ᠰᠢᠩ ᠾᠧ ᠰᠢᠶᠠᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/8
     3 ᠰᠠᠷ᠎ᠠ ᠶᠢᠨ 7᠎ ᠤ ᠡᠳᠦᠷ᠂ ᠮᠠᠨ ᠤ ᠰᠢᠶᠠᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠬᠦ︾ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 — 2026 ᠣᠨ︶᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠢ ᠤᠯᠠᠮᠵᠢᠯᠠᠨ ᠰᠤᠷᠤᠯᠴᠠᠭᠰᠠᠨ ᠪᠥᠭᠡᠳ ᠪᠦᠬᠦ ᠰᠢᠶᠠᠨ ᠤ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠮᠤᠷ ᠲᠦᠪᠰᠢᠨ ᠠᠯᠢᠪᠠ ᠠᠴᠠ ᠴᠢᠬᠤᠯᠠ ᠪᠠᠶᠢᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠮᠤᠭ ᠤᠨ ᠥᠨᠳᠥᠷ ᠪᠠᠷᠢᠮᠵᠢᠶ᠎ᠠ ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠦᠭᠰᠢᠭᠦᠷᠢ ᠶᠢ ᠪᠠᠶᠢᠴᠠᠭᠠᠵᠤ᠂ ᠭᠡᠮ ᠰᠣᠭᠤᠭ ᠢ ᠠᠷᠢᠯᠭᠠᠵᠤ᠂ ᠠᠳᠡᠯ ᠢ ᠡᠭᠦᠳᠡᠨ ᠭᠠᠳᠠᠨ᠎ᠠ ᠬᠤᠷᠢᠭᠯᠠᠵᠤ᠂ ᠨᠠᠮ᠂ ᠤᠯᠠᠨ ᠲᠦᠮᠡᠨ᠂ ᠥᠪᠡᠷ ᠤᠨ ᠪᠡᠶ᠎ᠡ ᠳᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠤᠨ ᠠᠬᠢᠭᠤᠯᠵᠤ᠂ ᠠᠮᠤᠷ ᠲᠦᠪᠰᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭ᠎ᠠ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠣᠭᠤᠮᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠭᠤᠮᠲᠠ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠪᠦᠬᠦ ᠤᠯᠤᠰ ᠤᠨ ᠬᠤᠶᠠᠷ ᠬᠤᠷᠠᠯ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠠᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠲᠣᠰ ᠲᠣᠰ ᠤᠨ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠣᠲᠣᠷ᠎ᠠ ᠪᠠᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠵᠠᠰᠠᠭᠠᠳ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠡᠬᠡ ᠲᠠᠩᠰᠠ ᠪᠠᠶᠢᠭᠤᠯᠤᠨ᠂ ᠨᠠᠷᠢᠨ ᠲᠠᠩᠰᠠ ᠵᠢᠭᠰᠠᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠴᠤ᠂ ᠭᠡᠮ ᠰᠣᠭᠤᠭ ᠢ ᠪᠠᠶᠢᠴᠠᠭᠠᠬᠤ ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠸᠠᠩ ᠵᠧᠩ ᠢ᠂ ᠵᠤᠤ ᠬᠤᠢ ᠵᠢᠤᠢ᠂ ᠰᠦᠨ ᠬᠠᠢ ᠵᠢᠶᠦ᠋ᠨ᠂ ᠾᠧᠦ ᠶᠢᠩ᠂ ᠳ᠋ᠦᠩ ᠬᠤᠩ ᠦ᠋ ᠬᠤᠷᠠᠯ ᠳᠤ ᠣᠷᠣᠯᠴᠠᠪᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3