ᠰᠢᠩ ᠾᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ᠠᠯᠲᠠᠨ ᠮᠧᠳᠠᠯ ᠤᠯᠪᠠ︕
ᠨᠡᠶᠢᠲᠡᠯᠡᠭᠰᠡᠨ ᠴᠠᠭ᠄
2024/3/7
      ᠬᠥᠬᠡᠮᠳᠦᠭ ᠨᠣᠭᠤᠭᠠᠨ ᠠᠭᠤᠯᠠ ᠤᠰᠤ ᠨᠣᠭᠤᠭᠠᠨ ᠦᠩᠭᠡ ᠶᠢᠨ ᠠᠮᠲᠠᠲᠤ ᠢᠳᠡᠭᠡᠨ ᠢ ᠪᠤᠶᠢᠵᠢᠭᠤᠯᠤᠨ᠎ᠠ      — ᠰᠢᠩ ᠡᡁᠧ ᠰᠢᠶᠠᠨ ᠤ ᠲᠠᠷᠢᠶᠠᠯᠠᠩ ᠤᠨ ᠪᠦᠲᠦᠭᠡᠭᠳᠡᠬᠦᠨ ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ︾ ᠤᠨ ᠠᠯᠳᠠᠨ ᠱᠠᠩᠨᠠᠯ ᠢ ᠣᠯᠤᠭᠰᠠᠨ ᠬᠠᠪᠤᠷ ᠤᠨ ᠲᠠᠷᠢᠶᠠᠯᠠᠭ᠎ᠠ ᠶᠢᠨ ᠴᠠᠭ ᠦᠶ᠎ᠡ ᠳᠤ᠂ ᠤᠯᠠᠭᠠᠨᠴᠠᠪ ᠤᠨ ᠭᠠᠵᠠᠷ ᠪᠣᠯᠭᠠᠨ ᠳᠤ ᠰᠢᠨ᠎ᠡ ᠠᠮᠢᠯᠠᠯ ᠪᠠ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠤᠢᠢᠷ᠎ᠠ ᠳᠤ᠂ ︽ᠰᠢᠩ ᠡᡁᠧ ᠰᠢᠶᠠᠨ ᠤ ᠶᠠᠮᠠ ᠶᠢᠨ ᠦᠷ᠎ᠡ ᠶᠢᠨ ᠲᠤᠰᠤ ᠪᠣᠯᠤᠨ ᠨᠠᠬᠢᠶ᠎ᠠ ᠶᠢ ᠣᠷᠣᠯᠠᠨ ᠡᠵᠡᠩᠨᠡᠬᠦ ᠨᠠᠷᠢᠮᠤ ᠠᠮᠤ ︿ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠦᠵᠡᠰᠬᠦᠯᠡᠩ﹀ ᠤᠨ ᠠᠯᠳᠠᠨ ᠱᠠᠩᠨᠠᠯ︾ ᠢ ᠬᠦᠷᠳᠡᠭᠰᠡᠨ ᠪᠠᠶᠠᠷ ᠤᠨ ᠴᠢᠮᠡᠭᠡ ᠨᠢ ᠨᠡᠩ ᠴᠤ ᠰᠢᠩ ᠡᡁᠧ ᠰᠢᠶᠠᠨ ᠤ ᠪᠣᠬᠢᠷᠲᠤᠯ ᠦᠭᠡᠢ ᠲᠠᠷᠢᠶᠠᠯᠠᠩ ᠤᠨ ᠠᠵᠤ ᠠᠬᠤᠢ ᠶᠢ ᠬᠥᠭᠵᠢᠭᠦᠯᠬᠦ ᠰᠢᠨ᠎ᠡ ᠬᠦᠰᠡᠯ ᠡᠷᠡᠮᠡᠯᠵᠡᠯ ᠢ ᠬᠠᠩᠭᠢᠨᠠᠭᠤᠯᠪᠠ᠃
     ᠣᠶᠢᠷ᠎ᠠ ᠶᠢᠨ ᠵᠢᠯ ᠳᠤ᠂ ᠰᠢᠩ ᠾᠧ ᠰᠢᠶᠠᠨ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠲᠠᠭᠠᠨ ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠤᠶᠢᠪᠢᠰᠢ ᠥᠬᠡᠶ ᠠᠬᠢᠭᠤᠯᠵᠤ᠂ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠲᠠᠷᠢᠮᠠᠯ ᠤᠨ ᠡᠭᠦᠯᠳᠡᠷ ᠢ ᠰᠠᠶᠢᠵᠢᠷᠠᠭᠤᠯᠬᠤ᠂ ᠲᠠᠷᠢᠶᠠᠯᠠᠬᠤ ᠲᠦᠷᠢᠮ ᠢ ᠥᠭᠡᠷᠡᠴᠢᠯᠡᠬᠦ᠂ ᠳᠠᠷᠢᠬᠤ ᠮᠡᠷᠭᠡᠵᠢᠯ ᠢ ᠰᠠᠶᠢᠵᠢᠷᠠᠭᠤᠯᠬᠤ᠂ ᠲᠠᠷᠢᠮᠠᠯ ᠤᠨ ᠪᠦᠲᠦᠴᠡ ᠶᠢ ᠬᠤᠪᠢᠷᠠᠭᠤᠯᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠳᠠᠶᠢᠴᠢᠯᠠᠵᠤ᠂ ᠰᠠᠶᠢᠨ ᠲᠠᠷᠢᠶᠠᠨ ᠭᠠᠵᠠᠷ᠂ ᠰᠠᠶᠢᠨ ᠬᠥᠷᠥᠰᠥ᠂ ᠰᠠᠶᠢᠨ ᠡᠭᠦᠯᠳᠡᠷ᠂ ᠰᠠᠶᠢᠨ ᠲᠦᠷᠢᠮ᠂ ᠰᠠᠶᠢᠨ ᠠᠷᠭ᠎ᠠ ᠶᠢ ᠢᠵᠢ ᠪᠥᠷᠢᠳᠦᠭᠦᠯᠬᠦ ᠶᠢ ᠪᠡᠶᠡᠯᠡᠭᠦᠯᠪᠡ᠃ 2022 ᠣᠨ ᠳᠤ ᠰᠢᠩ ᠡᡁᠧ ᠰᠢᠶᠠᠨ ᠤ ᠰᠢᠯᠢᠳᠡᠭ ᠡᠭᠦᠯᠳᠡᠷ ᠤᠨ ᠪᠦᠷᠬᠦᠴᠡ ᠶᠢᠨ ᠨᠤᠷᠮ᠎ᠠ 95% ᠠᠴᠠ ᠳᠡᠭᠡᠭᠰᠢ ᠳᠤ ᠬᠦᠷᠴᠦ᠂ ᠭᠠᠷᠤᠯᠲᠠ 2.4 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠴᠦ᠂ 13 ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ 9 ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ 1 ᠭᠠᠵᠠᠷ ᠵᠦᠢ ᠶᠢᠨ ᠪᠠᠷᠢᠮᠵᠢᠶᠠᠲᠤ ᠪᠦᠲᠦᠭᠡᠭᠳᠡᠬᠦᠨ ᠪᠣᠯᠤᠨ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠪᠦᠲᠦᠭᠡᠭᠳᠡᠬᠦᠨ 7 ᠪᠣᠯᠪᠠ᠃ 2023 ᠣᠨ ᠤ ᠲᠥᠯᠥᠪᠯᠡᠭᠡ ᠪᠠᠷ ᠪᠦᠸᠧᠼᠠᠶ ᠨᠣᠭᠤᠭ᠎ᠠ᠂ ᠴᠠᠭᠠᠨ ᠯᠤᠤᠪᠠᠩ᠂ ᠪᠥᠭᠡᠷᠡᠩᠬᠡᠶ ᠰᠣᠩᠭᠢᠨ᠎ᠠ᠂ ᠬᠦᠬᠡ ᠴᠡᠴᠡᠭ᠂ ᠴᠠᠭᠠᠨ ᠨᠣᠭᠤᠭ᠎ᠠ ᠵᠡᠷᠭᠡ 5 ᠨᠣᠭᠤᠭᠠᠨ ᠦᠩᠭᠡ ᠲᠠᠢ ᠢᠳᠡᠰᠢᠨ ᠨᠣᠭᠤᠭ᠎ᠠ᠂ ᠨᠠᠷᠢᠮᠤ ᠪᠣᠯᠤᠨ ᠬᠤᠮᠠ ᠵᠡᠷᠭᠡ 2 ᠭᠠᠵᠠᠷ ᠵᠦᠢ ᠶᠢᠨ ᠪᠡᠯᠭᠡ ᠳᠡᠮᠳᠡᠭ ᠲᠠᠢ ᠪᠦᠲᠦᠭᠡᠭᠳᠡᠬᠦᠨ ᠵᠢᠴᠢ ᠰᠢᠨ᠎ᠡ ᠰᠣᠷᠭᠤᠭ ᠡᠷᠳᠡᠨᠢ ᠰᠢᠰᠢ ᠶᠢᠨ ᠨᠡᠷᠡᠳᠦ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠢ ᠭᠡᠷᠡᠴᠢᠯᠡᠵᠦ᠂ ᠰᠢᠩ ᠾᠧ ᠰᠢᠶᠠᠨ ᠤ ᠭᠠᠵᠠᠷ ᠵᠦᠢ ᠶᠢᠨ ᠪᠡᠯᠭᠡ ᠳᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ᠂ ᠠᠯᠳᠠᠷᠰᠢᠯ ᠪᠣᠯᠤᠨ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ᠃      — ᠪᠠᠶᠢᠭᠠᠯᠢ ᠶᠢᠨ ᠵᠢᠵᠢᠭ ᠠᠭᠤᠯᠠᠨ ᠲᠣᠰᠬᠤᠨ ᠳᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠪᠠ      ᠨᠠᠷᠢᠮᠤ ᠶᠢ ᠣᠷᠣᠯᠠᠨ ᠡᠵᠡᠩᠨᠡᠵᠦ ᠪᠠᠶᠢᠭ᠎ᠠ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠬᠤ ᠰᠢᠶᠦ᠋ᠩ ᠹᠧᠩ ᠲᠠᠷᠢᠶᠠᠯᠠᠩ ᠳᠤ᠂ ᠪᠠᠶᠢᠭᠠᠯᠢ ᠶᠢᠨ ᠴᠡᠪᠡᠷ ᠨᠣᠭᠤᠭᠠᠨ᠂ ᠣᠷᠭᠠᠨᠢᠭ ᠠᠮᠢ ᠠᠬᠤᠢ ᠶᠢᠨ ᠦᠵᠡᠮᠵᠢ ᠶᠢ ᠬᠠᠷᠠᠵᠤ᠂ ᠠᠯᠲᠠᠨ ᠰᠢᠷᠭᠠᠯ ᠨᠠᠷᠢᠮᠤ ᠶᠢ ᠭᠠᠷ ᠤᠨ ᠠᠶ᠎ᠠ ᠪᠠᠷ ᠡᠷᠭᠦᠵᠦ᠂ ᠨᠠᠷᠢᠯᠢᠭ ᠬᠠᠭᠤᠷᠠᠢ ᠠᠮᠤ ᠪᠠᠷ ᠪᠢᠯᠬᠠᠮ᠎ᠠ ᠪᠤᠯᠪᠠᠷᠠᠢ᠂ ᠠᠮᠤ ᠶᠢᠨ ᠦᠨᠦᠷ ᠬᠠᠩᠬᠤᠯᠵᠤ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠠᠮᠤ ᠶᠢᠨ ᠦᠨᠦᠷ ᠬᠠᠩᠬᠤᠯᠵᠤ ᠪᠠᠶᠢᠯ᠎ᠠ᠃
     ᠰᠢᠩ ᠾᠧ ᠰᠢᠶᠠᠨ ᠤ ᠰᠢᠶᠦ᠋ᠩ ᠹᠧᠩ ᠲᠠᠷᠢᠶᠠᠯᠠᠩ ᠮᠠᠯ ᠠᠵᠤ ᠠᠬᠤᠶ ᠶᠢᠨ ᠲᠠᠷᠢᠶᠠᠴᠢᠨ ᠤ ᠲᠤᠰᠬᠠᠶ ᠬᠤᠷᠰᠢᠶ᠎ᠠ ᠭᠤᠣᠯᠳᠠᠭᠤ ᠲᠠᠷᠢᠶᠠᠯᠠᠩ ᠤᠨ ᠳᠠᠷᠢᠵᠤ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠭᠤᠳᠠᠯᠯᠠᠵᠤ ᠪᠣᠷᠣᠯᠠᠭᠤᠯᠬᠤ᠂ ᠵᠠᠬᠢᠶᠠᠯᠠᠭ᠎ᠠ ᠶᠢᠨ ᠬᠡᠯᠪᠡᠷᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ ᠲᠠᠷᠢᠶᠠᠯᠠᠩ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠰᠤᠷᠪᠤᠯᠵᠢᠯᠠᠭᠴᠢ ᠲᠠᠩ ᠰᠢᠤᠸᠠᠨ ᠪᠥᠸᠧ ᠰᠡᠭᠦᠳᠡᠷᠯᠡᠪᠡ       ᠨᠠᠷᠢᠮᠤ ᠲᠤᠲᠤᠷᠭ᠎ᠠ ᠶᠢ ᠨᠠᠷᠢᠮᠤ ᠪᠠᠷ ᠣᠷᠣᠯᠠᠭᠤᠯᠬᠤ ᠳᠤ ᠨᠠᠷᠢᠮᠤ ᠨᠢ ᠰᠢᠮ᠎ᠡ ᠲᠡᠵᠢᠭᠡᠯ ᠶᠡᠬᠡᠲᠡᠶ᠂ ᠤᠭᠤᠷᠠᠭ ᠶᠡᠬᠡᠲᠡᠶ ᠂ ᠸᠢᠲ᠋ᠠᠮᠢᠨ ᠶᠡᠬᠡᠲᠡᠶ᠂ ᠲᠡᠮᠦᠷ ᠵᠠᠮ ᠤᠨ ᠴᠠᠶᠢᠷ ᠡᠯᠪᠡᠭ ᠠᠭᠤᠯᠳᠠᠭ᠂ ᠡᠨᠡ ᠨᠢ ᠳᠡᠯᠢᠭᠦᠦ ᠶᠢ ᠴᠢᠭᠢᠷᠠᠭᠵᠢᠭᠤᠯᠵᠤ᠂ ᠬᠤᠳᠣᠭᠤᠳᠣ ᠶᠢ ᠰᠠᠶᠢᠵᠢᠷᠠᠭᠤᠯᠤᠨ᠂ ᠴᠢᠰᠤ ᠶᠢ ᠲᠥᠯᠥᠵᠢᠭᠦᠯᠵᠦ᠂ ᠤᠶᠤᠨ ᠢ ᠰᠠᠶᠢᠵᠢᠷᠠᠭᠤᠯᠬᠤ ᠪᠠᠷ ᠪᠠᠷᠠᠬᠤ ᠦᠭᠡᠢ᠂ ᠪᠠᠰᠠ ᠴᠢᠰᠤᠨ ᠳᠠᠷᠤᠯᠲᠠ ᠥᠨᠳᠥᠷ᠂ ᠴᠢᠰᠤᠨ ᠤ ᠥᠭᠡᠬᠦ ᠶᠡᠬᠡᠲᠡᠶ᠂ ᠴᠢᠰᠤᠨ ᠰᠢᠬᠢᠷ ᠥᠨᠳᠥᠷ ᠵᠡᠷᠭᠡ ᠡᠪᠡᠳᠴᠢᠨ ᠤ ᠢᠯᠡᠷᠡᠯ ᠢ ᠨᠠᠮᠳᠠᠭᠤᠯᠤᠨ᠎ᠠ᠃  ᠰᠢᠶᠦ᠋ᠩ ᠹᠧᠩ ᠬᠥᠳᠡᠭᠡ ᠠᠵᠤ ᠠᠬᠤᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠨ ᡁᠢ ᠶᠢᠨ ᠲᠠᠨᠢᠯᠴᠠᠭᠤᠯᠤᠭᠰᠠᠨ ᠢᠶᠠᠷ᠂ ᠨᠠᠬᠢᠶ᠎ᠠ ᠶᠢ ᠣᠷᠣᠯᠠᠨ ᠡᠵᠡᠩᠨᠡᠬᠦ ᠨᠠᠷᠢᠮᠤ ᠠᠮᠤ ᠶᠢᠨ ᠲᠠᠷᠢᠮᠠᠯ ᠤᠨ ᠰᠠᠭᠤᠷᠢᠨ ᠭᠠᠵᠠᠷ ᠨᠢ ᠰᠢᠩ ᠡᡁᠧ ᠰᠢᠶᠠᠨ ᠤ ᠡᠮᠦᠨᠡᠲᠦ ᠬᠡᠰᠡᠭ ᠤᠨ ᠤᠮᠠᠷᠠᠲᠤ ᠥᠷᠭᠡᠷᠢᠭ ᠤᠨ 41.27 ᠭᠷᠠᠳᠦ᠋ᠰ ᠲᠤ ᠪᠠᠶᠢᠷᠢᠯᠠᠵᠤ᠂ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠤ  ᠰᠤᠮᠤᠨ ᠠᠭᠤᠯᠠᠨ ᠬᠤᠷᠮᠣᠢ ᠳᠤ ᠪᠠᠶᠢᠷᠢᠯᠠᠵᠤ᠂ ᠳᠡᠯᠡᠬᠡᠢ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ᠰᠢᠯᠢᠳᠡᠭ ᠠᠮᠤ ᠪᠤᠳᠠᠭᠠᠨ ᠤ ᠤᠷᠭᠤᠯᠲᠠ ᠳᠤ ᠬᠠᠮᠤᠭ ᠤᠨ ᠲᠣᠬᠢᠷᠠᠮᠵᠢᠲᠠᠢ ᠰᠢᠵᠢᠷ ᠠᠯᠳᠠᠨ ᠥᠷᠭᠡᠷᠢᠭ ᠪᠣᠯᠤᠨ᠎ᠠ᠃ ᠨᠠᠬᠢᠶ᠎ᠠ ᠪᠠᠷ ᠨᠠᠷᠢᠮᠤ ᠶᠢ ᠣᠷᠣᠯᠠᠨ ᠡᠵᠡᠩᠨᠡᠬᠦ ᠳᠤ ᠳᠠᠷᠢᠵᠤ ᠲᠡᠵᠢᠭᠡᠬᠦ ᠶᠢ ᠤᠶᠠᠯᠳᠤᠭᠤᠯᠬᠤ ᠵᠠᠭᠪᠤᠷ ᠢ ᠬᠡᠷᠡᠭᠯᠡᠵᠦ᠂ ᠪᠠᠶᠢᠭᠠᠯᠢ ᠶᠢᠨ ᠠᠩᠬᠠᠨ ᠤ ᠠᠮᠢ ᠠᠬᠤᠶ ᠶᠢᠨ ᠪᠣᠷᠲᠣᠭᠤᠷ ᠢ ᠬᠤᠤᠷ ᠥᠬᠡᠶ ᠪᠣᠯᠭᠠᠨ ᠰᠢᠢᠳᠪᠦᠷᠢᠯᠡᠬᠦ ᠪᠠᠷ ᠳᠡᠮᠵᠢᠨ ᠲᠠᠷᠢᠶᠠᠨ ᠳᠤ ᠪᠤᠴᠠᠭᠠᠨ ᠥᠭᠴᠦ᠂ ᠡᠷᠡᠭᠦᠯ ᠴᠡᠪᠡᠷ ᠪᠣᠬᠢᠷᠲᠤᠯ ᠥᠬᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠪᠦᠲᠦᠭᠡᠭᠳᠡᠬᠦᠨ ᠢ ᠪᠣᠯᠪᠠᠰᠤᠷᠠᠭᠤᠯᠬᠤ ᠳᠤ ᠤᠯᠤᠰ ᠤᠨ ᠳᠣᠲᠣᠭᠠᠳᠤ ᠶᠢᠨ ᠬᠠᠮᠤᠭ ᠤᠨ ᠲᠡᠷᠢᠭᠦᠨ ᠤ ᠲᠥᠬᠦᠭᠡᠷᠦᠮᠵᠢ ᠶᠢ ᠬᠡᠷᠡᠭᠯᠡᠵᠦ᠂ ᠨᠠᠷᠢᠮᠤ ᠠᠴᠠ ᠨᠠᠷᠢᠮᠤ ᠳᠤ ᠬᠦᠷᠲᠡᠯ᠎ᠡ ᠠᠷᠪᠠᠨ ᠬᠤᠶᠠᠷ ᠠᠵᠢᠯ ᠤᠨ ᠳᠠᠷᠠᠭᠠᠯᠠᠯ ᠢᠶᠠᠷ ᠳᠡᠮᠵᠢᠨ ᠬᠠᠭᠤᠴᠢᠨ ᠵᠠᠮ ᠢᠶᠠᠷ ᠢᠶᠠᠨ ᠪᠤᠴᠠᠬᠤ ᠥᠬᠡᠶ ᠪᠠᠶᠢᠵᠤ᠂ ᠮᠥᠬᠦᠯᠢᠭ ᠨᠠᠷᠢᠮᠤ ᠶᠢ ᠨᠠᠷᠢᠯᠢᠭ ᠰᠣᠩᠭᠤᠵᠤ ᠭᠠᠷᠭᠠᠨ᠎ᠠ᠃ ᠣᠳᠣᠬᠠᠨ ᠳᠤ᠂ ᠨᠠᠬᠢᠶ᠎ᠠ ᠶᠢ ᠣᠷᠣᠯᠠᠨ ᠡᠵᠡᠩᠨᠡᠭᠰᠡᠨ ᠨᠠᠷᠢᠮᠤ ᠪᠤᠳᠠᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠪᠣᠷᠣᠯᠠᠭᠤᠯᠭ᠎ᠠ ᠶᠢᠨ ᠵᠠᠭᠪᠤᠷ ᠢᠶᠠᠷ ᠤᠮᠠᠷᠠᠲᠤ ᠣᠷᠣᠨ ᠳᠤ ᠪᠣᠷᠣᠯᠠᠭᠤᠯᠤᠭᠳᠠᠵᠤ᠂ ᠪᠡᠭᠡᠵᠢᠩ᠂ ᠲᠢᠶᠠᠨᠵᠢᠨ᠂ ᠾᠤᠪᠸᠢ ᠵᠡᠷᠭᠡ ᠭᠠᠵᠠᠷ ᠤᠨ ᠬᠡᠷᠡᠭᠯᠡᠭᠴᠢᠳ ᠤᠨ ᠲᠠᠭᠠᠰᠢᠶᠠᠯ ᠢ ᠣᠯᠵᠤ ᠪᠠᠶᠢᠨ᠎ᠠ᠃ ᠵᠠᠩ ᠸᠧᠨ ᡁᠢ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠨᠠᠷᠢᠮᠤ ᠶᠢ ᠣᠷᠣᠯᠠᠨ ᠡᠵᠡᠩᠨᠡᠬᠦ ᠭᠠᠵᠠᠷ ᠣᠷᠣᠨ ᠤ ᠨᠠᠷᠠᠲᠤ ᠲᠡᠮᠳᠡᠭ ᠤᠨ ᠣᠨᠴᠠᠯᠢᠭ ᠢ ᠪᠠᠳᠠᠷᠠᠭᠤᠯᠵᠤ᠂ ᠨᠠᠷᠢᠮᠤ ᠶᠢ ᠣᠷᠣᠯᠠᠨ ᠡᠵᠡᠩᠨᠡᠬᠦ ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠴᠤᠭᠯᠠᠭᠠᠨ︾ ᠤ ᠠᠯᠲᠠᠨ ᠮᠧᠳᠠᠯ ᠢ ᠭᠥᠷᠳᠡᠬᠦ ᠪᠠᠷ ᠬᠥᠳᠡᠯᠭᠡᠬᠦ ᠬᠦᠴᠦᠨ ᠪᠣᠯᠭᠠᠵᠤ᠂ ᠦᠷᠭᠦᠯᠵᠢᠯᠡᠨ ᠭᠦᠨᠵᠡᠭᠡᠶ ᠳᠠᠷᠢᠵᠤ ᠨᠢᠮᠪᠠᠶ ᠠᠷᠠᠴᠢᠯᠠᠵᠤ᠂ ᠨᠠᠷᠢᠮᠤ ᠶᠢ ᠣᠷᠣᠯᠠᠨ ᠡᠵᠡᠩᠨᠡᠬᠦ ᠨᠠᠷᠢᠮᠤ ᠶᠢ ᠪᠥᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠂ ᠠᠵᠤ  ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠡᠶ᠃      —  ︽ᠳᠤᠮᠳᠠᠳᠤ ᠤᠯᠤᠰ ᠤᠨ ᠰᠠᠶᠢᠨ ᠠᠮᠤ ᠲᠣᠰᠣ︾ ᠶᠢᠨ ᠨᠠᠷᠠᠲᠤ ᠲᠡᠮᠳᠡᠭᠲᠦ ᠶᠢ ᠳᠠᠭᠤᠷᠢᠰᠬᠠᠵᠤ᠂ ᠳᠡᠯᠡᠬᠡᠶ ᠶᠢᠨ ᠨᠠᠷᠠᠲᠤ ᠲᠡᠮᠳᠡᠭᠲᠦ ᠶᠢ ᠴᠢᠷᠮᠠᠶᠢᠨ ᠪᠣᠶ ᠪᠣᠯᠭᠠᠨ᠎ᠠ      ︽ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠴᠤᠭᠯᠠᠭᠠᠨ︾ ᠤ ᠠᠯᠲᠠᠨ ᠮᠧᠳᠠᠯ ᠢ ᠭᠥᠷᠳᠡᠭᠰᠡᠨ ᠶᠠᠮᠠ ᠣᠯᠣᠰᠣᠨ ᠤ ᠦᠷ᠎ᠡ ᠶᠢᠨ ᠲᠣᠰᠣᠨ ᠤ ᠭᠠᠷᠤᠯᠲᠠ ᠨᠢ ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠠᠴᠠ ᠢᠷᠡᠯᠲᠡ ᠲᠠᠢ᠃ ᠤᠯᠠᠨ ᠵᠢᠯ ᠤᠨ ᠲᠤᠷᠰᠢ ᠾᠧ ᠣᠪᠣᠭᠲᠤ ᠶᠢᠨ ᠠᠮᠤ ᠳᠤᠰᠤᠨ ᠤ ᠲᠦᠷᠦᠯ ᠵᠦᠢᠯ ᠪᠠ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠦᠨ᠂ ᠪᠣᠬᠢᠷᠲᠤᠯ ᠦᠭᠡᠢ ᠪᠦᠲᠦᠭᠡᠭᠳᠡᠬᠦᠨ ᠢ ᠦᠢᠯᠡᠳᠪᠦᠷᠢᠯᠡᠵᠦ᠂ ᠤᠯᠠᠨ ᠲᠦᠮᠡᠨ ᠤ ᠡᠷᠡᠭᠦᠯ ᠮᠡᠨᠳᠤ ᠳᠤ ᠪᠤᠶᠠᠨ ᠦᠢᠯᠡᠳᠴᠦ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠲᠦᠷᠦᠯ ᠲᠡᠮᠳᠡᠭ ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠦᠨ ᠬᠥᠭᠵᠢᠭᠦᠯᠵᠦ᠂ ᠦᠢᠯᠡᠳᠪᠦᠷᠢᠯᠡᠯ ᠤᠨ ᠱᠤᠭᠤᠮ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠢᠳᠡᠰᠢᠨ ᠳᠤᠰᠤᠨ ᠤ ᠲᠦᠷᠦᠯ ᠵᠦᠢᠯ ᠪᠠ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠴᠢᠨᠠᠷ ᠰᠠᠶᠢᠲᠠᠢ ᠪᠦᠲᠦᠭᠡᠭᠳᠡᠬᠦᠨ ᠤ ᠨᠤᠷᠮ᠎ᠠ ᠪᠠ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠡᠢ᠃       ᠰᠢᠩ ᠾᠧ ᠰᠢᠶᠠᠨ ᠤ ᠾᠧ ᠣᠪᠣᠭᠲᠤ ᠶᠢᠨ ᠠᠮᠤ ᠲᠣᠰᠣ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠶᠠᠮᠠ ᠣᠯᠣᠰᠣᠨ ᠤ ᠦᠷ᠎ᠡ ᠶᠢᠨ ᠲᠣᠰᠣ᠂ ᠬᠤᠮᠠ ᠶᠢᠨ ᠲᠣᠰᠣ ᠵᠡᠷᠭᠡ ᠪᠦᠲᠦᠭᠡᠭᠳᠡᠬᠦᠨ ᠨᠢ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠭᠦᠢᠯᠭᠡᠭᠡ ᠶᠢ ᠠᠬᠢᠭᠤᠯᠬᠤ᠂ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠭᠠᠷᠭᠠᠵᠠᠶ᠃ ᠰᠤᠷᠪᠤᠯᠵᠢᠯᠠᠭᠴᠢ ᠲᠠᠩ ᠰᠢᠤᠸᠠᠨ ᠪᠥᠸᠧ ᠰᠡᠭᠦᠳᠡᠷᠯᠡᠪᠡ      ︽ᠪᠣᠬᠢᠷᠲᠤᠯ ᠥᠬᠡᠶ ᠪᠣᠬᠢᠷᠲᠤᠯ ᠥᠬᠡᠶ ᠲᠠᠷᠢᠮᠠᠯ ᠤᠨ ᠰᠠᠭᠤᠷᠢᠨ ᠭᠠᠵᠠᠷ ᠯᠠ ᠰᠠᠶ᠋ᠢ ᠴᠡᠪᠡᠷ ᠠᠮᠲᠠᠲᠠᠶ᠂ ᠠᠮᠤᠷ ᠲᠦᠪᠰᠢᠨ ᠡᠷᠡᠭᠦᠯ ᠪᠣᠬᠢᠷᠲᠤᠯ ᠥᠬᠡᠶ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠴᠢᠳᠠᠨ᠎ᠠ︾᠃ ᠾᠧ ᠣᠪᠣᠭᠲᠤ ᠶᠢᠨ ᠠᠮᠤ ᠳᠤᠰᠤᠨ ᠤ ᠬᠡᠷᠡᠭ ᠮᠡᠳᠡᠭᠴᠢᠳ ᠤᠨ ᠳᠠᠷᠤᠭ᠎ᠠ ᠾᠧ ᠭᠠᠩ ᠤᠨ ᠲᠠᠨᠢᠯᠴᠠᠭᠤᠯᠤᠭᠰᠠᠨ ᠢᠶᠠᠷ᠂ ᠶᠠᠮᠠ ᠣᠯᠣᠰᠣᠨ ᠤ ᠦᠷ᠎ᠡ ᠶᠢᠨ ᠲᠤᠰᠤ ᠪᠣᠯ ᠶᠠᠮᠠ ᠣᠯᠣᠰᠣᠨ ᠤ ᠦᠷ᠎ᠡ ᠶᠢᠨ ᠤᠤᠯ ᠤᠨ ᠹᠢᠽᠢᠺ ᠤᠨ ᠳᠣᠣᠷ᠎ᠠ ᠳᠤᠯᠠᠭᠠᠨ ᠳᠤ ᠬᠦᠢᠳᠡᠨ ᠢᠶᠠᠷ ᠰᠢᠬᠠᠬᠤ ᠮᠡᠷᠭᠡᠵᠢᠯ ᠢ ᠬᠡᠷᠡᠭᠯᠡᠵᠦ᠂ ᠪᠦᠬᠦ ᠶᠠᠪᠤᠴᠠ ᠶᠢ 42 ᠭᠷᠠᠳᠦ᠋ᠰ ᠠᠴᠠ ᠬᠡᠲᠦᠷᠡᠭᠦᠯᠬᠦ ᠦᠭᠡᠢ ᠪᠠᠷ ᠨᠠᠷᠢᠯᠢᠭ ᠪᠣᠯᠪᠠᠰᠤᠷᠠᠭᠤᠯᠵᠤ ᠪᠦᠲᠦᠭᠡᠭᠰᠡᠨ ᠶᠤᠮ᠃ ᠶᠠᠮᠠ ᠶᠢᠨ ᠦᠷ᠎ᠡ ᠶᠢᠨ ᠲᠣᠰᠣᠨ ᠳᠤ ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠤᠭᠳᠠᠵᠤ᠂ ᠴᠢᠰᠤᠨ ᠥᠭᠡᠬᠦ ᠶᠢ ᠪᠠᠭᠤᠷᠠᠭᠤᠯᠬᠤ᠂ ᠴᠢᠰᠤᠨ ᠰᠤᠳᠠᠯ ᠢ ᠵᠥᠭᠡᠯᠡᠷᠡᠭᠦᠯᠬᠦ᠂ ᠵᠢᠰᠦ ᠭᠤᠶᠣᠯᠠᠬᠤ ᠵᠡᠷᠭᠡ ᠦᠢᠯᠡᠳᠦᠯ ᠲᠠᠢ᠃ ᠴᠢᠨᠠᠷ ᠰᠠᠶᠢᠲᠠᠢ ᠶᠠᠮᠠ ᠶᠢᠨ ᠦᠷ᠎ᠡ ᠶᠢᠨ ᠲᠤᠰᠤ ᠶᠢ ᠦᠢᠯᠡᠳᠪᠦᠷᠢᠯᠡᠬᠦ ᠶᠢᠨ ᠲᠥᠯᠥᠭᠡ᠂ 2022 ᠣᠨ ᠳᠤ᠂ ᠺᠣᠮᠫᠠᠨᠢ ᠤᠯᠤᠰ ᠤᠨ ᠳᠣᠲᠣᠭᠠᠳᠤ ᠭᠠᠳᠠᠭᠠᠳᠤ ᠳᠤ ᠲᠠᠷᠢᠮᠠᠯ ᠤᠨ ᠰᠠᠭᠤᠷᠢᠨ ᠪᠠᠶᠢᠭᠤᠯᠵᠤ᠂ ᠴᠢᠨᠠᠷ ᠰᠠᠶᠢᠲᠠᠢ ᠲᠣᠰᠣᠯᠢᠭ ᠲᠠᠷᠢᠮᠠᠯ ᠤᠨ ᠰᠠᠭᠤᠷᠢᠨ ᠭᠠᠵᠠᠷ ᠤᠨ ᠲᠠᠯᠠᠪᠠᠢ ᠶᠢ 2.8 ᠲᠦᠮᠡᠨ ᠮᠦ ᠳᠤ ᠬᠦᠷᠲᠡᠯ᠎ᠡ ᠥᠷᠭᠡᠳᠬᠡᠵᠦ᠂ ᠬᠥᠮᠥᠷᠭᠡ ᠪᠣᠯᠤᠨ 3 ᠵᠤᠷᠪᠤᠰ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ᠂ ᠦᠢᠯᠡᠳᠪᠦᠷᠢᠯᠡᠯ ᠤᠨ ᠶᠠᠪᠤᠴᠠ᠂ ᠪᠦᠲᠦᠭᠡᠭᠳᠡᠬᠦᠨ ᠢ ᠬᠠᠳᠠᠭᠠᠯᠠᠵᠤ ᠵᠥᠭᠡᠭᠡᠪᠦᠷᠢᠯᠡᠬᠦ ᠶᠢᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠪᠠ ᠃ ᠡᠭᠦᠨ ᠤ ᠬᠠᠮᠲᠤ ᠶᠠᠮᠠ ᠣᠯᠣᠰᠣᠨ ᠤ ᠦᠷ᠎ᠡ ᠶᠢᠨ ᠲᠣᠰᠣᠨ ᠤ ᠥᠨᠳᠥᠷ ᠰᠢᠮ᠎ᠡ ᠲᠡᠵᠢᠭᠡᠯ ᠤᠨ ᠥᠷᠲᠡᠭ ᠢ ᠨᠡᠩ ᠰᠠᠶᠢᠨ ᠬᠠᠳᠠᠭᠠᠯᠠᠬᠤ ᠶᠢᠨ ᠲᠥᠯᠥᠭᠡ᠂ ᠭᠦᠨ ᠥᠩᠭᠡᠲᠡᠶ ᠰᠢᠯ ᠯᠣᠩᠬᠤᠨ ᠳᠤ ᠬᠤᠶᠠᠷ ᠳᠠᠪᠬᠤᠷ ᠭᠡᠷᠡᠯ ᠠᠴᠠ ᠵᠠᠶᠢᠯᠠᠭᠤᠯᠤᠨ ᠢᠯᠴᠢ ᠶᠢ ᠬᠠᠯᠬᠠᠯᠠᠨ ᠪᠣᠭᠤᠳᠠᠯᠯᠠᠵᠤ᠂ ᠶᠠᠮᠠ ᠣᠯᠣᠰᠣᠨ ᠤ ᠦᠷ᠎ᠡ ᠶᠢᠨ ᠲᠣᠰᠣ ᠶᠢ ᠦᠨᠡᠨ ᠬᠦ ᠬᠠᠮᠤᠭ ᠤᠨ ᠡᠷᠡᠭᠦᠯ ᠲᠣᠰᠣ ᠪᠣᠯᠭᠠᠬᠤ ᠬᠡᠷᠡᠭᠲᠡᠶ᠃      ᠣᠳᠣᠬᠠᠨ ᠳᠤ ᠡᠨᠡ ᠬᠡᠯᠪᠡᠷᠢ ᠶᠢᠨ ᠶᠠᠮᠠ ᠶᠢᠨ ᠦᠷ᠎ᠡ ᠶᠢᠨ ᠲᠣᠰᠣ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠴᠥᠮ ᠪᠣᠷᠣᠯᠠᠭᠤᠯᠵᠤ ᠪᠠᠶᠢᠨ᠎ᠠ᠂ ᠵᠢᠩ ᠳ᠋ᠦᠩ ᠬᠤᠰᠢᠭᠤᠨ ᠤ ᠬᠥᠯᠭᠡ ᠣᠩᠭᠤᠴᠠᠨ ᠤ ᠳᠡᠯᠭᠡᠭᠦᠷ ᠲᠤ᠂ ᠲᠢᠶᠠᠨ ᠮᠤᠤ᠂ ᠲᠦᠷᠭᠡᠨ ᠪᠣᠷᠣᠯᠠᠭᠤᠯᠤᠯᠲᠠ ᠶᠢᠨ ᠬᠡᠮᠵᠢᠶ᠎ᠡ ᠨᠡᠯᠢᠶᠡᠳ ᠰᠠᠶᠢᠨ ᠪᠠᠶᠢᠨ᠎ᠠ᠃ ᠾᠧ ᠭᠠᠩ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠾᠧ ᠣᠪᠣᠭᠲᠤ ᠶᠢᠨ ᠠᠮᠤ ᠲᠣᠰᠣᠨ ᠤ ︽ᠳᠤᠮᠳᠠᠳᠤ ᠤᠯᠤᠰ ᠤᠨ ᠰᠠᠶᠢᠨ ᠠᠮᠤ ᠲᠣᠰᠣ︾ ᠶᠢᠨ ᠵᠠᠬ᠎ᠠ ᠳᠡᠯᠭᠡᠭᠦᠷ ᠲᠠᠬᠢ ᠡᠵᠡᠯᠡᠬᠦ ᠨᠣᠷᠮ᠎ᠠ ᠶᠢ ᠦᠷᠭᠦᠯᠵᠢᠯᠡᠨ ᠠᠬᠢᠭᠤᠯᠵᠤ᠂ ᠳᠡᠯᠡᠬᠡᠶ ᠶᠢᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠪᠥᠬᠦ ᠳᠡᠯᠡᠬᠡᠶ ᠶᠢᠨ ᠠᠷᠠᠳ ᠲᠦᠮᠡᠨ ᠤ ᠬᠤᠳᠠᠯᠳᠤᠨ ᠠᠪᠬᠤ ᠳᠤ ᠰᠠᠨᠠᠭ᠎ᠠ ᠠᠮᠤᠷ᠂ ᠬᠡᠷᠡᠭᠯᠡᠬᠦ ᠳᠤ ᠰᠠᠨᠠᠭ᠎ᠠ ᠠᠮᠤᠷ᠂ ᠪᠡᠶ᠎ᠡ ᠰᠡᠳᠬᠢᠯ ᠢ ᠡᠷᠡᠭᠦᠯ ᠴᠢᠭᠢᠷᠠᠭ ᠪᠠᠶᠢᠯᠭᠠᠨ᠎ᠠ ᠭᠡᠵᠡᠶ᠃ ᠬᠦᠰᠡᠯ ᠡᠷᠡᠮᠡᠯᠵᠡᠯ ᠤᠨ ᠬᠡᠭᠡᠷ᠎ᠡ ᠲᠠᠯ᠎ᠠ ᠳᠤ᠂ ᠨᠣᠭᠤᠭᠠᠨ ᠦᠩᠭᠡ ᠶᠢᠨ ᠦᠷ᠎ᠡ ᠶᠢ ᠲᠠᠷᠢᠵᠦ᠂ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠪᠤᠶᠢᠵᠢᠭᠤᠯᠵᠤ ᠂ ᠰᠢᠩ ᠡᡁᠧ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠳᠡᠷᠬᠡᠭ ᠠᠯᠬᠤᠭ᠎ᠠ ᠶᠢ ᠠᠯᠬᠤᠨ᠎ᠠ᠃ ᠰᠢᠩ ᠾᠧ ᠰᠢᠶᠠᠨ ᠤ ᠳᠡᠳ᠋ ᠳᠠᠷᠤᠭ᠎ᠠ ᠬᠥᠩ ᠰᠢᠤ ᠯᠦᠩ ᠬᠡᠯᠡᠬᠦ ᠳᠡᠭᠡᠨ᠂ ᠡᠨᠡ ᠵᠢᠯ ᠰᠢᠩ ᠾᠧ ᠰᠢᠶᠠᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠠᠭᠤᠷᠢ ᠶᠢ ᠪᠠᠲᠤᠳᠬᠠᠨ᠂ ᠭᠠᠷᠤᠯᠲᠠ ᠶᠢ ᠨᠡᠮᠡᠭᠳᠡᠭᠦᠯᠵᠦ ᠦᠷ᠎ᠡ ᠪᠦᠲᠦᠮᠵᠢ ᠳᠤ ᠬᠦᠷᠦᠭᠦᠯᠵᠦ᠂ ᠨᠠᠷᠠᠲᠤ ᠲᠡᠮᠳᠡᠭᠲᠦ ᠶᠢ ᠪᠣᠶ ᠪᠣᠯᠭᠠᠵᠤ᠂ ︽ᠲᠠᠪᠤᠨ ᠶᠡᠭᠡ ᠡᠭᠦᠷᠭᠡ︾ ᠪᠠᠷ ᠭᠠᠷᠳᠠᠴᠠ ᠪᠣᠯᠭᠠᠨ᠂ ᠬᠤᠶᠠᠷ ᠬᠦᠷᠢᠶᠡᠯᠡᠩ ᠬᠤᠶᠠᠷ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠢᠩ ᠾᠧ ᠰᠢᠶᠠᠨ ᠢ ᠠᠯᠬᠤᠮ ᠠᠯᠬᠤᠮ ᠢᠶᠠᠷ ᠨᠡᠶᠢᠰᠯᠡᠯ ᠳᠤ ᠬᠠᠨᠳᠤᠭᠤᠯᠤᠭᠰᠠᠨ ᠣᠷᠭᠠᠨᠢᠭ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ  ᠦᠢᠯᠡᠳᠪᠦᠷᠢᠯᠡᠨ ᠡᠳ᠋ᠰᠢᠭᠦᠯᠬᠦ ᠪᠠ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃                                  ᠢᠷᠡᠯᠲᠡ᠄ ᠤᠯᠠᠭᠠᠨᠴᠠᠪ ᠬᠤᠲᠠ ᠶᠢᠨ ᠬᠠᠮ ᠵᠠᠭᠤᠴᠢᠯᠠᠭᠤᠷ ᠤᠨ ᠲᠥᠪ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3