠵᠦ ᠳᠠᠬᠢᠨ ᠠᠰᠢᠭᠯᠠᠬᠤ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠤᠷᠤᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠪᠣᠳᠠᠲᠤ | ᠴᠣᠭᠴᠠ ᠶᠢᠨ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠶᠠᠰᠤ | ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠵᠦ᠂ ᠠᠵᠤ ᠦᠢᠯᠡᠰ ᠤᠨ ᠪᠦᠲᠦᠴᠡ ᠶᠢ ᠳᠠᠰᠤᠷᠠᠯᠳᠠ | ᠦᠬᠡᠢ ᠰᠢᠯᠢᠳᠡᠭᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲᠧᠮ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ | | ᠰᠢᠨ᠎ᠡ ᠬᠡᠯᠪᠡᠷᠢ ᠶᠢᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ | ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ | ᠪᠠᠷᠢᠮᠲᠠᠯᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ | ᠲᠦᠷᠭᠡᠳᠬᠡᠵᠦ᠂ ᠲᠦᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ | ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ︽ᠲᠥᠪᠯᠡᠷᠡᠭᠰᠡᠨ ᠣᠷᠣᠨ︾ ᠢ ᠬᠦᠴᠦᠯᠡᠨ ᠴᠣᠭᠴᠠᠯᠠᠨ᠎ᠠ᠃ ᠰᠢᠨ᠎ᠡ | ᠡᠨᠧᠷᠭᠢ ᠶᠢᠨ ᠠᠵᠤ ᠦᠢᠯᠡᠰ ᠨᠢ᠂ ᠤᠯᠤᠰ ᠤᠨ ︽ᠤᠯᠠᠭᠠᠨᠴᠠᠪ — ᠪᠡᠭᠡᠵᠢᠩ︾ ᠤᠨ ᠤᠰᠤᠲᠥ᠋ᠷᠥᠭᠴᠢ | ᠳᠠᠮᠵᠢᠭᠤᠯᠬᠤ ᠬᠤᠭᠤᠯᠠᠶ ᠶᠢ ᠪᠥᠲᠥᠭᠡᠨ ᠪᠠᠶᠢᠭᠤᠯᠬᠤ ᠲᠣᠬᠢᠶᠠᠯ ᠢ ᠠᠰᠢᠭᠯᠠᠨ᠂ ᠥᠩᠭᠡ ᠦᠵᠡᠮᠵᠢ ᠤᠰᠤᠲᠥ᠋ᠷᠥᠭᠴᠢ | ᠨᠥᠭᠡᠴᠡᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠭᠤᠤᠯᠳᠠᠯᠭ᠎ᠠ ᠲᠠᠢ ᠠᠬᠢᠭᠤᠯᠵᠤ᠂ ᠳᠤᠮᠳᠠᠳᠤ | ᠤᠯᠤᠰ ᠤᠨ ᠴᠠᠬᠢᠯᠭᠠᠨ ᠬᠦᠴᠦᠨ ᠤ ᠰᠢᠨ᠎ᠡ ᠡᠨᠧᠷᠭᠢ + ᠴᠠᠬᠢᠯᠭᠠᠨ ᠵᠠᠳᠠᠯᠤᠯᠲᠠ ᠶᠢᠨ ᠤᠰᠤ ᠪᠠᠷ ᠤᠰᠤᠲᠥ᠋ᠷᠥᠭᠴᠢ | ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠤᠮᠠᠷᠠᠲᠤ ᠣᠷᠣᠨ ᠤ ᠴᠢᠯᠠᠭᠤᠨ ᠲᠣᠰᠣᠨ ᠤ | ᠠᠭᠤᠷᠬᠠᠶ ᠶᠢᠨ ᠥᠩᠭᠡ ᠦᠵᠡᠮᠵᠢ ᠪᠠᠷ ᠴᠠᠬᠢᠯᠭᠠᠨ ᠭᠠᠷᠭᠠᠵᠤ ᠤᠰᠤᠲᠥ᠋ᠷᠥᠭᠴᠢ ᠦᠢᠯᠡᠳᠬᠦ ᠨᠡᠶᠢᠯᠡᠯᠭᠡ ᠰᠢᠪᠲᠦᠷ | ᠦᠢᠯᠡᠳᠬᠦ᠂ ᠡᠬᠢ ᠦᠵᠡᠮᠵᠢ ᠶᠢᠨ ᠥᠩᠭᠡ ᠦᠵᠡᠮᠵᠢ ᠪᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︔ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠨᠤᠭ | ᠲᠥᠬᠦᠭᠡᠷᠦᠮᠵᠢ ᠵᠢᠴᠢ ᠰᠡᠯᠪᠢᠭ ᠲᠣᠨᠤᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠲᠦᠷᠭᠡᠳᠬᠡᠵᠦ᠂ ᠬᠠᠶᠢᠲᠠᠶ ᠶᠢᠨ ᠰᠢᠨ᠎ᠡ ᠡᠨᠧᠷᠭᠢ ᠶᠢᠨ 1GW ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠪᠠ | 1GW ᠬᠡᠷᠡᠯ ᠴᠡᠨᠡᠭ ᠤᠨ ᠲᠤᠯᠬᠤ ᠵᠢᠶᠠᠰᠠ ᠶᠢᠨ ᠦᠢᠯᠡᠳᠪᠦᠷᠢᠯᠡᠯ ᠤᠨ ᠲᠥᠷᠥᠯ ᠵᠦᠢᠯ ᠤᠨ ᠭᠠᠷᠤᠯᠲᠠ ᠶᠢ | ᠲᠣᠭᠲᠠᠪᠤᠷᠢᠵᠢᠭᠤᠯᠤᠨ ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠳᠡᠭᠡᠳᠦ ᠵᠡᠷᠭᠡ ᠶᠢᠨ ᠠᠵᠤ | ᠠᠬᠤᠶᠢᠯᠠᠯ ᠤᠨ ᠤᠰᠤᠲᠥ᠋ᠷᠥᠭᠴᠢ ᠡᠨᠧᠷᠭᠢ ᠶᠢᠨ ᠵᠢᠯ ᠳᠤ 100 ᠢᠵᠢ ᠤᠰᠤᠲᠥ᠋ᠷᠥᠭᠴᠢ ᠦᠶ᠋ᠯᠡᠳᠬᠦ | ᠲᠥᠬᠦᠭᠡᠷᠦᠮᠵᠢ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠡ | ᠮᠠᠲᠧᠷᠢᠶᠠᠯ ᠤᠨ ᠠᠵᠤ ᠦᠢᠯᠡᠰ᠂ ᠪᠠᠯ ᠴᠢᠯᠠᠭᠤᠨ ᠴᠠᠬᠢᠯᠭᠠᠨ ᠲᠦᠢᠯ ᠪᠣᠯᠤᠨ ᠣᠨᠴᠠ ᠲᠦᠷᠦᠯ ᠤᠨ | ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠮᠠᠲᠧᠷᠢᠶᠠᠯ ᠤᠨ ᠠᠵᠤ ᠦᠢᠯᠡᠰ ᠢ ᠪᠦᠲᠦᠭᠡᠬᠦ ᠪᠠᠷ ᠭᠤᠣᠯᠳᠠᠯᠭ᠎ᠠ ᠪᠣᠯᠭᠠᠵᠤ | ᠂ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠬᠦ ᠪᠠ ᠥᠷᠭᠡᠳᠬᠡᠨ ᠬᠡᠷᠡᠭᠯᠡᠬᠦ ᠶᠢ ᠠᠬᠢᠭᠤᠯᠵᠤ᠂ ᠬᠥᠭᠵᠢᠨ | ᠮᠠᠨᠳᠤᠭᠰᠠᠨ 2 ᠲᠦᠮᠡᠨ ᠲᠣᠨ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ᠂ ᠶᠦᠩ ᠱᠧᠩ ᠰᠢᠨ᠎ᠡ | ᠮᠠᠲᠧᠷᠢᠶᠠᠯ ᠤᠨ 5 ᠲᠦᠮᠡᠨ ᠲᠣᠨ ᠶᠡᠭᠡ ᠬᠡᠮᠵᠢᠶᠡᠨ ᠤ ᠥᠨᠳᠥᠷ ᠴᠢᠳᠠᠯ ᠲᠠᠢ ᠪᠠᠯ ᠴᠢᠯᠠᠭᠤᠨ ᠴᠠᠬᠢᠯᠭᠠᠨ ᠲᠦᠢᠯ᠂ | ᠪᠠᠭᠲᠠᠭᠠᠮᠵᠢᠲᠠᠢ 2 ᠲᠦᠮᠡᠨ ᠲᠣᠨ ᠣᠨᠴᠠ ᠲᠦᠷᠦᠯ ᠤᠨ ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠲᠦᠷᠦᠯ | ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ︔ ᠬᠦᠷᠮᠡᠨ ᠴᠢᠯᠠᠭᠤᠯᠢᠭ ᠤᠨ ᠰᠢᠷᠬᠡᠭ | ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠭᠠᠩ ᠰᠢᠨ᠂ ᠰᠠᠨ ᠰᠢᠨ᠂ ᠹᠦ᠋ ᠰᠧ ᠭᠤᠷᠪᠠᠨ | ᠬᠦᠷᠮᠡᠨ ᠴᠢᠯᠠᠭᠤᠯᠢᠭ ᠤᠨ ᠰᠢᠷᠬᠡᠭ ᠵᠢᠴᠢ ᠲᠡᠭᠦᠨ ᠤ ᠦᠢᠯᠡᠳᠭᠦᠨ ᠤ ᠲᠥᠷᠥᠯ ᠵᠦᠢᠯ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠲᠤ᠂ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠪᠠᠷ ᠥᠨᠳᠥᠷ᠂ ︽ᠪᠣᠬᠢᠷᠲᠤᠯ ᠥᠬᠡᠶ ᠴᠠᠬᠢᠯᠭᠠᠨ︾ ᠥᠨᠳᠥᠷ᠂ | ᠪᠣᠬᠢᠷᠲᠤᠯ ᠪᠠᠭ᠎ᠠ ᠭᠠᠳᠠᠭᠰᠢᠯᠠᠭᠤᠯᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠭᠤᠯᠠ ᠤᠰᠤ᠂ | ᠰᠠᠨ ᠮᠧᠶ᠂ ᠵᠢᠶᠧ ᠶᠣᠣ ᠭᠤᠷᠪᠠᠨ ᠪᠣᠬᠢᠷᠲᠤᠯ ᠥᠬᠡᠶ ᠴᠠᠬᠢᠯᠭᠠᠨ ᠤ ᠣᠷᠣᠯᠠᠬᠤ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠲᠣᠭᠠᠴᠢᠯᠠᠭᠰᠠᠨ ᠠᠵᠤ ᠦᠢᠯᠡᠰ ᠨᠢ ᠠᠵᠤ | ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠣᠭᠠᠴᠢᠯᠠᠭᠰᠠᠨ ᠦᠢᠯᠡᠴᠢᠯᠡᠭᠡ ᠵᠢᠴᠢ ᠮᠡᠷᠭᠡᠵᠢᠯ ᠤᠨ ᠬᠡᠷᠡᠭᠯᠡᠭᠡ᠂ ᠲᠤᠮᠤ ᠳ᠋ᠠᠶᠢᠲ᠋ᠠ᠂ ᠵᠣᠬᠢᠶᠠᠮᠠᠯ ᠣᠶᠤᠨᠴᠢ | ᠴᠢᠳᠠᠪᠤᠷᠢ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠵᠤ᠂ ᠡᠮᠦᠨᠡᠲᠦ | ᠲᠩᠷᠢ ᠶᠢᠨ ᠤᠶᠤᠨᠲᠤ ᠬᠤᠯᠪᠣᠭ᠎ᠠ ᠶᠢᠨ ᠳ᠋ᠠᠶᠢᠲ᠋ᠠ ᠶᠢᠨ ᠤᠶᠤᠨᠲᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ︔ ᠵᠠᠰᠠᠭ ᠤᠨ ᠶᠠᠪᠤᠳᠠᠯ ᠤᠨ ᠡᠭᠦᠯᠡᠨ ᠪᠤᠳᠤᠯᠳᠠ᠂ ᠠᠵᠢᠯ | ᠲᠦᠷᠦᠯ ᠤᠨ ᠡᠭᠦᠯᠡᠨ ᠪᠤᠳᠤᠯᠳᠠ ᠶᠢᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠲᠣᠭᠠᠴᠢᠯᠠᠭᠰᠠᠨ | ᠬᠡᠯᠪᠡᠷᠢ ᠶᠢ ᠬᠤᠪᠢᠷᠠᠭᠤᠯᠬᠤ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ︽ᠡᠭᠦᠯᠡᠨ ᠪᠤᠳᠤᠯᠳᠠ ᠳᠤ | ᠲᠤᠭ᠎ᠠ ᠬᠡᠮᠵᠢᠶ᠎ᠡ ᠶᠢ ᠬᠡᠷᠡᠭᠯᠡᠬᠦ︾ ᠶᠢ ᠵᠣᠷᠢᠭᠵᠢᠭᠤᠯᠤᠨ᠎ᠠ︔ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ 5G ᠶᠢᠨ ᠰᠠᠭᠤᠷᠢ ᠥᠷᠲᠡᠭᠡ ᠶᠢ 90 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ | ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ ᠪᠠ ᠰᠣᠶᠣᠯ ᠵᠢᠭᠤᠯᠴᠢᠯᠠᠯ ᠡᠷᠡᠭᠦᠯ | ᠬᠠᠮᠠᠭᠠᠯᠠᠯ ᠰᠤᠪᠢᠯᠠᠯᠲᠠ ᠶᠢᠨ ᠠᠵᠤ ᠦᠢᠯᠡᠰ ᠢ ᠲᠤᠰᠬᠠᠶᠢᠵᠢᠭᠤᠯᠤᠨ ᠬᠥᠭᠵᠢᠭᠦᠯᠬᠦ᠂ ᠦᠷᠳᠡᠭ ᠤᠨ ᠬᠡᠯᠬᠢᠶ᠎ᠡ ᠶᠢᠨ | ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠡᠳ᠋ ᠪᠠᠷᠠᠭᠠᠨ ᠤ | ᠭᠦᠢᠯᠭᠡᠭᠡᠨ ᠤ ︽ᠳᠠᠭᠠᠭᠠᠴᠠ ᠶᠢᠨ ᠣᠷᠣᠨ︾ ᠪᠠ ᠨᠡᠶᠢᠰᠯᠡᠯ ᠳᠤ ᠬᠠᠨᠳᠤᠭᠤᠯᠤᠭᠰᠠᠨ ︽ᠠᠷᠤ ᠲᠠᠯ᠎ᠠ ᠶᠢᠨ | ᠴᠡᠴᠡᠷᠯᠢᠭ︾ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠴᠢᠨᠠᠷ | ᠰᠠᠶᠢᠲᠠᠶ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠪᠥᠲᠥᠭᠡᠨ | ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠶᠢᠨ ᠡᠷᠬᠢᠨ | ᠲᠣᠭᠤᠷᠢᠨ ᠤ ᠭᠠᠵᠠᠷ ᠣᠷᠣᠨ ᠤ ᠨᠡᠭᠦᠷᠡᠰᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠶ ᠪᠠᠷ ᠳᠠᠭᠠᠭᠠᠨ ᠠᠪᠴᠤ᠂ ᠪᠣᠭᠤᠮᠲᠠ᠂ ᠭᠠᠷᠠᠮ ᠵᠢᠴᠢ ᠲᠠᠪᠤᠨ ᠶᠡᠭᠡ ᠴᠠᠬᠢᠯᠭᠠᠨ | ᠬᠦᠴᠦᠨ ᠤ ᠪᠦᠯᠦᠭᠯᠡᠯ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠨ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠲᠠᠰ ᠳᠡᠪᠰᠢᠵᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠤᠯᠤᠰ ᠤᠨ | ᠲᠠᠰ ᠤᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠰᠠᠭᠤᠷᠢᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ᠂ ᠵᠡᠭᠦᠨ | ᠪᠠᠷᠠᠭᠤᠨ ᠣᠷᠣᠨ ᠢ ᠨᠡᠪᠲᠡᠷᠡᠭᠦᠯᠬᠦ ᠳᠠᠪᠠᠭᠤᠯᠢᠭ ᠢ ᠭᠦᠢᠴᠡᠳ ᠠᠰᠢᠭᠯᠠᠨ᠂ ᠨᠡᠭᠦᠷᠡᠰᠦ ᠤᠬᠢᠶᠠᠵᠤ ᠰᠣᠩᠭᠤᠨ | ᠳᠣᠭᠢᠷᠠᠭᠤᠯᠵᠤ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠶᠢᠨ ᠰᠢᠩ ᠭᠠᠩ | ᠭᠠᠷᠠᠮ ᠤᠨ ᠵᠢᠯ ᠳᠤ 80 ᠲᠦᠮᠡᠨ ᠲᠣᠨ ᠨᠡᠭᠦᠷᠡᠰᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠷᠥᠯ | ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠤᠬᠢᠶᠠᠵᠤ | ᠰᠣᠩᠭᠤᠨ ᠳᠣᠭᠢᠷᠠᠭᠤᠯᠬᠤ ᠶᠢᠨ ᠶᠡᠷᠦᠩᠬᠡᠶ ᠬᠡᠮᠵᠢᠶ᠎ᠡ ᠶᠢ 500 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ | ᠭᠦᠢᠯᠭᠡᠭᠡᠨ ᠤ ᠡᠳ᠋ᠰᠢᠭᠦᠯᠬᠦ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ | ᠪᠦᠯᠦᠭ ᠦᠢᠯᠡᠴᠢᠯᠡᠭᠡ ᠪᠠᠷ ᠴᠢᠨᠠᠷ ᠰᠠᠶᠢᠲᠠᠶ᠂ ᠠᠵᠢᠯᠯᠠᠭᠠᠨ ᠢᠶᠠᠷ ᠥᠨᠳᠥᠷ ᠦᠷ᠎ᠡ ᠪᠦᠲᠦᠮᠵᠢᠲᠡᠶ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠤᠯᠤᠰ ᠤᠨ ᠨᠢᠷᠤᠭᠤᠪᠴᠢ ᠬᠥᠯᠳᠡᠭᠡᠵᠦ | ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ | ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ | ᠬᠠᠩᠭᠠᠯᠭ᠎ᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠣᠶᠣᠯ ᠵᠤᠭᠠᠴᠠᠯ ᠤᠨ | ᠠᠭᠤᠰᠤᠯᠴᠠᠯ ᠢ ᠥᠨᠳᠥᠷ ᠲᠦᠪᠰᠢᠨ ᠢᠶᠠᠷ ᠠᠬᠢᠭᠤᠯᠤᠨ᠎ᠠ᠃ ᠰᠣᠶᠣᠯ ᠢᠶᠠᠷ ᠵᠤᠭᠠᠴᠠᠯ ᠢ ᠱᠤᠭᠤᠬᠤ᠂ ᠵᠤᠭᠠᠴᠠᠯ ᠢᠶᠠᠷ | ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ | ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠢᠩ ᠡᡁᠧ ᠰᠢᠶᠠᠨ ᠢ | ᠥᠪᠡᠷ ᠢᠶᠠᠨ ᠵᠢᠯᠣᠭᠤᠳᠴᠤ ᠵᠤᠭᠠᠴᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ | ᠵᠤᠭᠠᠴᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠤᠭᠠᠴᠠᠯ ᠤᠨ ᠰᠢᠯᠢᠳᠡᠭ ᠰᠣᠩᠭᠤᠯᠲᠠ ᠶᠢᠨ | ᠭᠠᠵᠠᠷ᠂ ᠡᠷᠡᠭᠦᠯ ᠡᠩᠬᠡ ᠰᠤᠪᠢᠯᠠᠯᠲᠠ ᠵᠤᠭᠠᠴᠠᠯ ᠤᠨ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ ᠪᠦᠬᠦ | ᠬᠦᠴᠦᠨ ᠢᠶᠠᠷ ᠢᠶᠠᠨ ᠪᠠᠶᠢᠭᠤᠯᠵᠤ᠂ ︽ᠠᠮᠢ ᠠᠬᠤᠢ ᠶᠢᠨ ᠰᠢᠩ ᠡᡁᠧ · ᠡᠷᠡᠭᠦᠯ ᠡᠩᠬᠡ ᠰᠤᠪᠢᠯᠠᠯᠲᠠ ᠶᠢᠨ | ᠦᠵᠡᠮᠵᠢᠲᠦ ᠣᠷᠣᠨ︾ ᠭᠡᠬᠦ ᠨᠡᠷᠡᠳᠦ ᠲᠡᠮᠳᠡᠭ ᠪᠣᠯᠭᠠᠨ᠎ᠠ᠃ ᠰᠤᠮᠤᠨ ᠠᠭᠤᠯᠠ ᠶᠢᠨ ᠰᠠᠭᠤᠷᠢ ᠪᠡᠯᠡᠳᠬᠡᠮᠵᠢ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠳᠡᠭᠡᠳᠦ ᠲᠠᠰ ᠤᠨ ᠠᠷᠠᠳ ᠤᠨ ᠣᠷᠣᠨ | ᠰᠠᠭᠤᠴᠠ᠂ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠂ ᠣᠶᠤᠨᠴᠢ ᠦᠵᠡᠮᠵᠢ ᠶᠢᠨ ᠣᠷᠣᠨ᠂ | ᠣᠶᠤᠨᠴᠢ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠭᠤᠯᠴᠢᠯᠠᠭᠴᠢᠳ ᠤᠨ ᠵᠤᠭᠠᠴᠠᠨ | ᠣᠶᠢᠯᠠᠭᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠮᠤᠨ ᠠᠭᠤᠯᠠ ᠶᠢᠨ ᠥᠪᠡᠷᠲᠡᠭᠡᠨ ᠵᠠᠰᠠᠬᠤ ᠣᠷᠣᠨ ᠤ | ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ | ᠠᠬᠢᠭᠤᠯᠤᠨ᠎ᠠ᠃ ᠳᠠᠯᠠᠨ ᠬᠠᠷ᠎ᠠ ᠠᠭᠤᠯᠠ᠂ ᠴᠠᠷ ᠨᠠᠭᠤᠷ᠂ ᠭᠤᠤ ᠮᠢᠶᠣᠣ ᠽᠢ ᠬᠡᠷ ᠲᠡᠷᠭᠡ ᠶᠢᠨ ᠬᠤᠸᠠᠷᠠᠨ᠂ ᠴᠢ | ᠵᠢᠶᠠ ᠶᠢᠩ ᠤᠰᠤᠨ ᠴᠥᠭᠦᠷᠥᠮ᠂ ᠲᠤᠤ ᠭᠤᠭᠤᠳ ᠬᠤᠸᠠ ᠯᠢᠩ ᠳᠠᠪᠠᠭ᠎ᠠ ᠵᠡᠷᠭᠡ ᠵᠢᠭᠤᠯᠴᠢᠯᠠᠯ ᠤᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ ᠡᠷᠴᠢᠮ ᠢᠶᠠᠨ ᠲᠦᠷᠭᠡᠳᠬᠡᠵᠦ᠂ ᠲᠢᠶᠠᠨ ᠵᠢᠶᠦ᠋ᠨ ᠤ ᠣᠯᠠᠨ ᠤᠯᠤᠰ ᠤᠨ | ᠵᠢᠭᠤᠯᠴᠢᠯᠠᠯ ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ | ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠰᠤᠮᠤᠨ ᠠᠭᠤᠯᠠ᠂ ᠯᠦ ᠵᠢᠶᠠ ᠶᠢᠩ᠂ | ᠴᠠᠷ ᠨᠠᠭᠤᠷ᠂ ︽ᠪᠠᠶ ᠮᠧᠶ ᠲᠣᠰᠬᠤᠨ︾ ᠤ ᠤᠰᠤᠲᠤᠯ ᠳᠤ ᠲᠦᠰᠢᠭᠯᠡᠨ᠂ ᠬᠠᠭᠤᠴᠢᠨ ᠠᠷᠠᠳ ᠤᠨ ᠣᠷᠣᠨ | ᠰᠠᠭᠤᠴᠠ ᠶᠢ ᠢᠳᠡᠪᠬᠢᠲᠡᠶ ᠪᠠᠷ ᠠᠮᠢᠯᠠᠭᠤᠯᠵᠤ᠂ ᠲᠠᠷᠢᠶᠠᠴᠢᠳ ᠤᠨ ᠥᠪᠡᠰᠦᠪᠡᠨ ᠠᠷᠠᠳ ᠤᠨ ᠣᠷᠣᠨ ᠰᠠᠭᠤᠴᠠ | ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠵᠢᠭᠤᠯᠴᠢᠯᠠᠯ ᠤᠨ ᠵᠢᠵᠢᠭ ᠪᠠᠯᠭᠠᠰᠤ ᠪᠠ ᠬᠥᠳᠡᠭᠡ ᠲᠣᠰᠬᠤᠨ ᠤ | ᠵᠢᠭᠤᠯᠴᠢᠯᠠᠯ ᠤᠨ ᠴᠤᠭᠯᠠᠷᠠᠯ ᠤᠨ ᠣᠷᠣᠨ ᠢ ᠪᠠᠶᠢᠭᠤᠯᠵᠤ᠂ ᠪᠥᠬᠦ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ | ᠠᠷᠠᠳ ᠤᠨ ᠣᠷᠣᠨ ᠰᠠᠭᠤᠴᠠ ᠶᠢ ᠴᠢᠷᠮᠠᠶᠢᠨ ᠪᠠᠶᠢᠭᠤᠯᠤᠨ᠎ᠠ᠃ ᠰᠣᠶᠣᠯ ᠢᠷᠭᠡᠨᠰᠢᠯ᠂ ᠲᠡᠦᠬᠡ ᠪᠠ ᠠᠮᠢ ᠠᠬᠤᠢ | ᠵᠡᠷᠭᠡ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠭᠠᠳᠠᠭᠠᠳᠤ ᠤᠬᠠᠭᠤᠯᠭ᠎ᠠ ᠶᠢᠨ ᠡᠩᠨᠡᠭᠡ ᠶᠢ ᠲᠦᠷᠭᠡᠨ | ᠬᠥᠮᠦᠵᠢᠭᠦᠯᠵᠦ᠂ ᠤᠯᠠᠨ ᠲᠠᠯ᠎ᠠ ᠠᠴᠠ ᠭᠠᠳᠠᠭᠠᠳᠤ ᠤᠬᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠰᠢᠩ ᠡᡁᠧ | ᠦᠯᠢᠭᠡᠷ ᠢ ᠰᠠᠶᠢᠲᠤᠷ ᠶᠠᠷᠢᠨ᠎ᠠ᠃ ᠤᠯᠠᠭᠠᠨᠴᠠᠪ ᠤᠨ ︽ᡁᠢ︾ ᠰᠢᠩ ᠾᠧ ᠰᠢᠷᠢᠰ ᠠᠵᠢᠯᠯᠠᠭ᠎ᠠ ᠶᠢ ᠥᠷᠨᠢᠭᠦᠯᠵᠦ᠂ | ᠭᠠᠵᠠᠷ ᠣᠷᠣᠨ ᠤ ᠨᠥᠯᠥᠭᠡᠯᠡᠬᠦ ᠬᠦᠴᠦᠨ ᠪᠠ ᠵᠢᠭᠤᠯᠴᠢᠯᠠᠯ ᠤᠨ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠯᠤᠭ᠎ᠠ | ᠵᠣᠯᠭᠠᠭᠤᠯᠤᠨ ᠰᠣᠯᠢᠯᠴᠠᠬᠤ ᠶᠢ ᠴᠢᠩᠭᠠᠳᠬᠠᠵᠤ᠂ ᠶᠠᠨ ᠴᠢᠩ᠂ ᠳ᠋ᠠᠲ᠋ᠦ᠋ᠩ᠂ ᠲᠢᠶᠠᠨ ᠵᠧᠨ᠂ ᠶᠠᠩ ᠭᠤᠤ᠂ ᠱᠠᠩ ᠢ | ᠂ ᠴᠥᠩ ᠯᠢ ᠵᠡᠷᠭᠡ ᠭᠠᠵᠠᠷ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠬᠥᠮᠦᠵᠢᠯ ᠪᠣᠯᠪᠠᠰᠤᠷᠠᠭᠤᠯᠤᠯ᠂ | ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ | ᠬᠠᠮᠲᠤᠪᠠᠷ ᠪᠣᠶ ᠪᠣᠯᠭᠠᠨ᠎ᠠ︔ ᠳᠡᠭᠡᠳᠦ ᠱᠠᠲᠤᠨ ᠤ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ ᠪᠠ ᠨᠡᠶᠢᠭᠡᠮᠯᠢᠭ ᠲᠠᠢ | ᠢᠳᠡᠪᠬᠢᠲᠡᠶ ᠵᠣᠯᠭᠠᠭᠤᠯᠵᠤ᠂ ᠡᠯ᠎ᠡ ᠲᠥᠷᠥᠯ ᠤᠨ ᠶᠠᠷᠢᠶᠠᠨ ᠤ ᠲᠠᠪᠴᠠᠩ᠂ ᠤᠷᠤᠯᠳᠤᠭᠠᠨ᠂ ᠤᠷᠠᠯᠢᠭ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ ︽ᠤᠮᠠᠷᠠᠲᠤ ᠬᠢᠯᠢ ᠶᠢᠨ ᠰᠣᠶᠣᠯ︾ ᠢ | ᠪᠠᠳᠠᠷᠠᠭᠤᠯᠤᠨ ᠳᠡᠯᠭᠡᠷᠡᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠯᠠᠪᠳᠠᠭᠤᠨ | ᠪᠠᠲᠤᠲᠠᠶ ᠥᠷᠨᠢᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠤᠳᠬ᠎ᠠ ᠤᠷᠠᠯᠢᠭ ᠤᠨ ᠪᠦᠲᠦᠭᠡᠯ ᠢ ᠭᠠᠷᠭᠠᠨ᠎ᠠ | ᠃ ︽ᠨᠣᠮ ᠤᠨ ᠰᠤᠷᠪᠤᠯᠵᠢ ᠶᠢ ᠮᠠᠨᠳᠤᠭᠤᠯᠬᠤ︾ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠵᠢᠯ ᠤᠨ | ᠳᠣᠲᠣᠷ᠎ᠠ ᠨᠣᠮ ᠤᠨ ᠰᠠᠩ᠂ ᠰᠣᠶᠣᠯ ᠤᠨ ᠣᠷᠳᠣᠨ ᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠲᠥᠷᠥᠯ ᠵᠦᠢᠯ ᠤᠨ ᠲᠠᠲᠠᠬᠤ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠭᠤᠤᠯ | ᠬᠥᠳᠡᠯᠭᠡᠭᠦᠷ ᠪᠣᠯᠭᠠᠵᠤ᠂ ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ | ᠣᠨ︾ ︽ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠰᠢᠪᠲᠤᠯᠤᠯᠲᠠ ᠭᠠᠷᠭᠠᠬᠤ ᠣᠨ︾ ᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ | ᠴᠢᠨᠠᠷ ᠰᠠᠶᠢᠲᠠᠶ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠪᠥᠬᠦ ᠬᠤᠷᠳᠤᠴᠠ ᠪᠠᠷ ᠳᠥᠯᠭᠢᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠦᠷᠦᠯ | ᠵᠦᠢᠯ ᠢ ᠣᠷᠣᠭᠤᠯᠤᠨ ᠠᠪᠴᠢᠷᠠᠬᠤ᠂ ᠠᠵᠢᠯ ᠡᠬᠢᠯᠡᠭᠦᠯᠦᠨ ᠠᠬᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ | ᠪᠦᠲᠦᠮᠵᠢ ᠤᠯᠬᠤ ᠵᠡᠷᠭᠡ ᠭᠤᠭᠴᠤᠭ᠎ᠠ ᠶᠢ ᠴᠢᠩᠭ᠎ᠠ ᠡᠵᠡᠮᠳᠡᠵᠦ᠂ ᠲᠦᠷᠦᠯ ᠵᠦᠢᠯ ᠢ ᠠᠬᠢᠭᠤᠯᠬᠤ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠳᠦᠭᠡᠨ | ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠭᠤᠣᠯᠳᠠᠯᠭ᠎ᠠ ᠲᠠᠢ | ᠲᠥᠷᠥᠯ ᠵᠦᠢᠯ ᠤᠨ ᠵᠢᠯᠣᠭᠤᠳᠤᠨ ᠲᠣᠬᠢᠷᠠᠭᠤᠯᠬᠤ ᠰᠢᠰᠲ᠋ᠧᠮ ᠢ ᠰᠢᠯᠢᠳᠡᠭᠵᠢᠭᠦᠯᠵᠦ᠂ ᠲᠥᠷᠥᠯ ᠵᠦᠢᠯ ᠢ | ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ᠂ ᠲᠥᠷᠥᠯ ᠵᠦᠢᠯ ᠢ ᠬᠠᠮᠢᠶᠠᠷᠤᠭᠴᠢ ᠶᠢᠨ | ᠦᠢᠯᠡᠴᠢᠯᠡᠭᠡᠨ ᠤ ᠳᠦᠷᠢᠮ᠂ ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ | ᠭᠠᠷᠠᠭ ᠢᠶᠠᠷ ᠳᠣᠭᠢᠷᠠᠭᠤᠯᠬᠤ᠂ ᠰᠠᠷ᠎ᠠ ᠪᠠᠷ ᠵᠥᠪᠳᠡᠯᠴᠡᠬᠦ᠂ ᠤᠯᠠᠷᠢᠯ ᠢᠶᠠᠷ ᠮᠡᠳᠡᠭᠡᠯᠡᠬᠦ︾ ᠶᠢ ᠪᠠᠷᠢᠮᠲᠠᠯᠠᠨ᠂ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠤᠷᠢᠳ ᠢᠶᠠᠷ ᠮᠡᠳᠡᠭᠡᠯᠡᠬᠦ ᠳᠠᠷᠠᠭᠠᠯᠠᠯ ᠢ ᠭᠠᠷᠭᠠᠵᠤ᠂ ᠪᠥᠬᠦ | ᠬᠦᠴᠦᠨ ᠢᠶᠠᠷ ᠢᠶᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠠᠭ ᠢ | ᠵᠠᠪᠳᠤᠵᠤ᠂ ᠠᠬᠢᠭᠤᠯᠬᠤ ᠬᠡᠮᠵᠢᠶ᠎ᠡ ᠶᠢ ᠲᠦᠷᠭᠡᠳᠬᠡᠵᠦ᠂ ᠨᠡᠶᠢᠲᠡ 146 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠲᠠᠢ 19 ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠢᠴᠡᠳᠭᠡᠵᠦ ᠳᠠᠭᠤᠰᠬᠠᠬᠤ ᠪᠠᠷ | ᠴᠢᠷᠮᠠᠶᠢᠵᠤ᠂ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ ᠪᠥᠬᠦ ᠵᠢᠯ ᠳᠤ 27 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠦᠷᠭᠦᠯᠵᠢᠯᠡᠨ ᠪᠠᠶᠢᠭᠤᠯᠬᠤ | ᠂ ᠰᠢᠨ᠎ᠡ ᠪᠠᠷ ᠪᠠᠶᠢᠭᠤᠯᠬᠤ᠂ ᠠᠷᠭ᠎ᠠ ᠤᠬᠠᠭᠠᠨ ᠰᠦᠪᠡᠭᠴᠢᠯᠡᠬᠦ ᠭᠤᠷᠪᠠᠨ ᠬᠠᠭᠤᠳᠠᠰᠤ ︽ᠲᠥᠷᠥᠯ ᠵᠦᠢᠯ ᠤᠨ ᠨᠠᠷᠢᠨ | ᠲᠠᠩᠰᠠ︾ ᠶᠢ ᠡᠮᠬᠢᠯᠡᠨ ᠳᠢᠭᠯᠡᠵᠦ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠶᠣᠰᠣᠭᠠᠷ ᠠᠵᠢᠯ | ᠰᠡᠷᠭᠦᠭᠡᠬᠦ ᠶᠢ ᠠᠳᠬᠤᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢ ᠠᠳᠬᠤᠬᠤ᠂ | ᠠᠷᠭ᠎ᠠ ᠤᠬᠠᠭᠠᠨ ᠰᠦᠪᠡᠭᠴᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠳᠬᠤᠵᠤ᠂ ᠲᠥᠷᠥᠯ ᠵᠦᠢᠯ ᠤᠨ | ᠠᠵᠢᠯ ᠡᠬᠢᠯᠡᠭᠦᠯᠦᠭᠰᠡᠨ ᠨᠣᠷᠮ᠎ᠠ ᠪᠠ ᠠᠰᠢᠭᠯᠠᠯᠲᠠ ᠳᠤ ᠣᠷᠣᠭᠤᠯᠤᠭᠰᠠᠨ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠵᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠵᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ | 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠯᠡᠨ ᠥᠷᠭᠡᠳᠬᠡᠨ᠎ᠡ᠃ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ︽ᠲᠡᠷᠢᠭᠦᠨ ᠢᠨᠵᠧᠨᠧᠷᠢᠩ︾ ᠢ ᠢᠮᠠᠭᠲᠠ ᠭᠤᠶᠢᠪᠢᠰᠢ ᠥᠬᠡᠶ ᠪᠠᠷᠢᠮᠲᠠᠯᠠᠨ᠂ ᠬᠤᠳᠠᠯᠳᠤᠭᠠᠴᠢᠨ | ᠤᠷᠢᠬᠤ ᠵᠢᠷᠤᠭ ᠤᠨ ᠵᠢᠭᠰᠠᠯ ᠢ ᠨᠠᠷᠢᠨ ᠨᠢᠮᠪᠠᠶ ᠵᠢᠷᠤᠵᠤ᠂ ᠬᠠᠷᠠᠯᠲᠠᠲᠤ ᠠᠵᠤ ᠠᠬᠤᠶᠢᠯᠠᠯ ᠤᠨ ᠬᠥᠮᠥᠷᠭᠡ ᠪᠠ | ᠲᠥᠷᠥᠯ ᠵᠦᠢᠯ ᠤᠨ ᠬᠥᠮᠥᠷᠭᠡ ᠶᠢ ᠨᠠᠷᠢᠯᠢᠭ ᠣᠨᠣᠴᠠᠲᠠᠶ ᠪᠠᠷ ᠪᠠᠶᠢᠭᠤᠯᠵᠤ᠂ ᠬᠤᠳᠠᠯᠳᠤᠭᠠᠴᠢᠨ ᠤᠷᠢᠬᠤ ᠲᠥᠰᠦᠯ ᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠨᠠᠷᠢᠯᠢᠭ | ᠣᠨᠣᠴᠠ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠾᠧᠪᠧᠢ ᠵᠡᠷᠭᠡ ᠭᠤᠣᠯᠳᠠᠯᠭ᠎ᠠ ᠲᠠᠢ ᠣᠷᠣᠨ | ᠪᠦᠰᠡ ᠶᠢ ᠴᠢᠩᠭ᠎ᠠ ᠠᠵᠢᠭᠯᠠᠵᠤ᠂ ᠨᠢᠭᠡᠳᠦᠯᠲᠡᠶ ᠲᠥᠯᠥᠪᠯᠡᠬᠦ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ | ᠬᠤᠳᠠᠯᠳᠤᠭᠠᠴᠢᠨ ᠤᠷᠢᠬᠤ᠂ ᠲᠤᠰᠬᠠᠶ ᠠᠩᠭᠢ ᠶᠢᠨ ᠴᠡᠭ ᠲᠤ ᠰᠠᠭᠤᠵᠤ ᠬᠤᠳᠠᠯᠳᠤᠭᠠᠴᠢᠨ ᠤᠷᠢᠬᠤ᠂ | ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ᠂ ᠡᠭᠦᠳᠡ ᠲᠣᠭᠰᠢᠵᠤ ᠬᠤᠳᠠᠯᠳᠤᠭᠠᠴᠢᠨ ᠤᠷᠢᠬᠤ᠂ ᠠᠵᠤ | ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ᠂ ᠰᠢᠨ᠎ᠡ | ᠡᠨᠧᠷᠭᠢ ᠰᠢᠨ᠎ᠡ ᠮᠠᠲ᠋ᠧᠷᠢᠶᠠᠯ᠂ ᠤᠨᠴᠠᠯᠢᠭᠳᠤ ᠲᠠᠷᠢᠶᠠᠯᠠᠩ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ᠂ | ᠬᠢᠲᠠᠳ ᠮᠣᠩᠭᠤᠯ ᠡᠮ ᠡᠮᠨᠡᠯᠭᠡ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠᠷ ᠶᠡᠭᠡ᠂ ᠠᠵᠤ ᠦᠢᠯᠡᠰ ᠤᠨ ᠬᠤᠯᠪᠣᠭᠳᠠᠯ ᠢᠶᠠᠷ ᠥᠨᠳᠥᠷ᠂ | ᠲᠥᠪᠯᠡᠷᠡᠯ ᠤᠨ ᠦᠢᠯᠡᠳᠦᠯ ᠢᠶᠠᠷ ᠴᠢᠩᠭ᠎ᠠ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ ᠨᠢᠭᠡ ᠪᠦᠯᠦᠭ | ᠠᠵᠤ ᠦᠢᠯᠡᠰᠵᠢᠭᠰᠡᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠶᠡᠭᠡ ᠶᠢ ᠡᠯᠰᠡᠵᠦ ᠬᠦᠴᠦᠷᠬᠡᠭ ᠢ | ᠲᠠᠲᠠᠬᠤ᠂ ᠬᠡᠯᠬᠢᠶᠡᠵᠢᠯ ᠢ ᠴᠢᠩᠭᠠᠳᠬᠠᠨ ᠬᠡᠯᠬᠢᠶᠡᠵᠢᠯ ᠢ ᠨᠥᠬᠦᠪᠥᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ | ᠪᠣᠯᠭᠠᠬᠤ ᠪᠠᠷ ᠴᠢᠷᠮᠠᠶᠢᠵᠤ᠂ ᠵᠢᠯ ᠤᠨ ᠳᠣᠲᠣᠷ᠎ᠠ 60 ᠲᠥᠷᠥᠯ ᠵᠦᠶ᠋ᠯ ᠳᠤ ᠰᠢᠨ᠎ᠡ ᠪᠠᠷ ᠭᠡᠷ᠎ᠡ ᠲᠣᠭᠲᠠᠵᠤ᠂ | ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠨ᠎ᠠ | ᠃ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ᠲᠥᠷᠥ ᠶᠢᠨ | ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠵᠠ ᠲᠣᠬᠢᠶᠠᠯ ᠢ | ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ | ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠰᠠᠭᠤᠷᠢ ᠲᠠᠯᠪᠢᠬᠤ᠂ ᠲᠤᠯᠭᠠᠭᠤᠷᠢᠯᠠᠬᠤ ᠶᠢ | ᠴᠢᠩᠭᠠᠳᠬᠠᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠨᠠᠷᠢᠨ | ᠨᠢᠮᠪᠠᠶ ᠲᠥᠯᠥᠪᠯᠡᠨ ᠪᠣᠭᠤᠳᠠᠯᠯᠠᠵᠤ᠂ ᠲᠤᠰᠬᠠᠶ ᠵᠦᠢᠯ ᠤᠨ ᠥᠷᠢ ᠥᠭᠴᠡᠭᠡ᠂ ᠤᠯᠤᠰ ᠤᠨ ᠲᠥᠰᠦᠪ ᠤᠨ | ᠳᠣᠲᠣᠷᠠᠬᠢ ᠪᠠᠯᠠ ᠣᠷᠣᠭᠤᠯᠤᠯᠲᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠪᠠᠯᠠ ᠣᠷᠣᠭᠤᠯᠤᠯᠲᠠ ᠶᠢᠨ | ᠲᠥᠷᠥᠯ ᠵᠦᠢᠯ ᠢ ᠬᠥᠳᠡᠯᠦᠩᠭᠦᠶ ᠪᠠᠷ ᠨᠥᠭᠡᠴᠡᠯᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠪᠠ ᠪᠠᠯᠠ | ᠮᠥᠩᠭᠦ ᠤᠯᠬᠤ ᠶᠢ ᠰᠠᠶᠢᠲᠤᠷ ᠠᠳᠬᠤᠵᠤ᠂ ᠨᠠᠩ ᠣᠯᠠᠨ ᠲᠥᠷᠥᠯ ᠵᠦᠢᠯ ᠢ ᠲᠥᠪ᠂ ᠥᠪᠡᠷᠲᠡᠭᠡᠨ ᠵᠠᠰᠠᠬᠤ | ᠣᠷᠣᠨ ᠤ ᠲᠥᠯᠥᠪᠯᠡᠭᠡ ᠶᠢᠨ ᠬᠡᠪᠴᠢᠶᠡᠨ ᠳᠤ ᠣᠷᠣᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠠᠯᠠ | ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ | ᠳᠡᠭᠡᠳᠦ ᠱᠠᠲᠤᠨ ᠤ ᠪᠠᠯᠠ ᠮᠥᠩᠭᠦ ᠶᠢ 2 ᠳ᠋ᠦᠩᠰᠢᠭᠤᠷ ᠲᠥᠭᠦᠷᠢᠭ ᠠᠴᠠ ᠳᠣᠤᠷ᠎ᠠ ᠥᠬᠡᠶ ᠪᠠᠶᠢᠯᠭᠠᠬᠤ ᠪᠠᠷ | ᠴᠢᠷᠮᠠᠶᠢᠨ᠎ᠠ᠃ | ᠡᠯᠧᠮᠧᠨ᠋ᠲ ᠤᠨ ᠪᠠᠲᠤᠯᠠᠭ᠎ᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠎ᠠ᠃ | ᠦᠢᠯᠡᠴᠢᠯᠡᠭᠰᠡᠨ ᠤ ᠠᠵᠤ ᠠᠬᠤᠶᠢᠯᠠᠯ ᠤᠨ ︽ᠲᠣᠳᠣᠷᠠᠭᠤᠯᠤᠯᠲᠠ ᠬᠥᠭᠵᠢᠮ︾ ᠢ ᠴᠢᠪᠬᠠᠳᠠᠵᠤ᠂ ᠬᠦᠴᠦᠨ | ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠬᠦᠴᠦᠨ ᠵᠦᠢᠯ ᠤᠨ ᠪᠠᠲᠤᠯᠠᠭ᠎ᠠ ᠶᠢᠨ ᠲᠤᠰᠬᠠᠶ | ᠠᠩᠭᠢ ᠶᠢ ᠪᠠᠶᠢᠭᠤᠯᠵᠤ᠂ ᠭᠠᠵᠠᠷ ᠰᠢᠷᠣᠶ᠂ ᠮᠡᠷᠭᠡᠵᠢᠯ᠂ ᠲᠤᠭ᠎ᠠ ᠪᠠᠷᠢᠮᠲᠠ᠂ ᠬᠥᠳᠡᠯᠮᠦᠷᠢ ᠬᠦᠴᠦᠨ ᠵᠡᠷᠭᠡ ᠬᠦᠴᠦᠨ | ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠷᠥᠯ ᠵᠦᠢᠯ ᠢ | ᠬᠢᠨᠠᠨ ᠵᠥᠪᠰᠢᠶᠡᠷᠡᠬᠦ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠵᠥᠪᠰᠢᠶᠡᠷᠡᠯ ᠤᠨ ᠲᠦᠷᠭᠡᠨ ᠵᠠᠮ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠡ᠃ ︽ | ᠪᠠᠷᠢᠮᠵᠢᠶᠠᠲᠤ ᠭᠠᠵᠠᠷ + ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠ | ᠥᠬᠡᠶ︾ ᠭᠠᠵᠠᠷ ᠰᠢᠷᠣᠶ ᠶᠢ ᠴᠡᠭᠴᠡᠯᠡᠨ ᠵᠠᠰᠠᠬᠤ᠂ ︽ᠴᠡᠭ ᠬᠡᠯᠪᠡᠷᠢ ᠪᠠᠷ ᠭᠠᠵᠠᠷ ᠬᠠᠩᠭᠠᠬᠤ︾ ᠵᠡᠷᠭᠡ ᠠᠷᠭ᠎ᠠ | ᠮᠠᠶ᠋ᠢᠭ ᠢ ᠠᠮᠢᠳᠤᠯᠢᠭ ᠢᠶᠠᠷ ᠬᠡᠷᠡᠭᠯᠡᠨ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠶᠢ ᠴᠢᠩᠭᠠᠳᠬᠠᠵᠤ᠂ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠷᠢᠶᠡᠯᠡᠩ | ᠲᠣᠭᠤᠷᠢᠭ ᠤᠨ ᠬᠥᠭᠵᠢᠯᠲᠡ ᠳᠤ ᠬᠡᠷᠡᠭᠰᠡᠬᠦ ᠤᠰᠤ ᠴᠠᠬᠢᠯᠭᠠᠨ ᠬᠡᠢ ᠵᠠᠮ ᠮᠡᠳᠡᠭᠡᠯᠡᠯ ᠳᠤᠯᠠᠭᠠᠯᠠᠭ᠎ᠠ ᠵᠡᠷᠭᠡ ᠢᠵᠢ | ᠪᠥᠷᠢᠳᠦᠭᠰᠡᠨ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠲᠥᠷᠥ ᠶᠢᠨ ᠪᠣᠳᠣᠯᠭ᠎ᠠ᠂ ᠦᠢᠯᠡᠳᠪᠦᠷᠢᠯᠡᠯ᠂ ᠠᠮᠢᠳᠤᠷᠠᠯ︾ ᠤᠨ | ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠴᠢᠳᠠᠪᠤᠷᠢᠲᠠᠨ ᠤ ᠣᠷᠣᠨ | ᠰᠠᠭᠤᠴᠠ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠡᠮᠴᠢᠯᠡᠭᠡᠨ ᠤ ᠦᠢᠯᠡᠴᠢᠯᠡᠭᠡ ᠵᠡᠷᠭᠡ ᠪᠣᠳᠠᠲᠤ | ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ | ︵ᠲᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠨᠡᠩ | ᠶᠡᠬᠡᠪᠡᠷ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠰᠢᠨ᠎ᠡ ᠬᠥᠳᠡᠯᠭᠡᠬᠦ ᠬᠦᠴᠦᠨ | ᠨᠡᠮᠡᠷᠢᠯᠡᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ︽ᠪᠦᠲᠦᠮᠵᠢᠲᠡᠶ ᠵᠠᠬ᠎ᠠ ᠳᠡᠯᠭᠡᠭᠦᠷ︾ ᠪᠠ ︽ᠵᠠᠰᠠᠭ ᠤᠨ ᠣᠷᠳᠣᠨ ᠳᠤ | ᠦᠢᠯᠡᠴᠢᠯᠡᠬᠦ ᠲᠠᠢ︾ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠬᠤᠳᠠᠯᠳᠤᠭ᠎ᠠ ᠡᠷᠭᠢᠯᠡᠬᠦ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ︾ ︽ᠮᠤᠵᠢ ᠠᠯᠤᠰᠯᠠᠨ | ᠨᠡᠶᠢᠳᠡᠮ ᠭᠦᠢᠴᠡᠳᠭᠡᠬᠦ︾ ︽ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ︾ ᠶᠢᠨ ᠭᠦᠨᠴᠡ ᠥᠷᠭᠡᠴᠡ ᠶᠢ | ᠥᠷᠭᠡᠳᠬᠡᠨ᠂ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ | ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ︔ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠴᠢᠳᠠᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠦᠢᠯᠡᠴᠢᠯᠡᠭᠡᠨ ᠤ ᠠᠵᠤ ᠠᠬᠤᠶᠢᠯᠠᠯ ᠤᠨ ︽ᠪᠠᠭ᠎ᠠ ᠶᠠᠪᠤᠳᠠᠯ ᠢ ᠣᠶᠤᠨ ᠢᠶᠠᠷ ᠭᠦᠢᠴᠡᠳᠭᠡᠬᠦ︾ ︽ | ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ | ᠳᠠᠪᠬᠤᠴᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ︽ᠭᠠᠵᠠᠷ ᠰᠢᠷᠣᠶ ᠶᠢ ᠠᠳᠬᠤᠪᠠᠯ ᠳᠠᠷᠤᠶ ᠠᠵᠢᠯ | ᠡᠬᠢᠯᠡᠭᠦᠯᠬᠦ︾ ︽ᠤᠷᠢᠳᠴᠢᠯᠠᠨ ᠪᠠᠶᠢᠴᠠᠭᠠᠪᠠᠯ ᠳᠠᠷᠤᠶ ᠲᠤᠷᠰᠢᠨ ᠦᠢᠯᠡᠳᠪᠦᠷᠢᠯᠡᠬᠦ︾ ︽ᠠᠵᠢᠯ ᠳᠠᠭᠤᠰᠪᠠᠯ | ᠳᠠᠷᠤᠶ ᠦᠨᠡᠮᠯᠡᠯ ᠠᠪᠬᠤ︾ ᠵᠡᠷᠭᠡ ᠥᠭᠡᠷᠡᠴᠢᠯᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠬᠦ᠂ | ᠤᠷᠢᠳᠴᠢᠯᠠᠨ ᠰᠢᠯᠭᠠᠵᠤ ᠲᠤᠷᠰᠢᠨ ᠦᠢᠯᠡᠳᠪᠦᠷᠢᠯᠡᠬᠦ᠂ ᠠᠵᠢᠯ ᠳᠠᠭᠤᠰᠪᠠᠯ ᠦᠨᠡᠮᠯᠡᠯ ᠠᠪᠬᠤ᠂ ᠥᠨᠳᠥᠷ ᠦᠷ᠎ᠡ | ᠠᠰᠢᠭ ᠲᠠᠢ ᠪᠠᠯᠠ ᠳᠣᠭᠢᠷᠠᠭᠤᠯᠬᠤ ᠵᠡᠷᠭᠡ ᠪᠦᠷᠢᠨ ᠪᠢᠲᠡᠭᠦᠤ ᠴᠠᠭᠠᠷᠢᠭᠲᠤ ᠬᠤᠷᠠᠮᠠᠯ ᠦᠢᠯᠡᠴᠢᠯᠡᠭᠡ ᠶᠢ ᠪᠡᠶᠡᠯᠡᠭᠦᠯᠵᠦ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠲᠡ ᠶᠢ ᠰᠢᠪᠲᠤᠯᠬᠤ︾ ᠶᠢ ᠲᠦᠯᠬᠢᠨ ᠠᠬᠢᠭᠤᠯᠵᠤ᠂ | ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠲᠤᠮᠤ ᠤᠯᠤᠰ ᠤᠨ ᠥᠮᠴᠢᠯᠡᠯ ᠤᠨ ᠬᠦᠷᠦᠩᠭᠡ ᠪᠠ ᠤᠯᠤᠰ ᠤᠨ ᠥᠮᠴᠢᠯᠡᠯ ᠤᠨ | ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠥᠭᠵᠢᠯᠲᠡ ᠶᠢᠨ ᠠᠮᠢᠳᠤᠯᠢᠭ ᠬᠦᠴᠦᠨ ᠢ ᠪᠠᠳᠠᠷᠠᠭᠤᠯᠤᠨ᠎ᠠ᠃ | ᠰᠢᠨ᠎ᠡ ᠶᠢ ᠡᠭᠦᠳᠬᠦ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ | ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠦᠨ᠂ ᠥᠪᠥᠷ ᠮᠣᠩᠭᠤᠯ ᠤᠨ ᠪᠠᠯ ᠴᠢᠯᠠᠭᠤ ︵ | ᠠᠯᠺᠤᠨ︶ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠬᠦ ᠶᠢ ᠲᠦᠷᠭᠡᠳᠬᠡᠨ᠎ᠡ | ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠤ ᠦᠢᠯᠡᠰ ᠤᠨ ᠰᠢᠨ᠎ᠡ ᠶᠢ ᠡᠭᠦᠳᠬᠦ | ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ᠂ ᠰᠤᠳᠤᠯᠤᠨ ᠨᠡᠭᠡᠭᠡᠬᠦ ᠲᠥᠪ ᠪᠠᠶᠢᠭᠤᠯᠵᠤ᠂ ᠰᠤᠳᠤᠯᠤᠨ ᠨᠡᠭᠡᠭᠡᠬᠦ | ᠪᠠᠶᠢᠭᠤᠯᠤᠮᠵᠢ ᠶᠢᠨ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠦᠬᠦᠨ ᠢ ᠬᠠᠮᠤᠷᠬᠤ ᠶᠢ | ᠪᠡᠶᠡᠯᠡᠭᠦᠯᠬᠦ ᠶᠢ ᠬᠦᠴᠦᠯᠡᠨ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠨᠡᠷᠡᠲᠦ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠠᠺᠠᠳᠧᠮᠢᠴᠢ᠂ ᠡᠷᠳᠡᠮᠲᠡᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ᠂ ᠲᠤᠰᠬᠠᠶ | ᠨᠠᠷᠢᠯᠢᠭ ᠣᠨᠴᠠ ᠰᠢᠨ᠎ᠡ᠂ ᠰᠢᠨ᠎ᠡ ᠶᠢ ᠡᠭᠦᠳᠬᠦ ᠬᠡᠯᠪᠡᠷᠢ ᠶᠢᠨ 6 ᠠᠵᠤ ᠠᠬᠤᠶᠢᠯᠠᠯ ᠢ ᠪᠤᠶᠢᠵᠢᠭᠤᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ | ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠴᠢᠳᠠᠪᠤᠷᠢᠲᠠᠨ ᠪᠤᠯᠵᠤ | ᠴᠢᠳᠠᠪᠤᠷᠢᠲᠠᠨ ᠬᠡᠷᠡᠭᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | ︵ᠲᠠᠪᠤ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠲᠠᠲᠠᠬᠤ ᠬᠦᠴᠦᠨ ᠲᠠᠢ ᠰᠢᠶᠠᠨ ᠤ ᠬᠤᠲᠠ ᠶᠢ | ᠴᠢᠷᠮᠠᠶᠢᠨ ᠪᠠᠶᠢᠭᠤᠯᠤᠨ᠎ᠠ᠃ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ | ᠂ ᠬᠤᠳᠠ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠨ᠂ ᠬᠤᠳᠠ ᠪᠠᠯᠭᠠᠰᠤᠨ ᠤ ᠴᠢᠨᠠᠷ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠬᠤᠳᠠ ᠶᠢᠨ ᠴᠢᠳᠠᠮᠵᠢ ᠶᠠᠰᠤ ᠴᠢᠨᠠᠷ ᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠰᠠᠶᠢᠲᠤᠷ | ᠬᠡᠷᠡᠭᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠩᠭᠢᠯᠠᠭ᠎ᠠ ᠶᠢᠨ ᠴᠡᠭ ᠤᠨ ᠵᠢᠷᠤᠭ ᠲᠥᠯᠥᠪᠯᠡᠭᠡ ᠶᠢ | ᠲᠡᠭᠦᠯᠳᠡᠷᠵᠢᠭᠦᠯᠵᠦ᠂ ᠬᠤᠳᠠ ᠶᠢᠨ ᠰᠢᠨᠡᠴᠢᠯᠡᠯᠲᠡ ᠶᠢ ᠲᠣᠭᠤᠷᠢᠭ ᠬᠤᠪᠢᠶᠠᠨ ᠲᠦᠷᠦᠯ ᠬᠤᠪᠢᠶᠠᠨ ᠬᠡᠷᠡᠭᠵᠢᠭᠦᠯᠦᠨ᠎ᠡ᠃ | ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠵᠡᠷᠭᠡ ᠶᠢᠨ | ᠤᠰᠤᠨ ᠬᠤᠭᠤᠯᠠᠶ ᠶᠢᠨ ᠲᠣᠣᠷ ᠢ 7.5 ᠺᠢᠯᠣᠮᠧᠲᠷ᠂ ᠪᠣᠬᠢᠷ ᠤᠰᠤᠨ ᠤ ᠬᠤᠭᠤᠯᠠᠶ ᠶᠢᠨ ᠲᠣᠣᠷ ᠢ 9 ᠺᠢᠯᠣᠮᠧᠲᠷ | ᠰᠢᠨ᠎ᠡ ᠪᠠᠷ ᠪᠠᠶᠢᠭᠤᠯᠪᠠ︔ ᠲᠠᠭᠠᠷᠴᠤᠭ ᠴᠡᠴᠡᠷᠯᠢᠭ᠂ ᠦᠵᠡᠮᠵᠢ ᠶᠢᠨ ᠣᠬᠤᠷ ᠵᠦᠢᠯᠡᠰ ᠢ 5 ᠰᠢᠨ᠎ᠡ ᠪᠠᠷ ᠨᠡᠮᠡᠵᠦ᠂ | ᠬᠤᠳᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠸᠢ ᠭᠤᠸᠠᠨ ᠳᠥᠭᠦᠮ ᠪᠦᠳᠦᠭᠦᠯᠢᠭ | ᠣᠷᠣᠨ ᠰᠠᠭᠤᠴᠠᠳᠤ ᠲᠣᠭᠤᠷᠢᠭ᠂ ᠢᠦᠶ ᠼᠠᠢ ᠵᠡᠭᠡᠯᠢ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠺᠠᠩ | ᠵᠢᠶᠠ᠂ ᠨᠠᠪᠴᠢᠨ ᠲᠠᠮᠠᠬᠢ᠂ ᠵᠢᠶ ᠰᠢᠶᠠᠩ ᠶᠤᠸᠠᠨ ᠵᠡᠷᠭᠡ 9 ᠵᠢᠵᠢᠭ ᠲᠣᠭᠤᠷᠢᠭ ᠤᠨ ᠬᠤᠭᠤᠯᠠᠶ ᠲᠣᠤᠷ᠂ ᠵᠠᠮ᠂ | ᠭᠡᠷᠡᠯᠲᠦᠭᠦᠯᠭᠡ ᠶᠢᠨ ᠪᠡᠯᠡᠳᠬᠡᠮᠵᠢ ᠶᠢ ᠥᠭᠡᠷᠡᠴᠢᠯᠡᠨ᠎ᠡ᠃ ᠪᠠᠷᠢᠮᠵᠢᠶᠠᠵᠢᠭᠤᠯᠤᠭᠰᠠᠨ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ | ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ ᠢ ᠬᠠᠩᠭᠠᠨ᠎ᠠ᠃ | ᠨᠠᠷᠢᠯᠢᠭ ᠤᠬᠠᠭᠠᠯᠢᠭ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯ ᠪᠠ ᠳᠡᠳ᠋ ᠵᠠᠮ ᠱᠤᠭᠤᠮ᠂ ᠵᠡᠭᠡᠯᠢ | ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ | ᠠᠩᠬᠠᠷᠤᠯ ᠢᠶᠠᠨ ᠲᠥᠪᠯᠡᠷᠡᠭᠦᠯᠦᠨ᠂ ᠪᠣᠯᠪᠠᠰᠤᠨ ᠵᠠᠮ ᠬᠠᠷᠢᠯᠴᠠᠭ᠎ᠠ᠂ ᠬᠤᠲᠠ ᠶᠢᠨ ᠦᠵᠡᠮᠵᠢ ᠶᠢᠨ ᠣᠷᠴᠢᠨ | ᠲᠣᠭᠤᠷᠢᠨ᠂ ᠲᠡᠷᠭᠡ ᠵᠣᠭᠰᠣᠭᠠᠬᠤ ᠶᠢ ᠵᠢᠷᠤᠮᠵᠢᠭᠤᠯᠬᠤ ᠵᠡᠷᠭᠡ ᠲᠤᠰᠬᠠᠶ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ | ᠶᠡᠬᠡᠪᠡᠷ ᠠᠬᠢᠭᠤᠯᠵᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ ᠬᠡᠷ ᠤᠨ ᠭᠠᠳᠠᠨᠠᠬᠢ ᠵᠠᠷ ᠮᠡᠳᠡᠭᠡ᠂ | ᠳᠤᠷ᠎ᠠ ᠪᠠᠷ ᠢᠶᠠᠨ ᠠᠯᠠᠵᠤ ᠨᠢᠲᠤᠯᠬᠤ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃ ᠬᠠᠤᠯᠢ ᠠᠴᠠ | ᠵᠥᠷᠢᠴᠡᠬᠦ ᠶᠢ ᠬᠢᠵᠠᠭᠠᠷᠯᠠᠨ ᠵᠠᠰᠠᠬᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ︽ | ᠬᠤᠶᠠᠷ ᠠᠴᠠ ᠵᠥᠷᠢᠴᠡᠭᠰᠡᠨ︾ ᠪᠠᠷᠢᠯᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠤᠷᠠᠭᠠᠬᠤ ᠡᠷᠴᠢᠮ ᠢᠶᠠᠨ | ᠴᠢᠩᠭᠠᠷᠠᠭᠤᠯᠤᠨ᠎ᠠ᠃ ᠲᠤᠭᠠᠵᠢᠭᠤᠯᠤᠭᠰᠠᠨ ᠬᠤᠳᠠ ᠶᠢᠨ ᠬᠠᠮᠢᠶᠠᠷᠤᠯᠲᠠ᠂ ᠤᠶᠤᠨᠲᠤ ᠬᠤᠳᠠ ᠶᠢᠨ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠦᠯᠵᠢᠶᠡᠵᠢᠭᠰᠡᠨ᠂ ᠮᠡᠳᠡᠭᠡ ᠵᠠᠩᠬᠢᠴᠢᠯᠠᠭᠰᠠᠨ᠂ ᠤᠶᠤᠨᠴᠢᠯᠠᠭᠰᠠᠨ | ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠢᠵᠢᠭ ᠲᠣᠭᠤᠷᠢᠭ ᠤᠨ ᠠᠳᠠᠯ ᠠᠬᠤᠶ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠪᠥᠬᠦ ᠰᠢᠶᠠᠨ ᠤ ᠠᠳᠠᠯ | ᠠᠬᠤᠶ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ | ᠲᠠᠰ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ 3 ᠶᠢ ᠴᠢᠷᠮᠠᠶᠢᠨ ᠡᠭᠦᠳᠦᠨ᠎ᠡ᠃ | ︵ᠵᠢᠷᠭᠤᠭ᠎ᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠬᠥᠭᠵᠢᠯᠲᠡ ᠪᠠ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ | ᠨᠢᠭᠡᠳᠦᠯᠲᠡᠶ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠬᠦᠴᠦᠷᠬᠡᠭ᠂ | ᠬᠥᠳᠡᠭᠡ ᠲᠣᠰᠬᠤᠨ ᠭᠤᠶᠤ ᠰᠠᠶᠢᠬᠠᠨ᠂ ᠲᠠᠷᠢᠶᠠᠴᠢᠨ ᠪᠠᠶᠠᠨ ᠴᠢᠨᠡᠭᠡᠯᠢᠭ ᠪᠠ ᠭᠤᠶᠤ ᠰᠠᠶᠢᠬᠠᠨ ᠬᠥᠳᠡᠭᠡ | ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ | ᠲᠠᠷᠢᠶᠠᠯᠠᠩ ᠢ ᠴᠥᠬᠦᠷᠡᠰᠢ ᠦᠭᠡᠢ ᠠᠳᠬᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ | ᠰᠠᠬᠢᠵᠤ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠷᠪᠡᠨ ᠱᠠᠲᠤ ᠪᠠᠷ | ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ 3 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠳᠠᠭᠤᠰᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 90 ᠲᠦᠮᠡᠨ | ᠮᠥ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 2.6 ᠳ᠋ᠦᠩᠰᠢᠭᠤᠷ ᠵᠢᠩ ᠳᠤ | ᠬᠦᠷᠦᠭᠦᠯᠬᠦ ᠪᠠᠷ ᠴᠢᠷᠮᠠᠶᠢᠨ᠎ᠠ᠃ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭ᠎ᠠ ᠶᠢᠨ ᠲᠣᠮᠣ ᠬᠦᠷᠢᠶᠡᠯᠡᠩ | ︾ ᠢ ᠪᠠᠶᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ᠲᠥᠮᠥᠰᠥ ᠳᠠᠷᠢᠬᠤ | ᠲᠠᠯᠠᠪᠠᠶ ᠶᠢ 22 ᠲᠦᠮᠡᠨ ᠮᠥ ᠳᠤ ᠬᠦᠷᠦᠭᠦᠯᠵᠦ᠂ ᠬᠦᠶ᠋ᠲᠡᠨ ᠰᠡᠷᠢᠭᠦᠨ ᠢᠳᠡᠰᠢᠨ ᠨᠣᠭᠤᠭ᠎ᠠ ᠶᠢᠨ ᠳᠠᠷᠢᠬᠤ | ᠲᠠᠯᠠᠪᠠᠶ ᠶᠢ 15 ᠲᠦᠮᠡᠨ ᠮᠥ ᠳᠤ ᠬᠦᠷᠦᠭᠦᠯᠵᠦ᠂ ᠮᠠᠯ ᠤᠨ ᠲᠤᠭ᠎ᠠ ᠲᠣᠯᠣᠭᠠᠶ ᠶᠢ 46 ᠲᠦᠮᠡᠨ ᠲᠣᠯᠣᠭᠠᠶ ︵ | ᠲᠣᠯᠣᠭᠠᠶ︶ ᠳᠤ ᠬᠦᠷᠦᠭᠦᠯᠵᠦ᠂ ᠮᠢᠬᠠᠨ ᠤ ᠵᠦᠢᠯ ᠤᠨ ᠭᠠᠷᠤᠯᠲᠠ ᠶᠢ 2.5 ᠲᠦᠮᠡᠨ ᠲᠣᠨ ᠪᠣᠯᠲᠠᠯ᠎ᠠ | ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠲᠠᠸᠠᠷ ᠤᠨ ᠲᠥᠮᠥᠰᠥ᠂ ᠡᠳ᠋ᠰᠢᠭᠦᠯᠬᠦ ᠳᠤ ᠲᠤᠰᠬᠠᠶ ᠬᠡᠷᠡᠭᠯᠡᠬᠦ ᠲᠥᠮᠥᠰᠥ ᠶᠢ | ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠥᠮᠥᠰᠥ ᠶᠢᠨ ᠠᠵᠤ ᠵᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ︽ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ | ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ | ᠡᠳ᠋ᠰᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ | ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠢᠯ ᠢ ᠭᠦᠢᠴᠡᠳ | ᠬᠢᠵᠦ᠂ ︽ᠲᠥᠪ ᠲᠣᠭᠤᠭᠠᠨ ᠬᠡᠷ︾ ᠢ ᠴᠣᠭᠴᠠᠯᠠᠨ᠎ᠠ᠃ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠷᠳᠡᠨᠢ ᠰᠢᠰᠢ᠂ ᠠᠯᠠᠰᠢᠨ ᠬᠤᠨᠢ | ᠬᠤᠶᠠᠷ ᠶᠡᠭᠡ ᠭᠤᠤᠯᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠮᠤ ᠪᠤᠳᠠᠭ᠎ᠠ ᠪᠣᠷᠳᠣᠭ᠎ᠠ ᠶᠢ ᠨᠢᠭᠡᠳᠦᠯᠲᠡᠶ | ᠲᠥᠯᠥᠪᠯᠡᠬᠦ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠬᠤ᠂ ᠲᠡᠵᠢᠭᠡᠬᠦ ᠪᠠ ᠰᠡᠷᠭᠡᠶᠢᠯᠡᠬᠦ ᠶᠢ ᠵᠡᠷᠭᠡᠪᠡᠷ | ᠴᠢᠬᠤᠯᠠᠴᠢᠯᠠᠬᠤ᠂ ᠳᠠᠷᠢᠵᠤ ᠲᠡᠵᠢᠭᠡᠬᠦ ᠶᠢ ᠨᠢᠭᠡ ᠴᠣᠠᠠᠴᠠᠵᠢᠭᠤᠯᠥᠠᠠᠰᠠᠨ ᠪᠣᠬᠢᠷᠲᠤᠯ ᠥᠬᠡᠶ ᠬᠥᠭᠵᠢᠯᠲᠡ ᠶᠢᠨ | ᠵᠠᠭᠪᠤᠷ ᠢ ᠪᠣᠶ ᠪᠣᠯᠭᠠᠵᠤ᠂ ︽ ᠦᠢᠯᠡᠳᠪᠦᠷᠢᠯᠡᠬᠦ + ᠡᠳ᠋ᠰᠢᠭᠦᠯᠬᠦ + ᠰᠢᠨᠵᠢᠯᠡᠬᠦ ᠤᠬᠠᠭᠠᠨ ᠮᠡᠷᠭᠡᠵᠢᠯ + ᠡᠵᠡᠩᠨᠡᠨ | ᠪᠣᠷᠣᠯᠠᠭᠤᠯᠬᠤ + ᠦᠢᠯᠡᠴᠢᠯᠡᠭᠡ︾ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠴᠢᠳᠠᠮᠵᠢ ᠶᠢᠨ | ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ ᠢ ᠬᠥᠯᠳᠡᠭᠡᠵᠦ ᠬᠡᠯᠬᠢᠶᠡᠵᠢᠭᠦᠯᠦᠨ ᠪᠣᠯᠪᠠᠰᠤᠷᠠᠭᠤᠯᠬᠤ᠂ ᠵᠠᠭᠤᠨ ᠲᠦᠮᠡᠨ ᠠᠯᠠᠰᠢᠨ ᠬᠤᠨᠢ ᠶᠢ | ᠬᠥᠭᠵᠢᠭᠦᠯᠦᠨ ᠲᠡᠵᠢᠭᠡᠨ ᠦᠷᠡᠵᠢᠭᠦᠯᠬᠦ᠂ ᠤᠶᠤᠨᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠳᠤ | ᠣᠷᠣᠭᠤᠯᠬᠤ ᠠᠵᠤ ᠠᠬᠤᠶᠢᠯᠠᠯ ᠢ 10 ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠢᠯᠭᠠᠬᠤ ᠲᠡᠮᠳᠡᠭ ᠢ ᠪᠠᠷᠢᠮᠵᠢᠶ᠎ᠠ ᠪᠠᠷ ᠨᠥᠬᠦᠪᠥᠷᠢ ᠥᠭᠴᠦ ᠤᠷᠮᠠᠰᠢᠭᠤᠯᠬᠤ ᠲᠦᠷᠢᠮ ᠢ | ᠬᠡᠷᠡᠭᠵᠢᠭᠦᠯᠦᠨ᠂ ᠨᠠᠩ ᠣᠯᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ︽ᠤᠤᠯ ᠤᠨ | ᠤᠯᠠᠭᠠᠨᠴᠠᠪ︾ ᠤᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠲᠤ ᠣᠷᠣᠭᠤᠯᠬᠤ ᠪᠠᠷ ᠪᠥᠬᠦ ᠬᠦᠴᠦᠨ ᠢᠶᠠᠷ ᠢᠶᠠᠨ | ᠴᠢᠷᠮᠠᠶᠢᠨ᠎ᠠ᠃ ᠾᠧ ᠣᠪᠣᠭᠲᠤ ᠶᠢᠨ ᠠᠮᠤ ᠪᠤᠳᠠᠭ᠎ᠠ ᠲᠣᠰᠣ᠂ ᠲᠦᠩ ᠾᠧᠩ ᠠᠮᠤ ᠪᠤᠳᠠᠭ᠎ᠠ ᠲᠣᠰᠣ᠂ ᠰᠢᠶᠠᠩ | ᠶᠤᠸᠠᠢ ᠨᠢᠦ ᠨᠢᠦ ᠵᠡᠷᠭᠡ ᠠᠵᠤ ᠠᠬᠤᠶᠢᠯᠠᠯ ᠤᠨ ᠰᠢᠮ᠎ᠡ ᠲᠡᠵᠢᠭᠡᠯ ᠲᠤᠯᠭᠠᠨ ᠳᠣᠭᠢᠷᠠᠭᠤᠯᠬᠤ ᠲᠥᠷᠥᠯ᠂ ᠡᠷᠡᠭᠦᠯ | ᠡᠩᠬᠡ ᠰᠡᠯᠡᠭᠦᠴᠡᠯ ᠤᠨ ᠲᠥᠷᠥᠯ ᠤᠨ ᠨᠣᠬᠠᠶ ᠶᠢᠨ ᠬᠤᠰᠢᠭᠤ ᠶᠢᠨ ᠰᠢᠨ᠎ᠡ ᠶᠢ ᠡᠭᠦᠳᠬᠦ ᠪᠦᠲᠦᠭᠡᠭᠳᠡᠬᠦᠨ ᠢ ᠭᠦᠨᠵᠡᠭᠡᠶ | ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠡᠷᠡᠭᠦᠯ ᠴᠢᠭᠢᠷᠠᠭ ᠴᠠᠭ ᠤᠨ ᠥᠩᠭᠡ ᠶᠢ ᠳᠠᠭᠠᠭᠰᠠᠨ ︽ᠠᠮᠤ | ᠪᠤᠳᠠᠭᠠᠨ ᠤ ᠰᠢᠵᠢᠷ ᠠᠯᠲᠠ︾ ᠶᠢᠨ ᠬᠥᠩᠭᠡᠨ ᠢᠳᠡᠭᠡᠨ ᠢ ᠣᠷᠣᠯᠠᠨ ᠢᠳᠡᠭᠦᠯᠵᠦ ᠡᠳ᠋ᠰᠢᠭᠦᠯᠬᠦ ᠰᠠᠭᠤᠷᠢᠨ ᠭᠠᠵᠠᠷ ᠢ | ᠪᠠᠶᠢᠭᠤᠯᠤᠨ᠎ᠠ᠃ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠡᠵᠡᠩᠨᠡᠨ ᠪᠣᠷᠣᠯᠠᠭᠤᠯᠬᠤ | ᠴᠢᠳᠠᠪᠤᠷᠢᠲᠠᠨ ᠢ ᠬᠥᠮᠦᠵᠢᠭᠦᠯᠵᠦ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ | ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠰᠢᠶᠠᠨ ᠤ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠦ᠂ ᠰᠠᠶᠢᠨ ᠪᠦᠲᠦᠭᠡᠭᠳᠡᠬᠦᠨ ᠢ ᠰᠠᠶᠢᠨ | ᠦᠨ᠎ᠡ ᠪᠠᠷ ᠬᠤᠳᠠᠯᠳᠤᠨ ᠭᠠᠷᠭᠠᠬᠤ ᠬᠡᠷᠡᠭᠲᠡᠢ᠃ | ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠬᠥᠳᠡᠭᠡ ᠲᠣᠰᠬᠤᠨ ᠢ ᠪᠠᠶᠢᠭᠤᠯᠤᠨ᠎ᠠ᠃ ᠠᠶᠢᠯ ᠲᠣᠰᠬᠤᠨ ᠤ | ᠲᠥᠯᠥᠪᠵᠢᠭᠦᠯᠭᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠴᠢᠩᠭᠠᠳᠬᠠᠵᠤ᠂ 8 ᠰᠢᠶᠠᠩ ᠪᠠᠯᠭᠠᠰᠤ ᠶᠢᠨ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢᠶᠠᠷ ᠢᠳᠡᠪᠬᠢᠲᠡᠶ | ᠭᠤᠶᠤᠴᠢᠯᠠᠨ ᠮᠡᠳᠡᠭᠦᠯᠵᠦ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ 3 ᠶᠢ ᠡᠭᠦᠳᠦᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠣᠰᠬᠤᠨ 3 ᠶᠢ ᠡᠭᠦᠳᠦᠨ ᠪᠠᠶᠢᠭᠤᠯᠤᠨ᠎ᠠ᠃ ︽ᠮᠢᠩᠭᠠᠨ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠶᠢᠨ ᠠᠵᠢᠯᠯᠠᠭ᠎ᠠ ᠶᠢ ᠬᠡᠷᠡᠭᠵᠢᠭᠦᠯᠵᠦ᠂ | ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠬᠥᠳᠡᠭᠡ | ᠲᠣᠰᠬᠤᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠳᠣᠣᠷ᠎ᠠ ᠦᠷ᠎ᠡ ᠠᠰᠢᠭ ᠲᠠᠢ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠵᠠᠰᠠᠬᠤ ᠶᠢ | ᠴᠢᠩᠭᠠᠳᠬᠠᠵᠤ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠠᠮᠢᠳᠤᠯᠢᠭ ᠪᠣᠯᠭᠠᠵᠤ᠂ ︽ᠨᠢᠭᠡ ᠣᠷᠣᠨ ᠰᠠᠭᠤᠴᠠ ᠶᠢ | ᠲᠦᠷᠪᠡᠨ ᠬᠦᠷᠢᠶᠡᠯᠡᠩ ᠪᠣᠯᠭᠠᠬᠤ︾ ᠪᠠᠷ ᠴᠢᠷᠮᠠᠶᠢᠨ᠎ᠠ᠃ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠳᠡᠰ | ᠳᠡᠪᠰᠢᠬᠦ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ | ᠳᠤᠯᠠᠭᠠᠯᠠᠭ᠎ᠠ ᠳᠤ ᠬᠡᠷᠡᠭᠯᠡᠬᠦ ᠴᠠᠬᠢᠯᠭᠠᠨ ᠪᠠ ᠰᠢᠶᠠᠩ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠠᠷᠭ᠎ᠠ ᠪᠦᠬᠦᠨ ᠢ ᠰᠦᠪᠡᠭᠴᠢᠯᠡᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠤᠷᠢᠭ᠎ᠠ ᠱᠤᠭᠤᠮ ᠤᠨ ᠡᠭᠦᠷᠭᠡ | ᠪᠣᠯᠭᠠᠬᠤ ᠶᠢ ᠪᠠᠷᠢᠮᠲᠠᠯᠠᠵᠤ᠂ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠬᠢᠵᠢᠭᠦᠯᠬᠦ︾ ᠪᠠᠷ ᠭᠤᠣᠯᠳᠠᠭᠤᠯᠵᠤ᠂ | ᠪᠠᠶᠢᠩᠭᠤᠵᠢᠭᠤᠯᠤᠨ ᠬᠢᠨᠠᠨ ᠬᠡᠮᠵᠢᠬᠦ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ᠂ | ᠳᠤᠲᠠᠭᠤᠳᠠᠯ ᠢ ᠨᠥᠬᠦᠪᠥᠷᠢᠯᠡᠬᠦ᠂ ᠠᠶᠤᠯ ᠲᠦᠭᠰᠢᠭᠦᠷᠢ ᠶᠢ ᠠᠷᠢᠯᠭᠠᠬᠤ ᠶᠢ ᠪᠠᠷᠢᠮᠲᠠᠯᠠᠵᠤ᠂ ᠡᠷᠲᠡ ᠠᠴᠠ ᠢᠯᠡᠷᠡᠭᠦᠯᠬᠦ᠂ | ᠡᠷᠲᠡ ᠠᠴᠠ ᠭᠠᠷ ᠲᠦᠷᠦᠭᠦ᠂ ᠡᠷᠲᠡ ᠠᠴᠠ ᠬᠠᠪᠰᠤᠷᠤᠨ ᠲᠡᠳᠬᠦᠬᠦ ᠶᠢ ᠪᠡᠶᠡᠯᠡᠭᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠬᠥᠮᠦᠨ ᠠᠮᠠ ᠪᠣᠯᠤᠨ ᠬᠢᠨᠠᠨ ᠪᠠᠶᠢᠴᠠᠭᠠᠭᠳᠠᠬᠤ ᠡᠲᠡᠭᠡᠳ ᠤᠨ ᠲᠠᠬᠢᠨ ᠶᠠᠳᠠᠭᠤᠷᠠᠵᠤ | ᠶᠠᠳᠠᠭᠤᠷᠠᠬᠤ ᠠᠶᠤᠯ ᠲᠦᠭᠰᠢᠭᠦᠷᠢ ᠶᠢ ᠬᠥᠳᠡᠯᠦᠩᠭᠦᠢ ᠪᠠᠷ ᠦᠭᠡᠢ ᠪᠣᠯᠭᠠᠬᠤ ᠶᠢ ᠪᠠᠲᠤᠯᠠᠬᠤ ᠬᠡᠷᠡᠭᠲᠡᠢ᠃ | ᠡᠪᠡᠳᠴᠢᠨ ᠤ ᠰᠢᠯᠲᠠᠭᠠᠨ᠂ ᠭᠠᠮᠰᠢᠭ ᠤᠨ ᠰᠢᠯᠲᠠᠭᠠᠨ᠂ ᠰᠠᠨᠠᠭᠠᠨ ᠳᠤ ᠦᠭᠡᠢ ᠬᠡᠷᠡᠭ ᠵᠡᠷᠭᠡ ᠠᠴᠠ ᠪᠤᠯᠵᠤ | ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠤᠯᠠᠨ ᠲᠦᠮᠡᠨ ᠢ ᠴᠠᠭ ᠲᠤᠬᠠᠢ ᠳᠤᠨᠢ ᠢᠯᠭᠠᠨ ᠲᠠᠨᠢᠵᠤ ᠬᠠᠪᠰᠤᠷᠤᠨ | ᠲᠡᠳᠬᠦᠬᠦ ᠳᠤ ᠣᠷᠣᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠡᠷᠡᠰ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ | ᠦᠨᠳᠦᠰᠦᠨ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠵᠦᠢᠯᠡᠰ ᠤᠨ | ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠵᠤ᠂ ᠡᠷᠤᠭᠡ ᠳᠤ | ᠬᠦᠷᠭᠡᠬᠦ ᠠᠵᠤ ᠦᠢᠯᠡᠰ ᠤᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ | ᠲᠦᠷᠦᠯ ᠤᠨ ᠠᠵᠤ ᠦᠢᠯᠡᠰ ᠤᠨ ᠬᠥᠭᠵᠢᠯᠲᠡ ᠶᠢᠨ ᠱᠠᠩᠨᠠᠵᠤ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠴᠢᠨ ᠡᠷᠤᠭᠡ ᠶᠢᠨ ᠠᠵᠤ ᠦᠢᠯᠡᠰ ᠢᠶᠠᠨ ᠬᠥᠭᠵᠢᠭᠦᠯᠬᠦ ᠶᠢ | ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢᠨ ᠬᠠᠷᠢᠴᠠᠯ ᠢ ᠲᠠᠰᠤᠷᠠᠯᠳᠠ | ᠦᠭᠡᠢ ᠨᠡᠮᠡᠭᠳᠡᠭᠦᠯᠵᠦ᠂ ᠬᠠᠮᠤᠭ ᠡᠴᠦᠰ ᠲᠤ ︽ᠬᠤᠶᠠᠷ ᠢ ᠥᠨᠳᠥᠷ ᠪᠠᠶᠢᠯᠭᠠᠬᠤ᠂ ᠬᠤᠶᠠᠷ ᠢ ᠳᠡᠭᠡᠭᠰᠢᠯᠡᠭᠦᠯᠬᠦ︾ ᠶᠢ | ᠪᠡᠶᠡᠯᠡᠭᠦᠯᠦᠨ᠎ᠡ᠃ ᠨᠡᠶᠢᠭᠡᠮ ᠢ ᠠᠭᠤᠰᠤᠯᠴᠠᠭᠤᠯᠬᠤ᠂ ᠠᠵᠢᠯ ᠣᠯᠭᠤᠯᠲᠠ ᠶᠢᠨ ᠠᠵᠤ ᠦᠢᠯᠡᠰ ᠢ ᠲᠡᠳᠬᠦᠨ ᠳᠡᠮᠵᠢᠬᠦ | ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ | ᠢᠳᠡᠪᠬᠢᠲᠡᠶ ᠪᠠᠷ ᠳᠡᠯᠭᠡᠷᠡᠭᠦᠯᠵᠦ᠂ ᠬᠥᠳᠡᠭᠡ ᠲᠣᠰᠬᠤᠨ ᠤ ᠨᠡᠩ ᠤᠯᠠᠨ ᠬᠥᠳᠡᠯᠮᠦᠷᠢ ᠶᠢᠨ ᠬᠦᠴᠦᠨ ᠢ ᠰᠢᠩᠭᠡᠭᠡᠨ | ᠠᠪᠴᠤ ᠤᠢᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠠᠵᠢᠯ ᠬᠢᠯᠭᠡᠵᠦ᠂ ᠣᠨᠳᠣᠣ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠵᠦ ᠲᠥᠪᠬᠢᠨᠡᠭᠦᠯᠬᠦ ᠭᠠᠵᠠᠷ ᠤᠨ ᠤᠯᠠᠨ ᠲᠦᠮᠡᠨ ᠤ ᠨᠡᠭᠦᠵᠦ ᠳᠡᠶᠢᠯᠬᠦ᠂ ᠲᠣᠭᠲᠠᠪᠤᠷᠢᠵᠢᠵᠤ | ᠳᠡᠶᠢᠯᠬᠦ᠂ ᠪᠠᠶᠠᠵᠢᠵᠤ ᠳᠡᠶᠢᠯᠬᠦ ᠶᠢ ᠦᠨᠡᠨ ᠬᠦ ᠪᠠᠲᠤᠯᠠᠨ᠎ᠠ᠃ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠦᠬᠦ | ᠤᠯᠤᠰ ᠤᠨ ᠨᠡᠶᠢᠭᠡᠮ ᠤᠨ ᠪᠠᠲᠤᠯᠠᠪᠤᠷᠢ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ᠂ ᠶᠠᠨᠴᠢᠩ | ᠲᠣᠭᠤᠷᠢᠭ ᠵᠡᠷᠭᠡ ᠬᠠᠪᠰᠤᠷᠤᠨ ᠲᠡᠳᠬᠦᠬᠦ ᠨᠢᠭᠡᠴᠡ ᠪᠣᠯᠤᠨ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠶᠢ | ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ᠂ ᠴᠢᠳᠠᠪᠤᠷᠢᠲᠠᠨ᠂ ᠬᠥᠳᠡᠯᠮᠦᠷᠢ ᠦᠢᠯᠡᠴᠢᠯᠡᠭᠡ᠂ ᠬᠡᠷᠡᠭᠯᠡᠭᠡ ᠵᠡᠷᠭᠡ | ᠲᠠᠯ᠎ᠠ ᠪᠠᠷ ᠨᠡᠩ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ | ᠬᠥᠭᠵᠢᠯᠲᠡ ᠶᠢᠨ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠨ᠎ᠡ᠃ ᠬᠥᠳᠡᠭᠡ ᠲᠣᠰᠬᠤᠨ ᠤ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠬᠥᠮᠦᠵᠢᠯ ᠪᠠ ᠬᠡᠪ ᠵᠠᠩᠰᠢᠯ ᠢ | ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠨᠡᠶᠢᠭᠡᠮ ᠤᠨ ᠠᠮᠢᠵᠢᠷᠠᠯ ᠤᠨ ᠬᠦᠴᠦᠨ ᠲᠠᠢ | ᠮᠥᠷᠲᠡᠭᠡᠨ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠡᠷᠡᠰ ᠭᠤᠶᠢᠪᠢᠰᠢ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠳᠤᠯᠠᠭᠠᠯᠠᠬᠤ ᠢᠨᠵᠧᠨᠧᠷᠢᠩ︾ ᠢ | ᠭᠦᠨᠵᠡᠭᠡᠢ ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠠᠴᠠ | ᠪᠢᠰᠢ ᠪᠠᠭᠠᠰᠬᠠᠬᠤ ᠦᠭᠡᠢ ᠪᠠᠶᠢᠬᠤ ᠶᠢ ᠪᠠᠲᠤᠯᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ | ᠴᠢᠷᠮᠠᠶᠢᠵᠤ ᠪᠠᠶᠢᠭᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ | ᠰᠠᠶᠢᠨ ᠢᠶᠠᠷ ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠶ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠭ᠎ᠠ | ᠪᠦᠬᠦᠨ ᠢ ᠰᠦᠪᠡᠭᠴᠢᠯᠡᠨ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ | ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠠᠬᠢᠭᠤᠯᠵᠤ᠂ ᠠᠵᠢᠯ ᠣᠯᠤᠭᠠᠳᠤᠶ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢᠳ ᠢ ᠦᠨᠡᠨ ᠨᠡᠷ᠎ᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠬᠤᠳᠠ | ᠪᠠᠯᠭᠠᠰᠤᠨ ᠳᠤ 610 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ ᠲᠤ | 220 ᠠᠴᠠ ᠳᠡᠭᠡᠭᠰᠢ ᠬᠥᠮᠦᠨ ᠳᠤ ᠲᠠᠬᠢᠨ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 4.2% ᠤᠨ ᠳᠣᠲᠣᠷ᠎ᠠ ᠬᠢᠵᠠᠭᠠᠷᠯᠠᠨ᠎ᠠ᠃ ︽ᠨᠢᠭᠡ ᠨᠠᠰᠤᠲᠠᠨ ᠨᠢᠭᠡ ᠪᠠᠭ᠎ᠠ︾ | ᠵᠢᠨᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠵᠠᠩ ᠭᠤᠤ ᠪᠠᠯᠭᠠᠰᠤ᠂ ᠡᠷᠳᠡᠨᠢ ᠪᠠᠯᠭᠠᠰᠤ | ᠵᠡᠷᠭᠡ 5 ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠰᠡᠯᠪᠢᠨ ᠵᠠᠰᠠᠵᠤ ᠥᠭᠡᠷᠡᠴᠢᠯᠡᠨ᠂ ᠣᠷᠣᠨ | ᠪᠦᠰᠡ ᠶᠢᠨ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ ᠲᠥᠪ 3᠂ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ | ᠪᠠᠶᠢᠭᠤᠯᠤᠮᠵᠢ ᠶᠢ 2 ᠰᠢᠨ᠎ᠡ ᠪᠠᠷ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ | ᠳᠠᠰᠢ ᠤᠷᠲᠤᠳᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ ︵ᠥᠷᠲᠡᠭᠡ︶ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ | ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ᠂ ᠡᠮᠴᠢᠯᠡᠭᠡ ᠶᠢ ᠲᠤᠰᠠᠯᠠᠬᠤ᠂ ᠠᠷᠢᠭᠤᠨ ᠴᠡᠪᠡᠷ ᠢ | ᠲᠤᠰᠠᠯᠠᠬᠤ᠂ ᠤᠬᠢᠶᠠᠯᠭ᠎ᠠ ᠶᠢ ᠲᠤᠰᠠᠯᠠᠬᠤ᠂ ᠪᠠᠴᠢᠮ ᠪᠠᠶᠢᠳᠠᠯ ᠢ ᠲᠤᠰᠠᠯᠠᠬᠤ ᠵᠡᠷᠭᠡ ᠨᠠᠰᠤᠵᠢᠯ ᠤᠨ ᠦᠢᠯᠡᠴᠢᠯᠡᠭᠡᠨ ᠢ | ᠭᠦᠨᠵᠡᠭᠡᠶ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠪᠠ ᠬᠡᠷ ᠲᠡᠭᠡᠨ ᠰᠠᠭᠤᠵᠤ ᠪᠠᠶᠢᠭ᠎ᠠ | ᠨᠠᠰᠤᠵᠢᠯ ᠤᠨ ᠠᠰᠠᠷᠠᠮᠵᠢ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ︽ᠭᠤᠷᠪᠠᠨ ᠬᠦᠪᠡᠭᠡ ᠲᠤᠯᠤᠭᠠᠨ | ᠣᠷᠣᠨ︾ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠦᠷᠭᠦᠯᠵᠢᠯᠡᠨ ᠴᠡᠭᠴᠡᠯᠡᠨ ᠵᠠᠰᠠᠵᠤ᠂ | ᠭᠠᠯ ᠢᠶᠠᠷ ᠳᠡᠭᠳᠡᠭᠡᠬᠦ ᠣᠷᠣᠨ ᠢ ᠵᠠᠭᠠᠭᠯᠠᠨ ᠲᠣᠭᠲᠠᠭᠠᠬᠤ ᠠᠵᠢᠯ ᠢ ᠲᠤᠷᠰᠢᠨ ᠥᠷᠨᠢᠭᠦᠯᠵᠦ᠂ ᠰᠠᠭᠤᠭᠠᠯᠢ ᠠᠷᠠᠳ ᠢ | ᠬᠥᠲᠥᠯᠥᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠦᠵᠡᠯᠲᠡ ᠶᠢ ᠨᠢ ᠠᠯᠬᠤᠮ ᠠᠯᠬᠤᠮ ᠢᠶᠠᠷ | ᠬᠤᠪᠢᠷᠠᠭᠤᠯᠵᠤ᠂ ᠪᠣᠬᠢᠷᠲᠤᠯ ᠦᠭᠡᠢ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠨ᠎ᠠ᠃ ᠬᠤᠳᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ | ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠯᠲᠠ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ | ᠵᠡᠷᠭᠡ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠨᠴᠠᠭᠠᠶ ᠬᠡᠦᠬᠡᠳ᠂ ᠵᠡᠮᠳᠡᠭᠴᠦᠳ ᠵᠡᠷᠭᠡ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠶᠢ | ᠴᠢᠩᠭᠠᠳᠬᠠᠵᠤ᠂ ᠤᠯᠠᠭᠠᠨ ᠵᠠᠭᠠᠯᠮᠠᠶᠢᠳᠠᠨ ᠤ ︽ᠳᠡᠷᠭᠡᠳᠡᠬᠢ ᠬᠥᠮᠦᠰ ᠢ ᠠᠪᠤᠷᠠᠬᠤ︾ ᠠᠵᠢᠯ ᠢ ᠲᠦᠯᠬᠢᠨ | ᠠᠬᠢᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠡᠯ᠎ᠡ ᠲᠦᠷᠦᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠲᠦᠯᠬᠢᠨ | ᠠᠬᠢᠭᠤᠯᠵᠤ᠂ ᠠᠷᠠᠳ ᠲᠦᠮᠡᠨ ᠳᠤ ᠨᠡᠩ ᠬᠠᠨᠤᠮᠵᠢᠲᠠᠶ ᠴᠢᠨᠠᠷ ᠰᠠᠶᠢᠲᠠᠶ ᠰᠤᠷᠭᠠᠨ ᠬᠥᠮᠦᠵᠢᠯ ᠢ ᠡᠷᠬᠢᠯᠡᠨ᠎ᠡ᠃ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ | ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠪᠠᠭᠰᠢ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠨ᠂ 100 ᠰᠢᠯᠢᠳᠡᠭ ᠪᠠᠭᠰᠢ ᠶᠢ ᠢᠯᠡ ᠪᠠᠷ ᠤᠷᠢᠨ ᠬᠡᠷᠡᠭᠯᠡᠵᠦ᠂ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ | ᠴᠢᠭᠢᠷᠠᠭ ᠢ ᠰᠠᠬᠢᠨ ᠬᠠᠮᠠᠭᠠᠯᠠᠵᠤ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠨᠢᠭᠲᠠ ᠬᠡᠯᠪᠡᠷᠢ ᠶᠢᠨ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠶᠢ | ᠪᠦᠷᠢᠨᠰᠢᠬᠦᠯᠵᠦ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠵᠤ᠂ ᠰᠢᠯᠢᠳᠡᠭ ᠡᠮᠴᠢᠯᠡᠭᠡᠨ ᠤ ᠡᠬᠢ | ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠰᠠᠭᠤᠭᠳᠠᠭᠤᠯᠬᠤ ᠶᠢ ᠠᠬᠢᠭᠤᠯᠵᠤ᠂ ᠡᠮᠴᠢᠯᠡᠭᠡᠨ ᠤ | ᠦᠢᠯᠡᠴᠢᠯᠡᠭᠡᠨ ᠤ ᠶᠠᠰᠤ ᠴᠢᠨᠠᠷ ᠢ ᠬᠢᠲᠠᠳ ︵ᠮᠣᠩᠭᠤᠯ︶ ᠤᠨ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ | ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ︵ᠮᠣᠩᠭᠤᠯ︶ ᠤᠨ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠳᠤ ᠢᠳᠡᠪᠬᠢᠲᠡᠶ ᠪᠠᠷ ᠮᠡᠳᠡᠭᠦᠯᠦᠨ᠎ᠡ᠃ ᠵᠣᠬᠢᠬᠤ ᠨᠠᠰᠤᠨ ᠤ | ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠨ᠎ᠠ᠃ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠶᠡᠷᠦᠩᠬᠡᠶ | ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠳᠥᠯᠥᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠣᠨᠳᠣᠤ ᠭᠠᠵᠠᠷ ᠲᠤ ᠡᠮᠨᠡᠭᠦᠯᠦᠭᠰᠡᠨ | ᠡᠮᠨᠡᠯᠭᠡ ᠳᠤ ᠰᠠᠭᠤᠭᠰᠠᠨ ᠵᠠᠷᠤᠳᠠᠯ ᠢ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠶᠡᠭᠡ ᠡᠭᠦᠳᠦᠨ ᠪᠠᠶᠢᠭᠤᠯᠤᠯᠲᠠ︾ ᠶᠢ | ᠪᠣᠳᠠᠲᠠᠶ ᠪᠠᠷ ᠠᠳᠬᠤᠵᠤ᠂ ︽ᠶᠣᠰᠣ ᠰᠤᠷᠲᠠᠬᠤᠨ ᠤ ᠵᠢᠱᠢᠶᠡᠴᠢ︾ ︽ᠰᠠᠶᠢᠨ ᠬᠥᠮᠦᠨ ᠢ ᠮᠠᠨᠳᠤᠭᠤᠯᠬᠤ︾ ᠶᠢ | ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠵᠢᠱᠢᠶ᠎ᠡ ᠦᠵᠡᠭᠦᠯᠬᠦ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ | ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ | ᠢᠳᠡᠪᠬᠢᠲᠡᠶ ᠪᠠᠷ ᠳᠠᠭᠠᠭᠠᠨ ᠡᠷᠬᠢᠯᠡᠵᠦ᠂ ᠤᠯᠠᠨ ᠲᠦᠮᠡᠨ ᠤ ᠤᠶᠤᠨ ᠤ ︽ᠡᠪᠦᠯ ᠤᠨ ᠡᠪᠡᠳᠴᠢᠨ ᠢ ᠵᠣᠨ ᠵᠠᠰᠠᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠲᠤᠰᠬᠠᠯ ᠶᠡᠬᠡᠲᠡᠶ ᠳᠤᠯᠠᠭᠠᠯᠭ᠎ᠠ ᠶᠢᠨ ᠠᠰᠠᠭᠤᠳᠠᠯ ᠢ | ᠦᠨᠡᠨᠬᠦ ᠰᠢᠢᠳᠪᠦᠷᠢᠯᠡᠨ᠎ᠡ᠃ ︽ᠵᠠᠯᠠᠭᠤᠴᠤᠳ︾ ᠲᠡᠮᠳᠡᠭᠲᠦ ᠲᠦᠷᠦᠯ ᠲᠡᠮᠳᠡᠭ ᠤᠨ ᠴᠠᠭ ᠦᠶ᠎ᠡ ᠶᠢᠨ | ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠵᠠᠯᠠᠭᠤᠴᠤᠳ ᠤᠨ ᠠᠵᠢᠯ ᠣᠯᠭᠤᠯᠲᠠ᠂ ᠣᠷᠣᠨ ᠰᠠᠭᠤᠴᠠ | ᠂ ᠰᠤᠷᠭᠠᠨ ᠬᠥᠮᠦᠵᠢᠯ᠂ ᠤᠷᠤᠭ ᠦᠷᠡᠵᠢᠯ ᠵᠡᠷᠭᠡ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠥᠷᠭᠡᠨ ᠤᠯᠠᠨ ᠵᠠᠯᠠᠭᠤᠴᠤᠳ ᠢ ᠳᠠᠶᠢᠴᠢᠯᠠᠨ ᠳᠠᠭᠠᠭᠤᠯᠵᠤ ᠰᠢᠷᠭᠠᠭᠤ ᠬᠠᠲᠠᠭᠤᠵᠢᠯᠲᠠᠢ | ᠰᠤᠳᠤᠯᠵᠤ᠂ ᠴᠢᠷᠮᠠᠶᠢᠨ ᠲᠡᠮᠡᠴᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠦᠢᠯᠡᠴᠢᠯᠡᠭᠡ ᠵᠡᠷᠭᠡ ᠬᠦᠷᠢᠶᠡᠨ ᠳᠤ ᠭᠠᠪᠢᠶ᠎ᠠ ᠵᠢᠳᠬᠦᠯ | ᠪᠠᠶᠢᠭᠤᠯᠵᠤ ᠦᠢᠯᠡᠰ ᠪᠦᠲᠦᠭᠡᠬᠦ ᠳᠤ ᠢᠳᠡᠪᠬᠢᠲᠡᠢ ᠣᠷᠣᠯᠴᠠᠭᠤᠯᠤᠨ᠎ᠠ᠃ ᠪᠥᠬᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠴᠡᠷᠢᠭ ᠡᠯᠰᠡᠬᠦ | ᠠᠵᠢᠯ ᠢ ᠴᠢᠩᠭᠠᠳᠬᠠᠵᠤ᠂ ︽ᠬᠤᠶᠠᠷ ᠢ ᠬᠦᠷᠢᠶᠡᠯᠡᠬᠦ︾ ᠠᠵᠢᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠵᠦ᠂ | ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ | ᠠᠭᠤᠷ ᠤᠨ ᠰᠢᠨᠵᠢᠯᠡᠭᠡ᠂ ᠨᠠᠰᠤᠵᠢᠯ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ᠂ ᠡᠷᠲᠡ ᠴᠢᠯᠥᠭᠡᠯᠡᠭᠳᠡᠭᠰᠡᠨ | ᠣᠷᠣᠨ ᠤ ᠪᠦᠳᠦᠭᠡᠨ ᠪᠠᠶᠢᠭᠤᠯᠤᠯᠲᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ | ᠬᠢᠨ᠎ᠠ᠃ | ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠶᠤᠯᠭᠦᠶ ᠦᠢᠯᠡᠳᠪᠦᠷᠢᠯᠡᠯ ᠤᠨ ︽ᠲᠠᠪᠤᠨ | ᠵᠦᠢᠯ ᠤᠨ ᠲᠣᠭᠲᠠᠴᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠲᠠ | ᠪᠠᠯᠭᠠᠰᠤᠨ ᠤ ᠰᠢᠲᠠᠮᠠᠬᠠᠶ ᠬᠡᠢ᠂ ᠠᠶᠤᠯ ᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ᠂ ᠥᠪᠡᠰᠦᠪᠡᠨ ᠭᠡᠷ ᠪᠠᠷᠢᠬᠤ | ᠵᠡᠷᠭᠡ ᠬᠦᠷᠢᠶᠡᠨ ᠤ ᠠᠮᠤᠷ ᠲᠦᠪᠰᠢᠨ ᠢ ᠲᠤᠪᠤᠶᠢᠮ᠎ᠠ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠡ᠊ᠨᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠶᠤᠯ ᠠᠴᠠ | ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ | ᠭᠡᠨᠡᠳᠲᠡ ᠶᠢᠨ ᠬᠡᠷᠡᠭ ᠢ ᠲᠣᠬᠢᠲᠠᠶ ᠠᠷᠭᠠᠴᠠᠨ ᠰᠢᠢᠳᠪᠦᠷᠢᠯᠡᠨ᠎ᠡ᠃ ᠢᠳᠡᠭᠡᠨ ᠤ ᠠᠮᠤᠷ ᠲᠦᠪᠰᠢᠨ ᠤ ︽ᠬᠤᠶᠠᠷ | ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠮᠥᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ | ︾ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠱᠠᠯᠢᠭ ᠵᠠᠪᠬᠠᠢ ᠵᠦᠢᠯ ᠵᠣᠭᠤᠰ | ᠮᠥᠷᠦ᠋ᠢᠴᠡᠬᠦ ᠬᠤᠣᠷᠲᠤ ᠡᠳ᠋ ᠫᠠᠨᠽᠠᠯᠠᠬᠤ᠂ ᠢᠳᠡᠭᠡᠨ ᠤ ᠵᠦᠢᠯ ᠡᠮ ᠤᠨ ᠭᠠᠷᠠᠬ᠎ᠠ᠂ ᠰᠦᠯᠵᠢᠶᠡᠨ ᠤ ᠮᠡᠬᠡᠯᠡᠯ ᠵᠡᠷᠭᠡ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠ ᠨᠡᠶᠢᠭᠡᠮ ᠤᠨ ᠠᠮᠤᠷ ᠲᠦᠪᠰᠢᠨ ᠢ ᠲᠤᠪᠤᠶᠢᠯᠭᠠᠬᠤ | ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠶᠢᠨ ᠬᠠᠮᠤᠭ ᠤᠨ ᠳᠡᠭᠡᠳᠦ ᠱᠠᠩᠨᠠᠯ ᠪᠣᠯᠬᠤ ︽ᠴᠠᠩ ᠠᠨ ᠬᠤᠨᠳᠠᠭ᠎ᠠ︾ ᠶᠢ ᠡᠭᠦᠳᠬᠦ ᠪᠠᠷ ᠴᠢᠷᠮᠠᠶᠢᠪᠠ | ᠃ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠵᠠᠰᠠᠯᠲᠠ ᠶᠢᠨ ᠲᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠲᠣᠰᠬᠤᠨ ᠤ ᠶᠠᠪᠤᠳᠠᠯ + ᠴᠠᠭᠳᠠᠭᠠᠨ ᠤ | ᠶᠠᠪᠤᠳᠠᠯ︾ ᠤᠨ ᠠᠵᠢᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠬᠤᠲᠠ ᠶᠢᠨ ᠲᠣᠭᠤᠷᠢᠭ ᠤᠨ ︽ | 1+2+N︾ ᠪᠠ ᠬᠥᠳᠡᠭᠡ ᠲᠣᠰᠬᠤᠨ ᠤ ︽ᠨᠢᠭᠡ ᠲᠣᠰᠬᠤᠨ ᠳᠤ ᠨᠢᠭᠡ ᠵᠢᠷᠤᠮ ᠤᠨ ᠴᠠᠭᠳᠠᠭ᠎ᠠ︾ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠴᠠᠭᠳᠠᠭᠠᠨ ᠤ ᠶᠠᠪᠤᠳᠠᠯ ᠤᠨ ᠠᠵᠢᠯ ᠬᠢᠭᠡᠳ ᠲᠣᠤᠷᠵᠢᠭᠤᠯᠤᠭᠰᠠᠨ | ᠵᠠᠰᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ︽ | ᠫᠦᠵᠢᠶᠠᠩ ᠤᠨ ᠲᠤᠷᠰᠢᠯᠭ᠎ᠠ︾ ᠶᠢ ᠭᠦᠨᠵᠡᠭᠡᠶ ᠦᠢᠯᠡᠳᠦᠯᠭᠡᠵᠢᠭᠦᠯᠵᠦ᠂ ᠤᠳᠤᠷᠢᠳᠬᠤ ᠺᠠᠳ᠋ᠷᠴᠤᠳ ᠤᠨ | ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠵᠤ ᠰᠤᠷᠪᠤᠯᠵᠢᠯᠠᠬᠤ᠂ | ᠬᠡᠷᠡᠭ ᠢ ᠳᠠᠭᠠᠭᠠᠴᠢᠯᠠᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ | ᠶᠡᠷᠦᠩᠬᠡᠶ ᠲᠤᠭ᠎ᠠ ᠪᠠ ᠬᠥᠮᠦᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ ᠲᠦᠯᠬᠢᠨ ᠠᠬᠢᠭᠤᠯᠤᠨ᠎ᠠ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ | ᠲᠦᠯᠬᠢᠨ ᠠᠬᠢᠭᠤᠯᠵᠤ᠂ ︽ᠬᠠᠤᠯᠢ ᠪᠠᠷ ᠵᠠᠰᠠᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠢᠨᠵᠧᠨᠧᠷᠢᠩ ᠢ | ᠬᠡᠷᠡᠭᠵᠢᠭᠦᠯᠵᠦ᠂ ᠤᠯᠤᠰ ᠤᠨ ᠲᠡᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠰᠢᠶᠠᠨ ᠢ ᠴᠢᠷᠮᠠᠶᠢᠨ ᠪᠤᠢ ᠪᠣᠯᠭᠠᠨ᠎ᠠ᠃ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ | ᠮᠣᠷᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠠᠰᠤᠨ ᠳᠤ ᠥᠯᠥ ᠭᠦᠷᠦᠭᠰᠡᠳ ᠤᠨ | ᠡᠷᠡᠭᠦᠯ ᠢᠶᠠᠷ ᠦᠰᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ | ᠦᠵᠡᠭᠦᠯᠬᠦ ᠣᠷᠣᠨ ᠢ ᠪᠠᠲᠤ ᠪᠠᠬᠢ ᠴᠣᠭᠴᠠᠯᠠᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ | ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠪᠠᠷ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠡᠳ᠋ ᠤᠨ ᠵᠠᠰᠠᠭ ᠭᠠᠶᠢᠯᠢ | ᠂ ᠮᠥᠩᠭᠦᠨ ᠭᠦᠢᠯᠭᠡᠭᠡᠨ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠶᠡᠭᠡ ᠬᠦᠴᠦ ᠣᠷᠣᠭᠤᠯᠤᠨ ᠰᠠᠶᠢᠲᠤᠷ ᠠᠳᠬᠤᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠂ | ᠮᠣᠩᠭᠤᠯ ᠬᠤᠳᠠᠯᠳᠤᠭᠠᠨ ᠤ ᠲᠣᠰᠬᠤᠨ ᠪᠠᠯᠭᠠᠰᠤ ᠶᠢᠨ ᠪᠠᠩᠬᠢ ᠶᠢᠨ ᠰᠢᠩᠭᠡᠭᠡᠨ ᠠᠪᠴᠤ ᠨᠡᠶᠢᠯᠡᠭᠦᠯᠬᠦ ᠶᠢ | ᠪᠡᠶᠡᠯᠡᠭᠦᠯᠬᠦ ᠶᠢ ᠠᠬᠢᠭᠤᠯᠵᠤ᠂ ᠰᠢᠰᠲ᠋ᠧᠮᠵᠢ ᠶᠢᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ | ᠪᠠᠲᠤ ᠰᠠᠬᠢᠨ᠎ᠠ᠃ | ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠠᠷᠠᠳ ᠤᠨ ᠬᠦᠰᠡᠯ ᠱᠠᠭᠠᠷᠳᠠᠯᠭ᠎ᠠ | ᠪᠠᠶᠢᠪᠠᠯ ᠵᠠᠰᠠᠭ ᠤᠨ ᠶᠠᠪᠤᠳᠠᠯ ᠤᠨ ᠬᠠᠷᠢᠭᠤ ᠳᠤᠰᠬᠠᠯ ᠪᠠᠶᠢᠬᠤ ᠬᠡᠷᠡᠭᠲᠡᠶ᠃ ᠪᠢᠳᠡ ᠤᠯᠠᠨ ᠲᠦᠮᠡᠨ ᠤ ︽ᠪᠠᠴᠢᠮ | ᠪᠡᠷᠬᠡ ᠵᠣᠪᠠᠨᠢᠯ ᠬᠦᠰᠡᠯ︾ ᠢ ᠰᠡᠳᠬᠢᠯ ᠵᠢᠷᠦᠬᠡᠨ ᠳᠡᠭᠡᠨ ᠪᠠᠲᠤ ᠴᠡᠭᠡᠵᠢᠯᠡᠵᠦ᠂ ᠭᠠᠷ ᠲᠠᠭᠠᠨ ᠠᠳᠬᠤᠵᠤ᠂ ᠤᠶᠤᠨ | ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠳᠤ ᠮᠡᠳᠡᠷᠡᠭᠳᠡᠵᠦ ᠪᠣᠯᠬᠤ ᠨᠢᠭᠡ ᠪᠦᠯᠦᠭ ᠪᠣᠳᠠᠲᠤ ᠶᠠᠪᠤᠳᠠᠯ ᠢ | ᠰᠠᠶᠢᠲᠤᠷ ᠠᠳᠬᠤᠵᠤ ᠰᠠᠶᠢᠲᠤᠷ ᠬᠢᠬᠦ ᠬᠡᠷᠡᠭᠲᠡᠶ᠃ ᠪᠢᠳᠡ ᠤᠯᠠᠨ ᠲᠦᠮᠡᠨ ᠤ ︽ᠪᠠᠴᠢᠮ ᠪᠡᠷᠬᠡ ᠵᠣᠪᠠᠨᠢᠯ ᠬᠦᠰᠡᠯ︾ | ᠢ ᠰᠡᠳᠬᠢᠯ ᠵᠢᠷᠦᠬᠡᠨ ᠳᠡᠭᠡᠨ ᠪᠠᠲᠤ ᠴᠡᠭᠡᠵᠢᠯᠡᠵᠦ᠂ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠵᠦ ᠪᠣᠯᠬᠤ | ᠪᠣᠳᠠᠲᠤ ᠶᠠᠪᠤᠳᠠᠯ ᠢ ᠰᠠᠶᠢᠲᠤᠷ ᠬᠢᠬᠦ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠶ᠃ ᠥᠷᠭᠡᠨ ᠢᠶᠠᠷ ᠰᠠᠨᠠᠯ | ᠬᠤᠷᠢᠶᠠᠭᠰᠠᠨ ᠰᠠᠭᠤᠷᠢᠨ ᠳᠡᠭᠡᠷ᠎ᠡ᠂ ᠪᠢᠳᠡ 2024 ᠣᠨ ᠳᠤ ᠣᠯᠠᠨ ᠲᠦᠮᠡᠨ ᠤ ᠬᠡᠷᠡᠭᠵᠢᠭᠦᠯᠬᠦ ᠪᠠᠷ ᠬᠦᠰᠡᠵᠦ | ᠪᠠᠶᠢᠭᠰᠠᠨ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠢ ᠡᠯᠰᠡᠪᠡ᠄ ᠨᠢᠭᠡ᠂ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ 600 ᠡᠷᠦᠬᠡ ᠳᠤ ᠥᠭᠡᠷᠡᠴᠢᠯᠡᠨ᠎ᠡ︔ ᠬᠤᠶᠠᠷ᠂ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ 5 ᠶᠢ ᠥᠭᠡᠷᠡᠴᠢᠯᠡᠨ ᠳᠡᠭᠡᠭᠰᠢᠯᠡᠭᠦᠯᠦᠨ᠎ᠡ︔ ᠭᠤᠷᠪᠠ᠂ ᠠᠷᠢᠭᠤᠨ ᠴᠡᠪᠡᠷ ᠢᠶᠠᠷ | ᠳᠤᠯᠠᠭᠠᠯᠠᠬᠤ ᠥᠭᠡᠷᠡᠴᠢᠯᠡᠯᠲᠡ ᠶᠢ 6900 ᠡᠷᠦᠬᠡ ᠳᠤ ᠶᠠᠪᠤᠭᠳᠠᠭᠤᠯᠤᠨ᠎ᠠ︔ ᠳᠥᠷᠪᠡ᠂ ᠴᠢ ᠬᠤᠶ ᠴᠡᠴᠡᠷᠯᠢᠭ ᠢ | ᠰᠢᠨ᠎ᠡ ᠪᠠᠷ ᠪᠠᠶᠢᠭᠤᠯᠤᠨ᠎ᠠ᠃ ᠲᠠᠪᠤ᠂ 30 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠷᠭᠤᠭ᠎ᠠ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠭᠠᠯ ᠤᠨᠲᠠᠷᠠᠭᠠᠬᠤ ᠥᠭᠡᠷᠡᠴᠢᠯᠡᠯᠲᠡ ᠶᠢᠨ ᠳᠣᠯᠤᠭ᠎ᠠ᠂ ᠡᠮᠡᠭᠲᠡᠶᠢᠴᠦᠳ ᠤᠨ ᠬᠡᠷ᠂ ᠬᠡᠤᠬᠡᠳ ᠤᠨ ᠬᠡᠷ 15 ᠶᠢ | ᠪᠠᠶᠢᠭᠤᠯᠤᠨ᠎ᠠ᠃ ᠨᠠᠢᠮᠠ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ᠃ ᠶᠢᠰᠦ᠂ ᠤᠤᠭᠤᠬᠤ ᠤᠰᠤᠨ ᠤ ᠦᠷ᠎ᠡ ᠪᠦᠲᠦᠭᠡᠯ ᠢ ᠪᠠᠬᠢᠵᠢᠭᠦᠯᠬᠦ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠳᠡᠭᠡᠷᠡᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠲᠥᠯᠥᠭᠡᠯᠡᠭᠴᠢᠳ ᠲᠤ | ᠳᠡᠪᠰᠢᠭᠦᠯᠵᠦ ᠪᠢᠯᠧᠲ ᠥᠭᠭᠦᠭᠦᠯᠦᠨᠡ᠃ ᠪᠢᠳᠡ ᠲᠥᠯᠥᠭᠡᠯᠡᠭᠴᠢᠳ ᠤᠨ ᠬᠦᠰᠡᠯ ᠰᠠᠨᠠᠭ᠎ᠠ ᠶᠢ ᠬᠦᠨᠳᠦᠳᠬᠡᠵᠦ᠂ | ᠪᠢᠯᠧᠲ ᠥᠭᠴᠦ ᠲᠠᠰᠤᠯᠤᠭᠰᠠᠨ ᠦᠷ᠎ᠡ ᠳ᠋ᠦᠩ ᠢ ᠦᠨᠳᠦᠰᠦᠯᠡᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ | ᠠᠳᠬᠤᠵᠤ᠂ ᠨᠢᠭᠡ ᠨᠢᠭᠡ ᠪᠠᠷ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠪᠦᠬᠦ | ᠲᠥᠯᠥᠭᠡᠯᠡᠭᠴᠢᠳ᠂ ᠪᠦᠬᠦ ᠰᠢᠶᠠᠨ ᠤ ᠠᠷᠠᠳ ᠲᠦᠮᠡᠨ ᠳᠤ ᠨᠢᠭᠡ ᠬᠤᠪᠢ ᠴᠢᠨᠠᠷ ᠰᠠᠶᠢᠲᠠᠢ ᠠᠷᠠᠳ ᠤᠨ | ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠥᠯᠥᠭᠡᠯᠡᠭᠴᠢᠳ ᠡ᠂ ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠬᠡᠷᠡᠭᠲᠡᠶ᠃ | ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠤᠷᠤᠭᠰᠢᠯᠠᠨ ᠳᠠᠪᠰᠢᠬᠤ | ᠤᠬᠠᠮᠰᠠᠷ ᠢ ᠪᠠᠲᠤ ᠪᠤᠢ ᠪᠣᠯᠭᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ | ᠡᠭᠦᠷᠭᠡᠯᠡᠬᠦ ᠪᠠᠨ ᠴᠢᠩᠭᠠᠳᠬᠠᠵᠤ᠂ ᠦᠵᠡᠯ ᠰᠠᠨᠠᠭ᠎ᠠ᠂ ᠴᠢᠳᠠᠪᠤᠷᠢ᠂ ᠦᠢᠯᠡ ᠠᠵᠢᠯᠯᠠᠭ᠎ᠠ ᠪᠠᠷ ᠢᠶᠠᠨ ᠨᠠᠮ ᠤᠨ ᠲᠥᠪ | ᠬᠤᠷᠢᠶᠠᠨ ᠤ ᠱᠠᠭᠠᠷᠳᠠᠯᠭ᠎ᠠ ᠶᠢ ᠳᠠᠭᠠᠵᠤ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ ᠳᠠᠭᠠᠵᠤ᠂ ᠠᠵᠢᠯ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ | ᠡᠭᠦᠷᠭᠡᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ︽ᠲᠠᠪᠤᠨ ᠶᠡᠭᠡ ᠡᠭᠦᠷᠭᠡ︾ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠴᠤᠭ ᠪᠠᠳᠠᠷᠠᠩᠭᠤᠢ ᠴᠤᠭ ᠰᠦᠯᠳᠡ ᠪᠠᠷ ᠢᠶᠠᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠥᠭᠵᠢᠯ ᠮᠠᠨᠳᠤᠯ ᠤᠨ ᠬᠦᠴᠦᠨ ᠴᠢᠳᠠᠯ ᠢᠶᠠᠨ | ᠡᠷᠭᠦᠨ᠎ᠡ᠃ | ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ | ᠣᠷᠳᠣᠨ ᠢ ᠪᠠᠶᠢᠭᠤᠯᠤᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠭᠡ ᠵᠥᠪ | ᠶᠡᠭᠡ ᠪᠤᠷᠤᠭᠤ ᠶᠢᠨ ᠡᠮᠦᠨ᠎ᠡ ᠨᠢᠳᠦ ᠨᠢ ᠣᠨᠴᠠᠭᠠᠶ ᠭᠡᠭᠡᠨ ᠰᠠᠷᠠᠭᠤᠯ᠂ ᠲᠠᠷᠢᠬᠢ ᠲᠣᠯᠣᠭᠠᠶ ᠨᠢ ᠣᠨᠴᠠᠭᠠᠶ ᠬᠤᠷᠴᠠ | ᠰᠡᠷᠭᠡᠭ᠂ ᠵᠣᠭᠰᠣᠯᠲᠠ ᠨᠢ ᠣᠨᠴᠠᠭᠠᠶ ᠪᠠᠲᠤ ᠴᠢᠩᠭ᠎ᠠ ᠪᠠᠶᠢᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠶᠢᠨ ᠡᠯ᠎ᠡ ᠬᠦᠷᠢᠶᠡᠨ ᠳᠤ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠵᠢᠴᠢ ᠰᠢᠶᠠᠨ ᠤ ᠨᠠᠮ ᠤᠨ ᠬᠤᠷᠢᠶᠠᠨ ᠤ ᠪᠣᠳᠠᠲᠠᠶ ᠱᠠᠭᠠᠷᠳᠠᠯᠭ᠎ᠠ ᠶᠢ ᠬᠠᠮᠤᠭ ᠤᠨ ᠬᠦᠴᠦᠲᠡᠶ᠂ ᠬᠠᠮᠤᠭ ᠤᠨ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠡᠷᠬᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ᠂ | ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ | ᠣᠷᠳᠣᠨ ᠤ ᠠᠵᠢᠯᠯᠠᠭ᠎ᠠ ᠶᠢ ᠪᠦᠬᠦᠨ ᠢ ᠬᠠᠤᠯᠢᠵᠢᠯ ᠤᠨ ᠵᠠᠮ ᠳᠤ ᠣᠷᠣᠭᠤᠯᠪᠠ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠬᠡᠷᠡᠭ ᠤᠨ ᠡᠮᠦᠨ᠎ᠡ ᠦᠨᠡᠯᠡᠨ ᠵᠢᠱᠢᠬᠦ᠂ ᠬᠡᠷᠡᠭ ᠤᠨ ᠳᠤᠮᠳᠠ ᠬᠢᠨᠠᠨ | ᠬᠠᠮᠢᠶᠠᠷᠬᠤ᠂ ᠬᠡᠷᠡᠭ ᠤᠨ ᠳᠠᠷᠠᠭ᠎ᠠ ᠦᠨᠡᠯᠡᠬᠦ ᠲᠦᠷᠢᠮ ᠢ ᠪᠦᠷᠢᠨᠰᠢᠬᠦᠯᠵᠦ᠂ ᠣᠯᠠᠨ ᠨᠡᠶᠢᠲᠡ ᠶᠢᠨ ᠣᠷᠣᠯᠴᠠᠬᠤ | ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ | ᠰᠢᠢᠳᠪᠦᠷᠢᠳᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠬᠦ ᠳᠤ᠂ ᠠᠮᠠᠯᠠᠭᠰᠠᠨ ᠤᠴᠢᠷ ᠶᠠᠪᠤᠳᠠᠯ ᠢᠶᠠᠨ ᠵᠠᠪᠠᠯ | ᠭᠦᠢᠴᠡᠳᠬᠡᠵᠦ᠂ ᠠᠮᠠᠯᠠᠭᠰᠠᠨ ᠢᠶᠠᠨ ᠵᠠᠪᠠᠯ ᠭᠦᠢᠴᠡᠳᠬᠡᠬᠦ ᠬᠡᠷᠡᠭᠲᠡᠶ᠂ ᠶᠠᠭᠠᠬᠢᠭᠰᠠᠨ ᠴᠤ ᠪᠠᠶᠢᠨ ᠳᠠᠬᠢᠨ ᠵᠠᠰᠠᠷᠠᠵᠤ | ᠪᠣᠯᠬᠤ ᠦᠭᠡᠢ᠂ ᠨᠡᠩ ᠴᠤ ︽ᠰᠢᠨ᠎ᠡ ᠨᠣᠶᠠᠨ ᠬᠠᠭᠤᠴᠢᠨ ᠲᠠᠩᠰᠠ ᠶᠢ ᠬᠠᠮᠢᠶᠠᠷᠬᠤ ᠦᠭᠡᠢ︾ ᠪᠠᠶᠢᠵᠤ ᠪᠣᠯᠬᠤ | ᠦᠭᠡᠢ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠰᠢᠶᠠᠨ ᠤ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠤᠯᠢ | ᠴᠠᠭᠠᠵᠠ᠂ ᠬᠢᠨᠠᠨ ᠪᠠᠶᠢᠴᠠᠭᠠᠯᠲᠠ᠂ ᠨᠡᠶᠢᠭᠡᠮ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠢᠨᠠᠨ ᠪᠤᠳᠤᠬᠤ᠂ ᠪᠦᠷᠢᠳᠬᠡᠬᠦ ᠬᠢᠨᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ | ᠡᠷᠬᠡ ᠶᠢ ᠢᠮᠠᠭᠲᠠ ᠢᠯᠡ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ | ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠶ ᠵᠠᠰᠠᠭ ᠤᠨ ᠣᠷᠳᠣᠨ ᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ | ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ ᠦᠨᠡᠨᠬᠦ ᠠᠳᠬᠤᠨ ᠪᠣᠳᠠᠲᠠᠢ ᠠᠵᠢᠯᠯᠠᠬᠤ ᠰᠤᠷᠲᠠᠯ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ | ᠰᠤᠷᠲᠠᠯ ᠢ ᠶᠡᠬᠡᠪᠡᠷ ᠮᠠᠨᠳᠤᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ | ᠴᠢᠩᠭᠠᠳᠬᠠᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ︾ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠴᠢᠷ ᠶᠠᠪᠤᠳᠠᠯ ᠳᠤ ᠠᠶᠤᠯ ᠦᠭᠡᠢ | ᠪᠠᠶᠢᠵᠤ᠂ ᠡᠴᠦᠰ ᠲᠤᠨᠢ ᠲᠤᠯᠲᠠᠯ᠎ᠠ ᠠᠳᠬᠤᠵᠤ᠂ ᠨᠢᠭᠡ ᠶᠢ ᠬᠡᠯᠡᠪᠡᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ | ᠪᠦᠲᠦᠭᠡᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ | ᠵᠦᠢᠯ ᠢ ᠨᠠᠷᠢᠨ ᠲᠠᠩᠰᠠᠵᠢᠭᠤᠯᠤᠨ ᠬᠠᠮᠢᠶᠠᠷᠴᠤ᠂ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠢᠲᠡᠭᠦᠦ ᠴᠠᠭᠠᠷᠢᠭ ᠢ ᠪᠣᠶ ᠪᠣᠯᠭᠠᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠢ | ᠦᠨᠡᠨᠬᠦ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ︽ᠠᠯᠲᠠᠨ | ᠮᠧᠳᠠᠯ ᠤᠨ ᠦᠢᠯᠡᠴᠢᠯᠡᠭᠴᠢ︾ ᠪᠣᠯᠤᠨ ︽ᠰᠠᠶᠢᠨ ᠦᠢᠯᠡᠴᠢᠯᠡᠭᠴᠢ︾ ᠪᠤᠯᠵᠤ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ | ᠰᠢᠢᠳᠪᠦᠷᠢᠯᠡᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠰᠢᠭᠤᠳ ᠲᠦᠷᠭᠡᠨ ᠡᠳ᠋ᠯᠡᠬᠦ ᠶᠢ ᠠᠬᠢᠭᠤᠯᠵᠤ᠂ ︽ | ᠬᠦᠰᠡᠪᠡᠯ ᠵᠠᠪᠠᠯ ᠠᠷᠭᠠᠴᠠᠬᠤ︾᠂ ︽ᠶᠠᠪᠤᠳᠠᠯ ᠪᠦᠬᠦᠨ ᠢ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ | ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | 12345 ᠬᠠᠯᠠᠭᠤᠨ ᠤᠲᠠᠰᠤ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ | ᠰᠡᠳᠬᠢᠯ ᠤᠨ ᠳᠠᠭᠤᠨ ᠢ ᠬᠢᠨᠠᠮᠠᠭᠠᠶ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠢᠳᠡᠪᠬᠢᠲᠡᠶ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | | ᠠᠷᠢᠭᠤᠨ ᠴᠢᠬᠡᠴᠢ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠠᠷᠢᠭᠤᠨ ᠴᠢᠬᠡᠴᠢ ᠵᠠᠰᠠᠭ ᠤᠨ | ᠣᠷᠳᠣᠨ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠶ | ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠠ | ᠤᠯᠠᠨ ᠲᠦᠮᠡᠨ ᠤ ᠳᠡᠷᠭᠡᠳᠡ ᠡᠭᠦᠰᠦᠭᠰᠡᠨ ︽ᠢᠯᠠᠭ᠎ᠠ ᠱᠠᠮᠰᠢᠵᠤ ᠰᠢᠷᠭᠤᠯᠵᠢ ᠶᠢᠨ ᠢᠯᠵᠠᠷᠠᠯ︾ ᠢ ᠶᠡᠭᠡ ᠪᠠᠷ | ᠴᠡᠭᠴᠡᠯᠡᠨ ᠵᠠᠰᠠᠵᠤ᠂ ᠠᠷᠢᠭᠤᠨ ᠴᠢᠬᠡᠴᠢ᠂ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ ᠲᠣᠳᠣ | ᠰᠠᠭᠤᠷᠢ ᠦᠡᠭᠭᠡ ᠪᠣᠯᠭᠠᠨ᠎ᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ | ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠡᠷᠡᠰ | ᠰᠡᠷᠭᠡᠶᠢᠯᠡᠨ ᠵᠠᠰᠠᠪᠠ᠃ ᠪᠡᠶ᠎ᠡ ᠪᠠᠷ ᠢᠶᠠᠨ ᠲᠦᠷᠦᠭᠦᠯᠡᠨ ︽ᠭᠠᠮᠨᠠᠨ ᠠᠮᠢᠳᠤᠷᠠᠬᠤ︾ ᠶᠢ ᠪᠠᠷᠢᠮᠲᠠᠯᠠᠵᠤ᠂ ᠡᠳ᠋ ᠤᠨ | ᠵᠠᠰᠠᠭ ᠤᠨ ᠲᠥᠰᠦᠪ ᠢ ᠵᠢᠷᠤᠮᠵᠢᠭᠤᠯᠤᠨ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠠᠷᠪᠢᠨ ᠪᠡᠯᠡ ᠮᠥᠩᠭᠦ ᠶᠢ ᠬᠥᠭᠵᠢᠯᠲᠡ ᠳᠤ ᠬᠡᠷᠡᠭᠯᠡᠵᠦ᠂ ᠠᠷᠠᠳ ᠤᠨ | ᠠᠮᠢᠳᠤᠷᠠᠯ ᠳᠤ ᠬᠡᠷᠡᠭᠯᠡᠵᠦ᠂ ᠬᠥᠭᠵᠢᠯᠲᠡ ᠳᠤ ᠰᠡᠯᠭᠦᠬᠦ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠳᠤ | ᠳᠠᠭᠠᠷᠠᠭᠰᠠᠨ ᠬᠥᠮᠦᠨ ᠳᠤ ᠳᠠᠬᠤ ᠬᠦᠷᠭᠡᠨ᠎ᠡ᠃ | ᠲᠥᠯᠥᠭᠡᠯᠡᠭᠴᠢᠳ ᠡ᠂ ᠰᠠᠯᠬᠢ ᠲᠥᠪ ᠴᠠᠭ ᠢ ᠠᠮᠵᠢᠵᠤ᠂ ᠳᠠᠪᠠᠯᠭᠠᠨ ᠢ ᠵᠦᠰᠦᠨ ᠤᠷᠤᠭᠰᠢᠯᠠᠨ᠎ᠠ︔ | ᠡᠭᠦᠷᠭᠡ ᠬᠦᠨᠳᠦ ᠵᠠᠮ ᠬᠤᠯᠠ ᠳᠤᠯᠠ ᠬᠤᠷᠳᠤᠨ ᠮᠣᠷᠢᠨ ᠳᠤ ᠲᠠᠰᠢᠭᠤᠷ ᠨᠡᠮᠡᠬᠦ ᠨᠢ ᠨᠡᠩ ᠴᠢᠬᠤᠯᠠ ᠶᠤᠮ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠡ᠂ | ᠬᠤᠳᠠ ᠶᠢᠨ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠠᠯᠲᠠ ᠪᠠᠨ ᠪᠠᠲᠤ ᠰᠠᠬᠢᠵᠤ᠂ ᠯᠠᠪᠳᠠᠭᠤᠨ ᠪᠠᠲᠤᠲᠠᠢ | ᠠᠵᠢᠯᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠬᠥᠭᠵᠢᠨ ᠮᠠᠨᠳᠤᠬᠤ ᠪᠠ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ | 1. ᠬᠤᠶᠠᠷ ᠶᠡᠭᠡ ᠶᠠᠪᠤᠳᠠᠯ᠄ ᠨᠢᠭᠡ ᠳᠤ ︽ᠲᠠᠪᠤᠨ ᠶᠡᠭᠡ ᠡᠭᠦᠷᠭᠡ︾᠂ ᠲᠤᠬᠠᠶᠢᠯᠠᠪᠠᠯ ᠥᠪᠥᠷ ᠮᠣᠩᠭᠤᠯ ᠢ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠵᠤ᠂ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠎ᠠ︔ | ᠬᠤᠶᠠᠷ ᠲᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃ | 2. ᠬᠤᠶᠠᠷ ᠬᠦᠷᠢᠶᠡᠯᠡᠩ ᠬᠤᠶᠠᠷ ᠲᠣᠭᠤᠷᠢᠭ᠄ ᠨᠡᠶᠢᠰᠯᠡᠯ ᠳᠤ ᠬᠠᠨᠳᠤᠭᠤᠯᠤᠭᠰᠠᠨ ︽ᠲᠣᠮᠣ ᠨᠣᠭᠤᠭ᠎ᠠ ᠶᠢᠨ | ᠬᠦᠷᠢᠶᠡᠯᠡᠩ︾᠂ ᠨᠡᠶᠢᠰᠯᠡᠯ ᠳᠤ ᠬᠠᠨᠳᠤᠭᠤᠯᠤᠭᠰᠠᠨ ︽ᠠᠷᠤ ᠴᠡᠴᠡᠷᠯᠢᠭ︾᠂ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ | ᠠᠵᠤ ᠦᠢᠯᠡᠰ ᠤᠨ ︽ᠳᠠᠭᠠᠭᠠᠴᠠ ᠶᠢᠨ ᠣᠷᠣᠨ︾᠃ | 3. ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾᠄ ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨᠨᠥ᠋ᠬᠦᠪᠥᠷᠢ ᠪᠣᠯᠤᠨ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ ᠵᠢᠭᠠᠵᠤ ᠪᠤᠢ᠃ | | 4. ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ᠄ ᠬᠢᠴᠢᠶᠡᠯ ᠤᠨ ᠪᠢᠴᠢᠭ ᠢ ᠰᠦᠢᠳᠭᠡᠯ ᠬᠤᠷᠢᠶᠠᠬᠤ | ᠥᠬᠡᠶ ᠪᠠᠷ ᠬᠠᠩᠭᠠᠵᠤ᠂ ᠰᠤᠯᠠ ᠵᠠᠷᠤᠳᠠᠯ ᠢ ᠭᠡᠯᠳᠦᠷᠢᠭᠦᠯᠵᠦ᠂ ᠵᠣᠬᠢᠬᠤ ᠬᠡᠮᠵᠢᠶᠡᠨ ᠤ ᠠᠮᠢᠳᠤᠷᠠᠯ ᠤᠨ ᠵᠠᠷᠤᠳᠠᠯ ᠢ | ᠨᠥᠬᠦᠪᠥᠷᠢᠯᠡᠨ᠎ᠡ᠃ | 5. ᠵᠠᠮ ᠬᠠᠷᠢᠯᠴᠠᠭᠠᠨ ᠤ ᠪᠠᠲᠤᠯᠠᠭᠠᠲᠤ ᠠᠰᠠᠷ᠄ ᠠᠰᠠᠷ ᠤᠨ ᠲᠠᠪᠠᠭ ᠢ ᠪᠣᠯᠵᠤᠭ᠎ᠠ ᠶᠣᠰᠣᠭᠠᠷ ᠴᠢᠨᠠᠷ ᠲᠤᠭ᠎ᠠ | ᠶᠣᠰᠣᠭᠠᠷ ᠲᠤᠰᠢᠶᠠᠬᠤ ᠶᠢ ᠦᠨᠡᠨᠬᠦ ᠪᠠᠲᠤᠯᠠᠨ᠎ᠠ᠃ | 6. ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ᠄ ︽ᠭᠤᠷᠪᠠᠨ ᠠᠷᠪᠢᠨ︾ ᠭᠡᠳᠡᠭ ᠨᠢ ᠬᠤᠷᠠᠯ | ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ ᠢ ᠵᠢᠭᠠᠵᠤ ᠪᠠᠶᠢᠨ᠎ᠠ᠂ ︽ᠭᠤᠷᠪᠠᠨ ᠴᠥᠭᠡᠨ︾ | ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ | ᠠᠰᠠᠭᠤᠳᠠᠯ ᠢ ᠰᠢᠢᠳᠪᠦᠷᠢᠯᠡᠬᠦ ᠨᠢ ᠴᠥᠭᠡᠨ ᠪᠠᠶᠢᠬᠤ ᠶᠢ ᠵᠢᠭᠠᠵᠤ ᠪᠠᠶᠢᠨ᠎ᠠ᠂ ︽ᠭᠤᠷᠪᠠᠨ ᠤᠳᠠᠭᠠᠨ︾ ᠭᠡᠳᠡᠭ ᠨᠢ | ᠰᠢᠢᠳᠪᠦᠷᠢᠳᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ | ᠪᠠᠶᠢᠬᠤ ᠶᠢ ᠵᠢᠭᠠᠵᠤ ᠪᠠᠶᠢᠨ᠎ᠠ᠃ | 7. ᠮᠢᠩᠭᠠᠨ ᠵᠦᠢᠯ ᠤᠨ ᠠᠮᠠᠯᠠᠯᠲᠠ᠄ 2023 ᠣᠨ ᠳᠤ ᠤᠯᠠᠭᠠᠨᠴᠠᠪ ᠬᠤᠲᠠ ︽ᠤᠯᠠᠭᠠᠨᠴᠠᠪ ᠬᠤᠲᠠ ᠶᠢᠨ | ︿ᠮᠢᠩᠭᠠᠨ ᠵᠦᠢᠯ ᠤᠨ ᠠᠮᠠᠯᠠᠯᠲᠠ﹀ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ | ᠠᠵᠢᠯᠯᠠᠭᠠᠨ ᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ 1225 ᠵᠦᠢᠯ ᠤᠨ ᠠᠮᠠᠯᠠᠯᠲᠠ ᠭᠠᠷᠭᠠᠪᠠ᠃ | 8. ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ | ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠵᠢᠭᠠᠵᠤ ᠪᠣᠶ᠃ | 9. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ | ᠴᠣᠠᠠᠴᠠᠵᠢᠭᠤᠯᠬᠤ ᠢᠨᠵᠧᠨᠧᠷᠢᠩ᠂ ᠳᠤᠯᠠᠭᠠᠨ ᠪᠦᠯᠢᠶᠡᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃ | 10. ︽ᠬᠤᠶᠠᠷ ᠠᠭᠤᠯᠠ︾᠄ 2005 ᠣᠨ ᠳᠤ ᠰᠢ ᠶᠢᠨ ᠫᠢᠩ ᠶᠡᠷᠦᠩᠬᠡᠶ ᠱᠦᠵᠢ ᠶᠢᠨ ᠠᠩᠬ᠎ᠠ | ᠤᠳᠠᠭ᠎ᠠ ᠳᠤᠷᠠᠳᠤᠨ ᠭᠠᠷᠭᠠᠭᠰᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠳᠠ ᠮᠥᠩᠭᠦᠨ | ᠠᠭᠤᠯᠠ︾ ᠭᠡᠬᠦ ᠰᠢᠨᠵᠢᠯᠡᠬᠦ ᠤᠬᠠᠭᠠᠨᠴᠢ ᠨᠤᠲᠠᠯᠠᠯᠲᠠ ᠶᠢ ᠵᠢᠭᠠᠵᠤ ᠪᠠᠶᠢᠨ᠎ᠠ᠃ | 11. ︽ᠭᠤᠷᠪᠠᠨ ᠤᠮᠠᠷᠠᠲᠤ︾ ᠶᠢᠨ ᠢᠨᠵᠧᠨᠧᠷᠢᠩ᠄ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ | ᠤᠮᠠᠷᠠᠲᠤ ᠣᠷᠣᠨ᠂ ᠵᠡᠭᠦᠨ ᠬᠤᠶᠢᠲᠤ ᠣᠷᠣᠨ ᠳᠤ ᠪᠠᠶᠢᠭᠤᠯᠤᠭᠰᠠᠨ ᠳᠤᠮᠤ ᠬᠡᠯᠪᠡᠷᠢ ᠶᠢᠨ ᠵᠣᠬᠢᠶᠠᠮᠠᠯ ᠤᠢ | ᠰᠢᠭᠤᠶ ᠶᠢᠨ ᠠᠮᠢ ᠠᠬᠤᠶ ᠶᠢᠨ ᠢᠨᠵᠧᠨᠧᠷᠢᠩ ᠢ ᠵᠢᠭᠠᠵᠤ ᠪᠠᠶᠢᠨ᠎ᠠ᠃ | 12. ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ᠄ ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ | ᠂ ᠨᠢᠭᠡ ᠢᠵᠢ ᠲᠤᠰᠬᠠᠶ ᠠᠩᠭᠢ᠂ ᠡᠴᠦᠰ ᠲᠤᠨᠢ ᠲᠤᠯᠲᠠᠯ᠎ᠠ ᠠᠳᠬᠤᠬᠤ ᠲᠥᠷᠥᠯ ᠵᠦᠢᠯ ᠤᠨ ᠳᠠᠭᠠᠭᠠᠴᠢᠯᠠᠨ | ᠬᠤᠯᠪᠣᠭᠠᠯᠠᠬᠤ ᠦᠢᠯᠡᠴᠢᠯᠡᠭᠡᠨ ᠤ ᠲᠣᠭᠲᠠᠴᠠ ᠶᠢ ᠵᠢᠭᠠᠵᠤ ᠪᠣᠶ᠃ | 13. ᠲᠠᠪᠤᠨ ᠣᠳᠣᠬᠢᠴᠢᠯᠠᠯᠲᠠ ᠶᠢᠨ ᠥᠭᠡᠷᠡᠴᠢᠯᠡᠯᠲᠡ᠄ ᠲᠣᠭᠤᠰᠣ ᠠᠷᠢᠯᠭᠠᠬᠤ ᠶᠢ ᠨᠢᠭᠲᠠ ᠪᠢᠲᠡᠭᠦᠮᠵᠢᠯᠡᠬᠦ᠂ | ᠡᠨᠧᠷᠭᠢ ᠶᠢᠨ ᠬᠤᠷᠣᠭᠳᠠᠯ ᠤᠨ ᠬᠡᠮᠵᠢᠭᠳᠡᠯ ᠢ ᠬᠡᠪ ᠳᠠᠭᠤᠷᠢᠶᠠᠯᠵᠢᠭᠤᠯᠬᠤ᠂ ᠡᠬᠢ ᠪᠠᠶᠠᠯᠢᠭ ᠢ ᠣᠷᠴᠢᠯᠳᠤᠭᠤᠯᠤᠨ | ᠠᠰᠢᠭᠯᠠᠬᠤ᠂ ᠤᠶᠤᠨᠵᠢᠭᠤᠯᠬᠤ᠂ ᠨᠣᠭᠤᠭᠠᠨ ᠡᠨᠧᠷᠭᠢᠵᠢᠭᠦᠯᠬᠦ᠃ | 14. ︽ᠭᠤᠷᠪᠠ ᠥᠬᠡᠶ︾ ᠭᠠᠵᠠᠷ ᠰᠢᠷᠣᠶ᠄ ᠵᠥᠪᠰᠢᠶᠡᠷᠡᠭᠰᠡᠨ ᠪᠣᠯᠪᠠᠴᠤ ᠲᠠᠲᠠᠪᠤᠷᠢᠯᠠᠭᠰᠠᠨ ᠥᠬᠡᠶ᠂ | ᠲᠠᠲᠠᠪᠤᠷᠢᠯᠠᠭᠰᠠᠨ ᠪᠣᠯᠪᠠᠴᠤ ᠬᠠᠩᠭᠠᠭᠰᠠᠨ ᠥᠬᠡᠶ᠂ ᠬᠠᠩᠭᠠᠭᠰᠠᠨ ᠪᠣᠯᠪᠠᠴᠤ ᠬᠡᠷᠡᠭᠯᠡᠭᠰᠡᠨ ᠥᠬᠡᠶ ᠭᠠᠵᠠᠷ ᠰᠢᠷᠣᠶ ᠶᠢ | ᠵᠢᠭᠠᠵᠤ ᠪᠣᠶ᠃ | 15. ᠴᠡᠭ ᠬᠡᠯᠪᠡᠷᠢ ᠪᠠᠷ ᠭᠠᠵᠠᠷ ᠬᠠᠩᠭᠠᠬᠤ᠄ ᠴᠡᠭ ᠬᠡᠯᠪᠡᠷᠢ ᠪᠠᠷ ᠭᠠᠵᠠᠷ ᠬᠠᠩᠭᠠᠬᠤ ᠪᠣᠯ ᠨᠢᠭᠡ ᠵᠦᠢᠯ ᠤᠨ | ᠭᠠᠵᠠᠷ ᠰᠢᠷᠣᠶ ᠤᠯᠬᠤ ᠰᠢᠨ᠎ᠡ ᠠᠷᠭ᠎ᠠ ᠮᠠᠶ᠋ᠢᠭ ᠮᠥᠨ᠂ ᠴᠡᠭ ᠬᠡᠯᠪᠡᠷᠢ ᠶᠢ ᠤᠤᠯ ᠤᠨ ᠬᠡᠰᠡᠭ ᠬᠡᠯᠪᠡᠷᠢ ᠲᠠᠢ | ᠬᠠᠷᠢᠴᠠᠭᠤᠯᠵᠤ ᠬᠡᠯᠡᠭᠰᠡᠨ ᠶᠤᠮ᠃ ᠴᠡᠭ ᠬᠡᠯᠪᠡᠷᠢ ᠪᠠᠷ ᠭᠠᠵᠠᠷ ᠬᠠᠩᠭᠠᠬᠤ ᠳᠤ ᠲᠥᠷᠥᠯ ᠵᠦᠢᠯ ᠳᠤ ᠬᠡᠷᠡᠭᠯᠡᠬᠦ ᠭᠠᠵᠠᠷ | ᠣᠷᠣᠨ ᠢ ᠡᠭᠦᠷᠢᠳᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠮᠢ ᠠᠬᠤᠶ ᠶᠢᠨ | ᠦᠯᠡᠳᠡᠭᠡᠯ ᠳᠤ ᠬᠡᠷᠡᠭᠯᠡᠬᠦ ᠭᠠᠵᠠᠷ ᠭᠡᠵᠦ ᠬᠤᠪᠢᠶᠠᠨ᠎ᠠ᠂ ᠡᠭᠦᠨ ᠳᠤ ᠡᠭᠦᠷᠢᠳᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠬᠡᠳᠦᠶ ᠪᠠᠶᠢᠭᠤᠯᠪᠠᠯ ᠲᠡᠳᠦᠶ ᠶᠢ ᠬᠠᠩᠭᠠᠵᠤ᠂ ᠦᠯᠡᠳᠡᠭᠰᠡᠨ | ᠬᠡᠰᠡᠭ ᠢ ᠨᠢ ᠲᠠᠲᠠᠪᠤᠷᠢᠯᠠᠬᠤ ᠠᠴᠠ ᠪᠢᠰᠢ ᠰᠢᠯᠵᠢᠭᠦᠯᠬᠦ ᠥᠬᠡᠶ ᠪᠠᠶᠢᠵᠤ ᠪᠣᠯᠤᠨ᠎ᠠ᠂ ᠲᠦᠷᠢᠶᠡᠰᠦᠯᠡᠬᠦ᠂ ᠬᠤᠪᠢᠶᠠᠷᠢᠯᠠᠨ | ᠰᠠᠯᠭᠠᠬᠤ᠂ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠥᠷᠥᠯ ᠵᠦᠢᠯ ᠤᠨ ᠥᠮᠴᠢᠲᠡᠨ ᠳᠤ | ᠬᠡᠷᠡᠭᠯᠡᠭᠦᠯᠦᠨ᠎ᠡ᠃ | 16. ᠮᠢᠩᠭᠠᠨ ᠲᠦᠮᠡᠨ ᠢᠨᠵᠧᠨᠧᠷᠢᠩ᠄ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ | ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠂ ᠡᠨᠡ ᠪᠣᠯ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠳᠠᠷᠤᠶ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠤ ᠵᠧᠵᠢᠶᠠᠩ ᠤᠨ ᠦᠨᠳᠦᠰᠦᠨ | ᠱᠠᠲᠤᠨ ᠤ ᠬᠥᠳᠡᠭᠡ ᠲᠣᠰᠬᠤᠨ ᠳᠠᠬᠢ ᠠᠮᠵᠢᠯᠲᠠᠲᠠᠶ ᠦᠢᠯᠡᠳᠦᠯᠭᠡ ᠮᠥᠨ᠃ | 17. ︽135︾ ᠶᠢᠨ ᠠᠵᠢᠯᠯᠠᠭ᠎ᠠ᠄ ᠲᠤᠬᠠᠶᠢᠯᠠᠪᠠᠯ ᠪᠠᠶᠢᠩᠭᠤ ᠰᠠᠭᠤᠭ᠎ᠠ ᠬᠥᠮᠦᠨ ᠠᠮᠠ ᠶᠢᠨ 1 | ᠮᠢᠩᠭ᠎ᠠ ᠠᠴᠠ ᠳᠡᠭᠡᠭᠰᠢ ᠬᠥᠮᠦᠨ ᠠᠴᠠ ᠳᠡᠭᠡᠭᠰᠢ ᠬᠤᠭ ᠨᠣᠪᠰᠢ ᠶᠢ ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ | ᠵᠠᠰᠠᠭ ᠵᠠᠬᠢᠷᠭᠠᠨ ᠤ ᠲᠣᠰᠬᠤᠨ ᠪᠠ 3 ᠮᠢᠩᠭ᠎ᠠ ᠠᠴᠠ ᠳᠡᠭᠡᠭᠰᠢ ᠬᠥᠮᠦᠨ ᠠᠴᠠ ᠳᠡᠭᠡᠭᠰᠢ ᠪᠣᠬᠢᠷ ᠤᠰᠤ ᠶᠢ | ᠲᠥᠪᠯᠡᠷᠡᠭᠦᠯᠦᠨ ᠵᠠᠰᠠᠬᠤ ᠶᠢ ᠬᠡᠷᠡᠭᠵᠢᠭᠦᠯᠦᠭᠡᠳᠦᠶ ᠵᠠᠰᠠᠭ ᠵᠠᠬᠢᠷᠭᠠᠨ ᠤ ᠲᠣᠰᠬᠤᠨ ᠢ ᠵᠠᠷᠴᠢᠮ ᠳᠡᠭᠡᠷ᠎ᠡ ᠪᠠᠨ 5 | ᠵᠢᠯ ᠤᠨ ᠳᠣᠲᠣᠷ᠎ᠠ ᠲᠥᠪᠯᠡᠷᠡᠭᠦᠯᠦᠨ ᠵᠠᠰᠠᠬᠤ ᠶᠢ ᠪᠡᠶᠡᠯᠡᠭᠦᠯᠦᠨ᠎ᠡ᠃ | 18. ᠨᠢᠭᠡ ᠣᠷᠣᠨ ᠰᠠᠭᠤᠴᠠ ᠶᠢ ᠳᠥᠷᠪᠡᠨ ᠬᠦᠷᠢᠶᠡᠯᠡᠩ ᠪᠣᠯᠭᠠᠨ᠎ᠠ᠄ ᠲᠤᠬᠠᠶᠢᠯᠠᠪᠠᠯ ᠬᠥᠳᠡᠭᠡ ᠲᠣᠰᠬᠤᠨ ᠤ | ᠬᠦᠷᠢᠶ᠎ᠡ ᠬᠠᠰᠢᠶ᠎ᠠ ᠶᠢ ᠨᠣᠭᠤᠭ᠎ᠠ ᠶᠢᠨ ᠬᠦᠷᠢᠶᠡᠯᠡᠩ᠂ ᠵᠢᠮᠢᠰ ᠤᠨ ᠬᠦᠷᠢᠶᠡᠯᠡᠩ᠂ ᠴᠡᠴᠡᠷᠯᠢᠭ ᠤᠨ ᠬᠦᠷᠢᠶᠡᠯᠡᠩ ᠪᠠ | ᠵᠤᠭᠠᠴᠠᠯ ᠤᠨ ᠬᠦᠷᠢᠶᠡᠯᠡᠩ ᠪᠣᠯᠭᠠᠨ᠎ᠠ᠃ | 19. ︽ᠳᠥᠷᠪᠡ ᠶᠢ ᠠᠪᠴᠤ ᠬᠠᠶᠠᠬᠤ ᠥᠬᠡᠶ︾᠄ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ | ᠬᠠᠷᠢᠭᠤᠴᠠᠯᠭ᠎ᠠ ᠶᠢ ᠨᠢ ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠲᠥᠷᠥ ᠶᠢᠨ | ᠪᠣᠳᠣᠯᠭ᠎ᠠ ᠶᠢ ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠬᠠᠪᠰᠤᠷᠤᠨ ᠲᠡᠳᠬᠦᠬᠦ ᠶᠢ | ᠠᠪᠴᠤ ᠬᠠᠶᠠᠬᠤ ᠥᠬᠡᠶ᠂ ᠮᠠᠯᠠᠭᠠᠶ ᠶᠢ ᠨᠢ ᠠᠪᠴᠤ ᠬᠠᠶᠠᠬᠤ ᠥᠬᠡᠶ ᠪᠣᠯ ᠬᠢᠨᠠᠯᠲᠠ ᠬᠠᠮᠢᠶᠠᠷᠤᠯᠲᠠ ᠶᠢ ᠠᠪᠴᠤ | ᠬᠠᠶᠠᠬᠤ ᠥᠬᠡᠶ᠃ | 20. ᠭᠤᠷᠪᠠ ᠶᠢ ᠨᠠᠶᠢᠳᠠᠪᠤᠷᠢᠵᠢᠭᠤᠯᠵᠤ ᠨᠢᠭᠡ ᠶᠢ ᠪᠠᠬᠢᠵᠢᠭᠦᠯᠦᠨ᠎ᠡ᠄ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | 21. ᠬᠤᠶᠠᠷ ᠢ ᠥᠨᠳᠥᠷ ᠪᠠᠶᠢᠯᠭᠠᠬᠤ ᠪᠠ ᠬᠤᠶᠠᠷ ᠢ ᠳᠡᠭᠡᠭᠰᠢᠯᠡᠭᠦᠯᠬᠦ᠄ ︽ᠬᠤᠶᠠᠷ ᠢ ᠥᠨᠳᠥᠷ ᠪᠠᠶᠢᠯᠭᠠᠬᠤ︾ | ᠭᠡᠳᠡᠭ ᠨᠢ ᠶᠠᠳᠠᠭᠤ ᠠᠴᠠ ᠠᠩᠭᠢᠵᠢᠷᠠᠭᠤᠯᠤᠭᠰᠠᠨ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ | ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ᠂ | ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠪᠦᠬᠦ ᠤᠯᠤᠰ ᠤᠨ ︽ᠬᠤᠶᠠᠷ ᠢ ᠳᠡᠭᠡᠭᠰᠢᠯᠡᠭᠦᠯᠬᠦ︾ ᠨᠢ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠪᠣᠯᠤᠨ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢᠨ ᠬᠠᠷᠢᠴᠠᠯ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠳ ᠪᠣᠯᠤᠨ ᠪᠦᠬᠦ ᠤᠯᠤᠰ ᠤᠨ | ᠲᠠᠷᠢᠶᠠᠴᠢᠳ ᠤᠨ ᠣᠷᠣᠯᠭ᠎ᠠ ᠶᠢᠨ ᠬᠠᠷᠢᠴᠠᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠵᠢᠭᠠᠵᠤ ᠪᠠᠶᠢᠨ᠎ᠠ᠃ | 22. ᠭᠤᠷᠪᠠᠨ ᠬᠦᠪᠡᠭᠡ ᠲᠤᠯᠤᠭᠠᠨ ᠣᠷᠣᠨ᠄ ᠲᠡᠮᠤᠷ ᠵᠠᠮ᠂ ᠲᠦᠷᠭᠡᠨ ᠳᠠᠪᠬᠢᠬᠤ ᠵᠠᠰᠠᠮᠠᠯ ᠵᠠᠮ ᠪᠠ | ᠤᠯᠤᠰ ᠤᠨ ᠵᠠᠮ᠂ ᠮᠤᠵᠢ ᠶᠢᠨ ᠵᠠᠮ᠂ ᠰᠢᠶᠠᠨ ᠰᠤᠮᠤᠨ ᠤ ᠵᠠᠰᠠᠮᠠᠯ ᠵᠠᠮ ᠤᠨ ᠬᠤᠶᠠᠷ ᠬᠠᠵᠠᠭᠤ᠂ ᠠᠶᠢᠯ | ᠲᠣᠰᠬᠤᠨ ᠤ ᠡᠷᠬᠢᠨ ᠲᠣᠭᠤᠷᠢᠨ᠂ ᠭᠤᠣᠯ ᠮᠥᠷᠡᠨ᠂ ᠤᠰᠤᠨ ᠴᠥᠭᠦᠷᠥᠮ ᠤᠨ ᠡᠷᠭᠢ ᠳᠠᠭᠠᠤ ᠡᠷᠭᠢ ᠶᠢ ᠬᠡᠯᠡᠵᠦ | ᠪᠠᠶᠢᠨ᠎ᠠ︔ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠠᠯᠳᠠᠷᠲᠤ ᠦᠵᠡᠮᠵᠢ ᠶᠢᠨ ᠣᠷᠣᠨ᠂ ᠲᠥᠪᠯᠡᠷᠡᠭᠰᠡᠨ ᠣᠷᠣᠨ | ᠰᠠᠭᠤᠴᠠ ᠶᠢᠨ ᠲᠣᠭᠤᠷᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠳᠠ ᠶᠢᠨ ᠲᠥᠯᠥᠪᠵᠢᠭᠦᠯᠭᠡ ᠶᠢᠨ | ᠲᠣᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠃ | 23. ︽ᠬᠤᠶᠠᠷ ᠢ ᠬᠥᠩᠭᠡᠷᠡᠭᠦᠯᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠬᠡᠲᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ | 24. ᠲᠠᠪᠤᠨ ᠶᠡᠭᠡ ᠡᠭᠦᠳᠦᠨ ᠪᠠᠶᠢᠭᠤᠯᠬᠤ᠄ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ | ᠪᠣᠯᠪᠠᠰᠤᠨ ᠨᠢᠭᠡᠴᠡ᠂ ᠪᠣᠯᠪᠠᠰᠤᠨ ᠬᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠵᠢᠭᠠᠵᠤ ᠪᠣᠶ᠃ | 25. ᠠᠶᠤᠯ ᠥᠬᠡᠶ ᠦᠢᠯᠡᠳᠪᠦᠷᠢᠯᠡᠯ ᠤᠨ ︽ᠲᠠᠪᠤᠨ ᠵᠦᠢᠯ ᠤᠨ ᠲᠣᠭᠲᠠᠴᠠ︾᠄ ᠠᠶᠤᠯ ᠥᠬᠡᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ᠂ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ᠂ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠠᠳᠡᠯ ᠤᠨ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠵᠠᠰᠠᠬᠤ ᠪᠠ ᠠᠶᠤᠯ ᠥᠬᠡᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ᠃ | 26. ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ᠄ ᠲᠤᠬᠠᠶᠢᠯᠠᠪᠠᠯ ᠤᠳᠤᠷᠢᠳᠬᠤ ᠺᠠᠳ᠋ᠷᠴᠤᠳ ᠤᠨ | ︽ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠤᠬᠠᠭᠤᠯᠵᠤ ᠦᠨᠳᠦᠰᠦᠨ ᠱᠠᠲᠤᠨ ᠳᠤ | ᠣᠴᠢᠭᠤᠯᠵᠤ᠂ ᠪᠠᠶᠢᠴᠠᠭᠠᠨ ᠰᠤᠳᠤᠯᠤᠯᠲᠠ ᠬᠢᠵᠦ ᠦᠨᠳᠦᠰᠦᠨ ᠱᠠᠲᠤᠨ ᠳᠤ ᠣᠴᠢᠭᠤᠯᠵᠤ᠂ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠦᠨᠳᠦᠰᠦᠨ ᠱᠠᠲᠤᠨ ᠳᠤ ᠣᠴᠢᠭᠤᠯᠵᠤ᠂ ᠲᠤᠬᠠᠶ ᠶᠢᠨ | ᠲᠠᠯᠠᠪᠤᠷ ᠲᠤ ᠠᠯᠪᠠᠯᠠᠵᠤ ᠦᠨᠳᠦᠰᠦᠨ ᠱᠠᠲᠤᠨ ᠳᠤ ᠣᠴᠢᠭᠤᠯᠬᠤ︾ ᠪᠣᠯ ᠰᠢ ᠶᠢᠨ ᠫᠢᠩ ᠶᠡᠷᠦᠩᠬᠡᠶ ᠱᠦᠵᠢ ᠶᠢᠨ | ᠹᠦᠵᠢᠶᠠᠨ ᠤ ᠨᠢᠩᠳᠤ ᠳᠤ ᠠᠵᠢᠯᠯᠠᠵᠤ ᠪᠠᠶᠢᠬᠤ ᠳᠠᠭᠠᠨ ᠶᠡᠭᠡ ᠪᠠᠷ ᠰᠠᠨᠠᠭᠠᠴᠢᠯᠠᠭᠰᠠᠨ ᠪᠥᠭᠡᠳ ᠪᠡᠶ᠎ᠡ ᠪᠠᠷ ᠢᠶᠠᠨ | ᠬᠡᠷᠡᠭᠵᠢᠭᠦᠯᠵᠦ ᠪᠠᠶᠢᠭᠠᠳ ᠪᠦᠷᠢᠯᠳᠦᠭᠦᠯᠦᠭᠰᠡᠨ ᠠᠵᠢᠯᠯᠠᠬᠤ ᠠᠷᠭ᠎ᠠ ᠪᠠ ᠠᠵᠢᠯ ᠤᠨ ᠲᠦᠷᠢᠮ ᠮᠥᠨ᠃ | 27. ︽1+2+N︾ ᠲᠣᠭᠲᠠᠴᠠ᠄ ᠳᠠᠷᠤᠶ 1 ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ 2 | ᠲᠤᠰᠠᠯᠠᠬᠤ ᠴᠠᠭᠳᠠᠭ᠎ᠠ ᠶᠢ ᠳᠠᠭᠠᠭᠤᠯᠵᠤ᠂ ᠡᠳᠦᠶ ᠲᠡᠳᠦᠶ ᠰᠦᠯᠵᠢᠶᠡᠨ ᠤ ᠠᠵᠢᠯᠲᠠᠨ ᠳᠠᠭᠠᠭᠤᠯᠤᠨ᠎ᠠ᠃ | 28. ᠬᠠᠷᠮᠠᠨ ᠴᠡᠴᠡᠷᠯᠢᠭ᠄ ᠪᠠᠰᠠ ᠪᠢᠴᠢᠯ ᠴᠡᠴᠡᠷᠯᠢᠭ ᠭᠡᠳᠡᠭ᠂ ᠡᠨᠡ ᠪᠣᠯ ᠨᠢᠭᠡ ᠵᠦᠢᠯ ᠤᠨ ᠬᠡᠪᠴᠢᠶ᠎ᠡ ᠪᠠᠷ | ᠮᠠᠰᠢ ᠪᠠᠭ᠎ᠠ ᠬᠤᠲᠠ ᠶᠢᠨ ᠨᠡᠭᠡᠭᠡᠯᠲᠡ ᠶᠢᠨ ᠣᠷᠣᠨ ᠵᠠᠶ ᠪᠣᠯᠤᠨ᠎ᠠ᠂ ᠦᠷᠭᠦᠯᠵᠢ ᠲᠣᠯᠪᠣᠲᠤ ᠬᠡᠯᠪᠡᠷᠢ ᠪᠠᠷ ᠪᠤᠲᠠᠷᠠᠨ | ᠰᠠᠷᠨᠢᠬᠤ ᠪᠤᠶᠤ ᠬᠤᠲᠠ ᠶᠢᠨ ᠪᠦᠲᠦᠴᠡ ᠳᠤ ᠨᠢᠭᠤᠭᠳᠠᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ | ᠰᠢᠭᠤᠳ ᠦᠢᠯᠡᠴᠢᠯᠡᠨ᠂ ᠣᠷᠴᠢᠨ ᠲᠣᠭᠤᠷᠢᠨ ᠢᠶᠠᠨ ᠭᠤᠶᠤᠵᠢᠭᠤᠯᠬᠤ᠂ ᠣᠯᠠᠨ ᠨᠡᠶᠢᠲᠡ ᠶᠢᠨ ᠬᠠᠷᠢᠯᠴᠠᠭ᠎ᠠ | ᠶᠠᠪᠤᠯᠴᠠᠭ᠎ᠠ᠂ ᠵᠤᠭ᠎ᠠ ᠴᠡᠩᠭᠡᠯ᠂ ᠰᠣᠶᠣᠯ ᠤᠨ ᠦᠵᠡᠭᠦᠯᠦᠯᠭᠡ ᠵᠡᠷᠭᠡ ᠴᠢᠳᠠᠮᠵᠢ ᠶᠢ ᠬᠠᠩᠭᠠᠵᠤ ᠪᠣᠯᠤᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |