ᠰᠢᠩ ᠾᠧ ᠰᠢᠶᠠᠨ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠲᠤᠬᠠᠶ ᠶᠢᠨ ᠦᠶ᠎ᠡ ᠳᠤ ᠲᠥᠯᠥᠭᠡᠯᠡᠭᠴᠢ ᠭᠡᠰᠢᠭᠦᠳ ︽ᠠᠵᠢᠯ︾ ᠳᠤ ᠬᠦᠴᠦ ᠨᠡᠮᠡᠷᠢᠯᠡᠵᠦ ᠪᠣᠶ
ᠨᠡᠶᠢᠲᠡᠯᠡᠭᠰᠡᠨ ᠴᠠᠭ᠄
2024/4/1
     ᠵᠢᠯ ᠤᠨ ᠠᠵᠢᠯ ᠬᠠᠪᠤᠷ ᠲᠠᠭᠠᠨ ᠪᠤᠢ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠳᠡᠭᠡᠨ ᠪᠤᠢ᠃ ᠡᠨᠡ ᠵᠢᠯ ᠤᠨ ᠬᠠᠪᠤᠷ ᠤᠨ ᠤᠯᠠᠷᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠰᠢᠩ ᠡᡁᠧ ᠰᠢᠶᠠᠨ ᠤ ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦ ᠨᠡᠮᠡᠷᠢᠯᠡᠵᠦ᠂ ᠡᠨᠡ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠵᠠᠢ᠃
     ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠢᠳᠡᠰᠢᠨ ᠨᠣᠭᠤᠭ᠎ᠠ ᠶᠢᠨ ᠲᠣᠰᠬᠤᠨ ᠤ ᠵᠥᠪᠯᠡᠯ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ ᠤ ᠭᠡᠷ︾ ᠲᠤ᠂ ᠲᠥᠯᠥᠭᠡᠯᠡᠭᠴᠢ ᠭᠡᠰᠢᠭᠦᠳ ᠢᠶᠠᠷ ᠪᠦᠷᠢᠯᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠬᠤ ᠠᠩᠭᠢ᠂ ᠣᠳᠣ ᠶᠠᠭ ᠣᠯᠠᠨ ᠲᠦᠮᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ ᠪᠠᠶᠢᠨ᠎ᠠ᠂ ᠲᠤᠬᠠᠶ ᠶᠢᠨ ᠭᠠᠵᠠᠷ ᠤᠨ ᠲᠠᠷᠢᠮᠠᠯ ᠤᠨ ᠣᠨᠴᠠᠯᠢᠭ ᠲᠠᠢ ᠮᠡᠷᠭᠡᠵᠢᠯ ᠤᠨ ᠠᠵᠢᠯᠲᠠᠳ ᠦᠷ᠎ᠡ ᠰᠣᠩᠭᠤᠬᠤ᠂ ᠳᠠᠷᠢᠬᠤ ᠴᠠᠭ᠂ ᠳᠠᠷᠢᠬᠤ ᠳᠤᠯᠠᠭᠠᠨ ᠤ ᠬᠡᠮᠵᠢᠶ᠎ᠡ᠂ ᠬᠤᠷᠢᠶᠠᠬᠤ ᠴᠠᠭ ᠵᠡᠷᠭᠡ ᠲᠠᠯ᠎ᠠ ᠪᠠᠷ ᠲᠤᠬᠠᠶ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠲᠤᠬᠠᠶ ᠶᠢᠨ ᠭᠠᠵᠠᠷ ᠤᠨ ᠤᠷᠭᠤᠴᠠ ᠶᠢᠨ ᠣᠷᠴᠢᠨ ᠲᠣᠭᠤᠷᠢᠨ ᠳᠤ ᠳᠣᠭᠢᠷᠠᠬᠤ ᠪᠥᠭᠡᠳ ᠲᠠᠷᠢᠮᠠᠯ ᠤᠨ ᠦᠷ᠎ᠡ ᠪᠦᠲᠦᠮᠵᠢ ᠪᠠᠷ ᠰᠠᠶᠢᠨ ᠦᠷ᠎ᠡ ᠶᠢ ᠲᠠᠨᠢᠯᠴᠠᠭᠤᠯᠬᠤ ᠶᠢᠨ ᠬᠠᠮᠲᠤ ᠦᠷᠭᠦᠯᠵᠢ ᠲᠣᠬᠢᠶᠠᠯᠳᠤᠬᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠪᠣᠳᠠᠲᠠᠶ ᠲᠠᠶᠢᠯᠪᠤᠷᠢᠯᠠᠯᠲᠠ ᠬᠢᠵᠦ᠂ ᠣᠶᠢᠯᠠᠭᠠᠮᠵᠢᠲᠠᠶ ᠦᠭᠡ ᠬᠡᠯᠡ᠂ ᠨᠢᠭᠤᠷᠲᠠᠨ ᠰᠠᠨᠠᠯ ᠢᠶᠠᠨ ᠰᠣᠯᠢᠯᠴᠠᠵᠤ᠂ ᠰᠢᠨᠵᠢᠯᠡᠬᠦ ᠤᠬᠠᠭᠠᠨᠴᠢ ᠪᠠᠷ ᠲᠠᠷᠢᠬᠤ ᠣᠶᠢᠯᠠᠭᠠᠭᠳᠠᠬᠤᠨ ᠢ ᠠᠷᠠᠳ ᠣᠯᠠᠨ ᠤ ᠰᠡᠳᠬᠢᠯ ᠳᠤ ᠤᠯᠠᠮ ᠨᠢᠭᠡ ᠠᠯᠬᠤᠮ ᠬᠠᠳᠠᠩᠰᠢᠭᠤᠯᠵᠠᠶ᠃
     ᠰᠠᠶᠢᠨ ︽ᠤᠬᠠᠭᠤᠯᠤᠭᠴᠢ︾ ᠪᠣᠯᠬᠤ ᠬᠡᠷᠡᠭᠲᠡᠶ᠃ ᠲᠥᠯᠥᠭᠡᠯᠡᠭᠴᠢᠳ ᠭᠡᠰᠢᠭᠦᠳ ᠵᠢᠷᠬᠢᠶ᠎ᠡ ᠶᠢᠨ ᠪᠦᠯᠦᠭᠯᠡᠯ᠂ ᠬᠥᠳᠡᠭᠡ ᠲᠣᠰᠬᠤᠨ ᠤ  ᠪᠦᠷᠢᠶ᠎ᠡ ᠶᠢᠨ ᠷᠠᠳᠢᠣ᠋ ᠨᠡᠪᠲᠡᠷᠡᠭᠦᠯᠭᠡ ᠪᠣᠯᠤᠨ ᠠᠶᠢᠯ ᠲᠣᠰᠬᠤᠨ ᠳᠤ ᠬᠦᠷᠴᠦ ᠡᠷᠦᠭᠡ ᠳᠤ ᠣᠴᠢᠬᠤ ᠬᠡᠯᠪᠡᠷᠢ ᠪᠠᠷ ᠤᠯᠠᠨ ᠲᠦᠮᠡᠨ ᠳᠤ ᠲᠠᠷᠢᠶᠠᠯᠠᠩ ᠤᠨ ᠲᠠᠷᠢᠮᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠬᠠᠮᠤᠭ ᠤᠨ ᠰᠢᠨ᠎ᠡ ᠴᠠᠭ ᠠᠭᠤᠷ ᠤᠨ ᠪᠠᠶᠢᠳᠠᠯ ᠢ ᠴᠠᠭ ᠲᠤᠬᠠᠢ ᠳᠤᠨᠢ ᠬᠦᠷᠭᠡᠵᠦ᠂ ᠲᠠᠷᠢᠶᠠᠴᠢᠨ ᠡᠷᠦᠭᠡ ᠶᠢ ᠬᠦᠳᠦᠯᠦᠨ ᠵᠢᠯᠣᠭᠤᠳᠴᠤ ᠪᠠᠶᠢᠭᠠᠳ ᠡᠷᠲᠡᠬᠡᠨ ᠪᠡᠯᠡᠳᠬᠡᠯ ᠬᠢᠯᠭᠡᠵᠦ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠲᠤᠬᠢᠷᠠᠭᠤᠯᠤᠨ ᠨᠠᠶᠢᠳᠠᠪᠤᠷᠢᠵᠢᠭᠤᠯᠵᠠᠢ᠃      ︽ᠮᠡᠷᠭᠡᠵᠢᠯᠲᠡᠨ︾ ᠪᠣᠯᠤᠨ᠎ᠠ᠃ ᠲᠥᠯᠥᠭᠡᠯᠡᠭᠴᠢ ᠭᠡᠰᠢᠭᠦᠳ ᠤᠨ ᠳᠤᠮᠳᠠ ᠠᠴᠠ ︽ᠮᠡᠷᠭᠡᠵᠢᠯ ᠤᠨ ᠴᠢᠳᠠᠪᠤᠷᠢᠲᠠᠨ︾ ᠢ ᠰᠣᠩᠭᠤᠨ ᠭᠠᠷᠭᠠᠵᠤ᠂ ᠬᠥᠳᠡᠭᠡ ᠠᠵᠤ ᠠᠬᠤᠢ ᠶᠢᠨ ᠦᠢᠯᠡᠴᠢᠯᠡᠭᠡᠨ ᠤ ᠠᠵᠢᠯᠯᠠᠬᠤ ᠠᠩᠬᠢ ᠶᠢ ᠪᠦᠷᠢᠯᠳᠦᠭᠦᠯᠵᠦ᠂ ᠲᠠᠷᠢᠶᠠᠨ ᠭᠠᠵᠠᠷ ᠲᠤ ᠭᠦᠨᠵᠡᠭᠡᠶᠢᠷᠡᠨ ᠤᠯᠠᠨ ᠲᠦᠮᠡᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠮᠡᠳᠡᠯᠭᠡ᠂ ᠰᠦᠯᠢᠶᠣᠣ ᠪᠦᠷᠬᠦᠪᠴᠢ᠂ ᠢᠳᠡᠰᠢᠨ ᠨᠣᠭᠤᠭ᠎ᠠ᠂ ᠡᠷᠳᠡᠨᠢ ᠰᠢᠰᠢ᠂ ᠲᠥᠮᠥᠰᠥ ᠲᠠᠷᠢᠬᠤ ᠵᠡᠷᠭᠡ ᠮᠡᠷᠭᠡᠵᠢᠯ ᠢ ᠲᠠᠶᠢᠯᠪᠤᠷᠢᠯᠠᠨ ᠥᠭᠴᠦ᠂ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ︽ᠬᠢᠨᠠᠯᠲᠠ ᠲᠠᠯᠪᠢᠭᠴᠢ︾ ᠪᠣᠯᠬᠤ ᠬᠡᠷᠡᠭᠲᠡᠶ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ᠂ ᠬᠡᠰᠡᠭ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠲᠠᠷᠢᠶᠠᠯᠠᠩ ᠤᠨ ᠮᠠᠰᠢᠨ ᠪᠠᠭᠠᠵᠢ ᠳᠤ ᠬᠢᠨᠠᠯᠲᠠ ᠪᠠᠶᠢᠴᠠᠭᠠᠯᠲᠠ ᠬᠢᠵᠦ᠂ ᠤᠯᠠᠨ ᠲᠦᠮᠡᠨ ᠤ ᠵᠢᠩᠬᠢᠨᠢ ᠠᠷᠭ᠎ᠠ ᠵᠠᠮ ᠢᠶᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠤᠳᠠᠯᠳᠤᠨ ᠠᠪᠬᠤ ᠶᠢ ᠰᠠᠨᠠᠭᠠᠴᠢᠯᠠᠵᠤ᠂ ᠬᠢᠷᠢ ᠲᠡᠩᠴᠡᠬᠦ ᠦᠭᠡᠢ ᠲᠠᠷᠢᠶᠠᠯᠠᠩ ᠤᠨ ᠭᠠᠷᠤᠯᠲᠠ ᠶᠢᠨ ᠬᠡᠷᠡᠭᠰᠡᠯ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠬᠤᠷᠢᠭᠯᠠᠵᠤ᠂ ᠤᠯᠠᠨ ᠲᠦᠮᠡᠨ ᠤ ᠰᠠᠨᠠᠭ᠎ᠠ ᠠᠮᠤᠷ ᠬᠢᠮᠢ ᠶᠢᠨ ᠪᠤᠷᠳᠤᠭᠤᠷ᠂ ᠲᠠᠷᠢᠶᠠᠨ ᠡᠮ᠂ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠤᠬᠢᠷᠠᠯ ᠳᠤ ᠤᠴᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3