ᠪᠦᠬᠦ ᠰᠢᠶᠠᠨ ᠤ ᠡᠮᠡᠭᠲᠡᠶᠢᠴᠦᠳ ᠲᠤ ᠥᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2024/3/8
ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠤᠨ ᠠᠬ᠎ᠠ ᠳᠡᠭᠦᠦ ᠨᠡᠷ ᠡ᠄      ᠵᠢᠯ ᠤᠨ ᠨᠢᠭᠡ ᠤᠳᠠᠭᠠᠨ ᠤ ᠬᠠᠪᠤᠷ ᠤᠨ ᠤᠷᠢᠬᠠᠨ ᠰᠠᠯᠬᠢ ᠤᠷᠢᠨ ᠳᠤᠯᠠᠭᠠᠨ᠂ ᠰᠢᠯᠦᠭ ᠵᠢᠷᠤᠭ ᠮᠡᠲᠦ ᠭᠤᠷᠪᠠᠨ ᠰᠠᠷ᠎ᠠ ᠶᠢᠨ ᠲᠩᠷᠢ ᠮᠡᠲᠦ᠃ ᠬᠠᠪᠤᠷ ᠤᠨ ᠤᠯᠠᠷᠢᠯ ᠢ ᠳᠠᠭᠠᠯᠳᠤᠨ᠂ ᠪᠢᠳᠡ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠢᠶᠠᠷ 114 ᠳ᠋ᠦᠭᠡᠷ ︽3 · 8︾᠎ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠤᠭᠲᠤᠨ ᠠᠪᠤᠯ᠎ᠠ᠃ ᠡᠨᠡᠬᠦ ᠣᠨᠴᠠᠭᠠᠢ ᠡᠳᠦᠷ ᠲᠤ᠂ ᠰᠢᠩ ᠡᡁᠧ ᠰᠢᠶᠠᠨ ᠤ ᠨᠠᠮ ‍ᠤᠨ‌ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠠᠬ᠎ᠠ ᠳᠡᠭᠦᠦ ᠨᠡᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ ᠪᠦᠬᠦ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠡᠮᠡᠭᠲᠡᠶᠢᠴᠦᠳ ᠤᠨ ᠠᠵᠢᠯᠲᠠᠳ ᠲᠤ ᠡᠷᠬᠢᠮ ᠳᠡᠭᠡᠳᠦ ᠬᠦᠨᠳᠦᠳᠬᠡᠯ ᠪᠠ ᠳᠣᠲᠣᠨᠣ ᠲᠣᠬᠤᠨᠢᠭᠤᠯᠤᠯ ᠢᠶᠠᠨ ᠳᠡᠪᠰᠢᠭᠦᠯᠦᠶ᠎ᠡ︕ ᠤᠷᠳᠤ ᠬᠤᠭᠤᠴᠠᠭᠠᠨ ᠤ ᠲᠤᠷᠰᠢ ᠰᠢᠩ ᠡᡁᠧ ᠰᠢᠶᠠᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ ᠳᠤ᠂ ᠡᠮᠡᠭᠲᠡᠶᠢᠴᠦᠳ ᠬᠦᠴᠦᠨ ᠴᠢᠳᠠᠯ ᠢᠶᠠᠨ ᠨᠡᠮᠡᠭᠳᠡᠭᠦᠯᠵᠦ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠦᠨ᠎ᠡ᠃ 2023 ᠣᠨ ᠢ ᠡᠷᠭᠢᠴᠡᠭᠦᠯᠬᠦᠶ᠎ᠡ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠢᠮᠠᠭᠲᠠ ᠡᠮᠡᠭᠲᠡᠶᠢᠴᠦᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠡᠮᠡᠭᠲᠡᠶᠢᠴᠦᠳ ᠤᠨ ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠤ᠂ ᠵᠡᠷᠭᠡᠪᠡᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠪᠦᠬᠦ ᠰᠢᠶᠠᠨ ᠤ ᠡᠮᠡᠭᠲᠡᠶᠢᠴᠦᠳ ᠤᠨ ᠦᠢᠯᠡᠰ ᠤᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠠᠢ᠃ ᠪᠦᠬᠦ ᠰᠢᠶᠠᠨ ᠤ ᠥᠷᠭᠡᠨ ᠣᠯᠠᠨ ᠡᠮᠡᠭᠲᠡᠶᠢᠴᠦᠳ ᠪᠠᠲᠤ ᠴᠢᠩᠭ᠎ᠠ ᠲᠡᠦᠬᠡᠨ ᠡᠭᠦᠷᠭᠡᠲᠦ ᠰᠡᠳᠬᠢᠯᠭᠡ ᠪᠠ ᠳᠡᠭᠡᠳᠦ ᠬᠡᠮᠵᠢᠶᠡᠨ ᠤ ᠡᠵᠡᠨ ᠬᠥᠮᠦᠨ ᠤ ᠵᠣᠷᠢᠭ ᠰᠠᠨᠠᠭ᠎ᠠ ᠪᠠᠷ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠶᠢᠨ ᠪᠦᠳᠦᠬᠡᠨ ᠪᠠᠶᠢᠭᠤᠯᠤᠯᠲᠠ᠂ ᠰᠢᠨ᠎ᠡ ᠶᠢ ᠡᠭᠦᠳᠬᠦ ᠦᠢᠯᠡᠰ ᠪᠤᠰᠬᠠᠬᠤ ᠡᠮᠦᠨ᠎ᠡ ᠡᠩᠨᠡᠭᠡᠨ ᠳᠤ ᠢᠳᠡᠪᠬᠢᠲᠡᠢ ᠠᠵᠢᠯᠯᠠᠵᠤ᠂ ᠠᠮᠤᠷ ᠠᠮᠤᠭᠤᠯᠠᠩ ᠤᠨ ᠪᠦᠳᠦᠬᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠂ ᠭᠡᠷ ᠪᠦᠯᠢ ᠶᠢᠨ ᠡᠶ᠎ᠡ ᠨᠠᠶᠢᠷᠰᠠᠭ᠂ ᠨᠡᠶᠢᠭᠡᠮ ᠤᠨ ᠦᠢᠯᠡᠴᠢᠯᠡᠭᠡᠨ ᠤ ᠶᠡᠭᠡ ᠠᠷᠤ ᠲᠠᠯ᠎ᠠ ᠳᠤ ᠴᠢᠷᠮᠠᠶᠢᠨ ᠠᠵᠢᠯᠯᠠᠵᠤ᠂ ᠰᠢᠷᠭᠠᠭᠤ ᠬᠠᠲᠠᠭᠤᠵᠢᠯᠲᠠᠢ ᠬᠦᠴᠦ ᠬᠥᠯᠥᠰᠥ ᠪᠠᠷ ᠢᠶᠠᠨ ᠡᠮᠡᠭᠲᠡᠶᠢᠴᠦᠳ ᠤᠨ ᠬᠥᠮᠥᠰᠬᠡ ᠵᠠᠩᠭᠢᠳᠬᠤ ᠦᠭᠡᠢ ᠴᠠᠭ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠦ᠂ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠪᠠᠷ ᠢᠶᠠᠨ ᠤᠳᠤ ᠦᠶ᠎ᠡ ᠶᠢᠨ ᠡᠮᠡᠭᠲᠡᠶᠢᠴᠦᠳ ᠤᠨ ᠢᠷᠠᠭᠤ ᠠᠯᠳᠠᠷ ᠪᠣᠯᠤᠨ ᠬᠦᠰᠡᠯ ᠵᠡᠭᠦᠳᠦ ᠶᠢ ᠲᠡᠷᠭᠡᠯᠰᠢᠭᠦᠯᠪᠡ᠃ ᠪᠦᠬᠦ ᠰᠢᠶᠠᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ᠂ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠪᠣᠯᠤᠨ ᠡᠮᠡᠭᠲᠡᠶᠢᠴᠦᠳ ᠤᠨ ᠠᠵᠢᠯᠲᠠᠳ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠶᠢᠨ ᠲᠣᠭᠤᠷᠢᠨ ᠳᠤ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ ᠡᠮᠡᠭᠲᠡᠶᠢᠴᠦᠳ ᠤᠨ ᠲᠠᠪᠰᠢᠯᠳᠡ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠢ ᠬᠢᠵᠦ᠂ ᠡᠮᠡᠭᠲᠡᠶᠢᠴᠦᠳ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠡᠮᠡᠭᠲᠡᠶᠢᠴᠦᠳ ᠤᠨ ᠬᠡᠷᠡᠭᠴᠡᠭᠡ ᠳᠤ ᠤᠢᠢᠷᠠᠳᠤᠭᠰᠠᠨ᠂ ᠴᠠᠭ ᠦᠶ᠎ᠡ ᠶᠢᠨ ᠣᠨᠴᠠᠯᠢᠭ ᠪᠦᠬᠦᠢ ᠡᠮᠡᠭᠲᠡᠶᠢᠴᠦᠳ ᠤᠨ ᠠᠵᠢᠯ ᠤᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠮᠢᠩᠭ᠎ᠠ ᠲᠦᠮᠡᠨ ᠠᠵᠢᠯ ᠲᠦᠷᠦᠯ ᠤᠨ ᠬᠢᠨ ᠲᠦᠷᠦ ᠶᠢᠨ ᠬᠡᠷᠡᠭ ᠲᠤ ᠡᠮᠡᠭᠲᠡᠶᠢᠴᠦᠳ ᠬᠠᠭᠠᠰ ᠲᠩᠷᠢ ᠶᠢ ᠲᠤᠯᠵᠤ ᠴᠢᠳᠠᠨ᠎ᠠ ᠭᠡᠳᠡᠭ ᠢ ᠪᠣᠳᠠᠲᠤ ᠶᠠᠪᠤᠳᠠᠯ ᠭᠡᠷᠡᠴᠢᠯᠡᠵᠦ ᠪᠠᠶᠢᠨ᠎ᠠ᠃      ᠦᠪᠡᠳᠡᠭᠰᠢ ᠶᠡᠭᠡ ᠴᠠᠭ ᠦᠶ᠎ᠡ ᠳᠤ ᠯᠣᠣ ᠳᠡᠭᠳᠡᠨ ᠠᠤᠭ᠎ᠠ ᠲᠥᠰᠦᠪ ᠢ ᠵᠢᠷᠤᠭᠯᠠᠵᠤ᠂ ᠴᠤᠬ ᠵᠢᠪᠬᠤᠭ᠎ᠠ ᠲᠠᠢ ᠪᠠᠷ ᠰᠢᠨ᠎ᠡ ᠬᠠᠭᠤᠳᠠᠰᠤ ᠶᠢ ᠪᠢᠴᠢᠭᠯᠡᠨ᠎ᠡ᠃ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠮᠥᠨᠴᠦ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠲᠦᠷᠭᠡᠳᠬᠡᠨ ᠪᠠᠶᠢᠭᠤᠯᠬᠤ ᠪᠣᠭᠤᠮᠲᠠ ᠰᠢᠪᠲᠤᠯᠬᠤ ᠵᠢᠯ ᠪᠣᠯᠤᠨ᠎ᠠ᠃ ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠤᠨ ᠬᠤᠪᠢ ᠬᠥᠮᠦᠨ ᠤ ᠬᠦᠰᠡᠯᠡᠩ ᠬᠥᠭᠡᠭᠡᠴᠡᠯᠳᠦᠯ ᠢᠶᠠᠨ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠵᠤ᠂ ᠨᠠᠮ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠤᠮᠠᠷᠠᠲᠤ ᠶᠢᠨ ᠡᠮᠡᠭᠲᠡᠶᠢᠴᠦᠳ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠡᠷᠡᠰ ᠪᠠᠷᠢᠮᠲᠠᠯᠠᠵᠤ᠂ ᠣᠳᠣᠬᠢᠴᠢᠯᠠᠭᠰᠠᠨ ᠰᠢᠨ᠎ᠡ ᠪᠠᠷ ᠮᠠᠨᠳᠤᠭᠰᠠᠨ ᠡᠩᠬᠡ ᠲᠠᠶᠢᠪᠤᠩ ᠢ ᠪᠦᠲᠦᠭᠡᠨ ᠪᠠᠶᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ ᠡᠮᠡᠭᠲᠡᠶᠢᠴᠦᠳ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠡᠮᠡᠭᠲᠡᠶᠢᠴᠦᠳ ᠤᠨ ᠢᠷᠠᠭᠤ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠡᠩ ᠶᠡᠭᠡ ᠴᠢᠷᠮᠠᠶᠢᠯᠭ᠎ᠠ ᠭᠠᠷᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠡᠮᠡᠭᠲᠡᠶᠢᠴᠦᠳ ᠲᠤ ᠦᠢᠯᠡᠴᠢᠯᠡᠵᠦ᠂ ᠮᠠᠨ ᠤ ᠰᠢᠶᠠᠨ ᠤ ᠡᠮᠡᠭᠲᠡᠶᠢᠴᠦᠳ ᠤᠨ ᠠᠵᠢᠯ ᠪᠠ ᠡᠮᠡᠭᠲᠡᠶᠢᠴᠦᠳ ᠤᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠵᠤ᠂ ᠨᠠᠮ ᠤᠨ ᠡᠮᠡᠭᠲᠡᠶᠢᠴᠦᠳ ᠤᠨ ᠠᠵᠢᠯ ᠢ ᠥᠷᠨᠢᠭᠦᠯᠬᠦ ᠪᠠᠲᠤ ᠴᠢᠩᠭ᠎ᠠ ᠵᠢᠭᠰᠠᠭᠠᠯ ᠤᠨ ᠭᠠᠵᠠᠷ ᠪᠠ ᠥᠷᠭᠡᠨ ᠤᠯᠠᠨ ᠡᠮᠡᠭᠲᠡᠶᠢᠴᠦᠳ ᠤᠨ ᠬᠠᠶᠢᠷ᠎ᠠ ᠬᠠᠯᠠᠮᠵᠢ ᠶᠢ ᠭᠦᠨ ᠣᠯᠤᠭᠰᠠᠨ ᠬᠠᠯᠠᠭᠤᠨ ᠳᠤᠯᠠᠭᠠᠨ ᠭᠡᠷ ᠪᠦᠯᠢ ᠪᠣᠯᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠮᠡᠭᠲᠡᠶᠢᠴᠦᠳ ᠤᠨ ᠠᠵᠢᠯ ᠤᠨ ᠲᠤᠬᠠᠶ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠢ ᠨᠠᠩ ᠤᠬᠠᠮᠰᠠᠷ ᠠᠴᠠ ᠪᠠᠨ ᠬᠦᠨᠳᠦᠳᠬᠡᠬᠦ᠂ ᠡᠮᠡᠭᠲᠡᠶᠢᠴᠦᠳ ᠤᠨ ᠠᠵᠢᠯ ᠢ ᠨᠠᠩ ᠬᠦᠴᠦᠲᠡᠶ ᠳᠡᠮᠵᠢᠬᠦ ᠶᠢ ᠳᠥᠯᠭᠢᠨ ᠠᠬᠢᠭᠤᠯᠵᠤ᠂ ᠡᠮᠡᠭᠲᠡᠶᠢᠴᠦᠳ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ᠠᠵᠢᠯ ᠬᠢᠵᠦ ᠠᠳᠠᠯ  ᠦᠢᠯᠡᠰ ᠴᠣᠭᠴᠠᠯᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃      ᠬᠠᠮᠤᠭ ᠰᠡᠬᠦᠯ ᠳᠤ᠂ ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠤᠨ ᠠᠬ᠎ᠠ ᠳᠡᠭᠦᠦ ᠨᠡᠷ ᠤᠨ ᠪᠠᠶᠠᠷ ᠤᠨ ᠡᠳᠦᠷ ᠤᠨ ᠪᠠᠶᠠᠷ ᠬᠦᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ᠃                                     ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3