3 ᠰᠠᠷ᠎ᠠ ᠶᠢᠨ 7 ᠤ ᠡᠳᠦᠷ᠂ ᠮᠠᠨ ᠤ ᠰᠢᠶᠠᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ | ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠢ ᠬᠤᠩ ᠯᠢᠶᠠᠩ | ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠡᠭᠦᠷᠭᠡᠯᠡᠬᠦ︾ ᠠᠶᠤᠯᠭᠦᠢ | ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2024 — 2026 ᠣᠨ︶ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠪᠦᠬᠦ ᠰᠢᠶᠠᠨ ᠤ 2024 | ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ | ᠪᠦᠬᠦᠢ ᠠᠵᠤ ᠠᠬᠤᠶᠢᠯᠠᠯ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠮᠤᠷ ᠲᠦᠪᠰᠢᠨ ᠠᠯᠢᠪᠠ ᠠᠴᠠ | ᠴᠢᠬᠤᠯᠠ ᠪᠠᠶᠢᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠮᠤᠭ ᠤᠨ ᠥᠨᠳᠥᠷ ᠪᠠᠷᠢᠮᠵᠢᠶ᠎ᠠ | ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠦᠭᠰᠢᠭᠦᠷᠢ ᠶᠢ ᠪᠠᠶᠢᠴᠠᠭᠠᠵᠤ᠂ | ᠭᠡᠮ ᠰᠣᠭᠤᠭ ᠢ ᠠᠷᠢᠯᠭᠠᠵᠤ᠂ ᠠᠳᠡᠯ ᠢ ᠡᠭᠦᠳᠡᠨ ᠭᠠᠳᠠᠨ᠎ᠠ ᠬᠤᠷᠢᠭᠯᠠᠵᠤ᠂ ᠨᠠᠮ᠂ ᠤᠯᠠᠨ ᠲᠦᠮᠡᠨ᠂ ᠥᠪᠡᠷ ᠤᠨ | ᠪᠡᠶ᠎ᠡ ᠳᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ | ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠰᠠᠶᠢᠲᠤᠷ ᠬᠢᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠤᠨ | ᠠᠬᠢᠭᠤᠯᠵᠤ᠂ ᠠᠮᠤᠷ ᠲᠦᠪᠰᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭ᠎ᠠ ᠥᠷᠨᠢᠭᠦᠯᠵᠦ᠂ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠣᠭᠤᠮᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠪᠣᠭᠤᠮᠲᠠ᠂ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠵᠤ᠂ ᠦᠢᠯᠡᠳᠪᠦᠷᠢᠯᠡᠯ ᠤᠨ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ | ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠮᠠᠨ ᠤ ᠰᠢᠶᠠᠨ ᠤ | ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠪᠦᠬᠦ ᠰᠢᠶᠠᠨ ᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠪᠦᠬᠦ ᠤᠯᠤᠰ ᠤᠨ | ᠬᠤᠶᠠᠷ ᠬᠤᠷᠠᠯ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ ᠵᠢᠠᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ | ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠲᠣᠰ ᠲᠣᠰ ᠤᠨ ᠠᠵᠢᠯ ᠲᠥᠷᠥᠯ ᠤᠨ ᠬᠦᠷᠢᠶ᠎ᠡ ᠬᠡᠪᠴᠢᠶᠡᠨ | ᠳᠣᠲᠣᠷ᠎ᠠ ᠪᠠᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠥᠷᠨᠢᠭᠦᠯᠵᠦ᠂ | ᠵᠢᠭᠰᠠᠭᠠᠨ ᠪᠠᠶᠢᠴᠠᠭᠠᠵᠤ ᠵᠠᠰᠠᠭᠠᠳ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠡᠬᠡ ᠲᠠᠩᠰᠠ ᠪᠠᠶᠢᠭᠤᠯᠤᠨ᠂ | ᠨᠠᠷᠢᠨ ᠲᠠᠩᠰᠠ ᠵᠢᠭᠰᠠᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠬᠢ | ᠡᠭᠦᠰᠦᠯ ᠠᠴᠠ ᠨᠢ ᠠᠷᠢᠯᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠠᠮᠤᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠴᠤ᠂ ᠭᠡᠮ ᠰᠣᠭᠤᠭ ᠢ ᠪᠠᠶᠢᠴᠠᠭᠠᠬᠤ | ᠪᠠ ᠲᠤᠰᠬᠠᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ | | ᠰᠢᠶᠠᠨ ᠤ ᠤᠳᠤᠷᠢᠳᠤᠯᠭ᠎ᠠ ᠸᠠᠩ ᠵᠧᠩ ᠢ᠂ ᠵᠤᠤ ᠬᠤᠢ ᠵᠢᠤᠢ᠂ ᠰᠦᠨ ᠬᠠᠢ ᠵᠢᠶᠦ᠋ᠨ᠂ ᠾᠧᠦ ᠶᠢᠩ᠂ | ᠳ᠋ᠦᠩ ᠬᠤᠩ ᠦ᠋ ᠬᠤᠷᠠᠯ ᠳᠤ ᠣᠷᠣᠯᠴᠠᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |