ᠰᠤᠷᠭᠠᠭᠤᠯᠢ ᠶᠢᠨ ᠬᠦᠷᠢᠶᠡᠨ ᠤ ︽ᠰᠡᠷᠭᠡᠶᠢᠯᠡᠯᠲᠡ ᠶᠢᠨ ᠬᠡᠷᠡᠮ︾ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ | ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠨᠡᠭᠡᠯᠡᠬᠡᠢ︾ ᠶᠢ ᠴᠢᠩᠭᠠᠯᠠᠵᠤ᠂ ᠰᠢᠩ ᠡᡁᠧ ᠰᠢᠶᠠᠨ ᠤ | ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠪᠣᠯᠤᠨ ᠨᠠᠰᠤᠨ ᠳᠤ | ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠣᠷᠭᠠᠨᠢᠭ ᠢᠶᠠᠷ ᠤᠶᠠᠯᠳᠤᠭᠤᠯᠵᠤ᠂ ᠨᠢᠭᠡ | ᠴᠤᠭᠴᠠᠵᠢᠭᠤᠯᠤᠨ ᠠᠬᠢᠭᠤᠯᠵᠤ᠂ ᠬᠠᠤᠯᠢᠵᠢᠯ ᠤᠨ ᠠᠩᠬᠢ ᠶᠢᠨ ᠡᠷᠬᠢᠯᠡᠭᠴᠢ ᠶᠢ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ | ᠲᠤᠰᠬᠠᠶᠢᠵᠢᠭᠰᠠᠨ ︽ᠠᠷᠠᠳ ᠤᠨ ᠴᠠᠭᠳᠠᠭ᠎ᠠ ᠶᠢᠨ ᠴᠡᠴᠡᠷᠯᠢᠭᠴᠢ︾᠂ ︽ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ︾ | ᠬᠠᠤᠯᠢᠵᠢᠯ ᠤᠨ ᠴᠡᠴᠡᠭ ᠪᠣᠯᠭᠠᠨ ᠳᠠᠪᠲᠠᠨ ᠪᠣᠯᠪᠠᠰᠤᠷᠠᠭᠤᠯᠬᠤ ᠪᠠᠷ ᠴᠢᠷᠮᠠᠶᠢᠵᠤ᠂ ︽ᠪᠦᠬᠦ ᠤᠯᠤᠰ ᠤᠨ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠨ︾ ᠤ ᠠᠯᠳᠠᠨ ᠦᠰᠦᠭᠲᠦ ᠫᠠᠶᠢᠰᠠ ᠶᠢ ᠪᠠᠬᠢᠵᠢᠭᠦᠯᠬᠦ ᠳᠤ | ᠦᠷᠭᠦᠯᠵᠢᠯᠡᠨ ᠬᠦᠴᠦᠯᠡᠬᠦ ᠬᠡᠷᠡᠭᠲᠡᠢ᠃ | ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ | ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠪᠥᠬᠦ ᠰᠢᠶᠠᠨ ᠤ 12000 ᠭᠠᠷᠤᠶ | ᠰᠣᠷᠣᠭᠴᠢ ᠶᠢᠨ ᠬᠡᠷ ᠪᠦᠯᠢ ᠶᠢᠨ ᠪᠠᠶᠢᠳᠠᠯ ᠢ ᠵᠠᠳᠠᠯᠤᠨ ᠡᠮᠬᠢᠯᠡᠵᠦ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ | ᠬᠠᠶᠢᠷᠠᠯᠠᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠴᠢ ᠥᠭᠡᠯᠡᠶ ᠪᠣᠯᠬᠤ ᠥᠬᠡᠶ ᠪᠣᠯ ᠪᠢ ᠰᠠᠯᠵᠤ ᠶᠠᠪᠤᠬᠤ ᠥᠬᠡᠶ︾ | ᠭᠡᠰᠡᠨ ᠠᠮᠠᠯᠠᠯᠲᠠ ᠶᠢ ᠪᠣᠯᠵᠣᠨ ᠲᠣᠭᠲᠠᠵᠠᠶ᠃ ᠡᠭᠦᠨ ᠤ ᠬᠠᠮᠲᠤ ᠬᠠᠤᠯᠢ ᠪᠠᠷ ᠵᠠᠰᠠᠬᠤ ᠠᠩᠭᠢ ᠶᠢᠨ ᠵᠠᠭᠤᠨ | ᠡᠷᠬᠢᠯᠡᠭᠴᠢ ᠳᠤ ᠲᠤᠰᠬᠠᠶ ᠵᠤᠶᠢᠯ ᠤᠨ ᠪᠣᠯᠪᠠᠰᠤᠷᠠᠭᠤᠯᠤᠯ ᠥᠷᠨᠢᠭᠦᠯᠵᠦ᠂ ᠨᠢᠭᠡ ᠳᠤ ᠨᠢᠭᠡ ᠶᠢ ᠪᠤᠶᠤ ᠨᠢᠭᠡ ᠳᠤ ᠣᠯᠠᠨ | ᠲᠠᠯ᠎ᠠ ᠶᠢ ᠳᠠᠭᠠᠭᠠᠨ ᠬᠤᠯᠪᠣᠭᠠᠯᠠᠭᠤᠯᠬᠤ ᠡᠭᠦᠷᠭᠡ ᠶᠢ ᠬᠡᠷᠡᠭᠵᠢᠭᠦᠯᠬᠦ ᠶᠢᠨ ᠬᠠᠮᠲᠤ ᠳᠡᠩᠰᠡᠯᠡᠨ ᠺᠠᠷᠲᠯᠠᠭᠰᠠᠨ ᠪᠠᠶᠢᠨ᠎ᠠ᠃ | | | ᠬᠡᠰᠡᠭ ᠬᠤᠪᠢᠶᠠᠨ ᠳᠠᠭᠠᠭᠠᠴᠢᠯᠠᠭᠤᠯᠬᠤ ᠬᠡᠯᠪᠡᠷᠢ ᠪᠠᠷ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠶᠢᠨ | ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ ᠠᠴᠠ ᠲᠣᠰ ᠬᠠᠷᠢᠶᠠᠲᠤ ᠣᠷᠣᠨ ᠤ ᠪᠠᠨ ᠣᠷᠤᠭ ᠰᠠᠯᠤᠭᠰᠠᠨ ᠬᠡᠷ ᠪᠦᠯᠢ᠂ | ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ ᠲᠤ ᠢᠯᠡᠭᠦᠤ ᠨᠢᠭᠡ ᠬᠤᠪᠢ ᠬᠠᠶᠢᠷ᠎ᠠ ᠬᠠᠯᠠᠮᠵᠢ ᠬᠦᠷᠲᠡᠭᠡᠬᠦ ᠶᠢ | ᠬᠠᠷᠢᠭᠤᠴᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠲᠤ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ | ᠬᠠᠮᠠᠭᠠᠯᠠᠬᠤ ᠶᠢ ᠰᠤᠷᠭᠠᠬᠤ ᠬᠡᠷᠡᠭᠲᠡᠶ᠃ ᠡᠭᠦᠨ ᠤ ᠬᠠᠮᠲᠤ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠬᠢᠨᠠᠨ | ᠬᠠᠮᠠᠭᠠᠯᠠᠭᠴᠢ᠂ ᠡᠴᠢᠭᠡ ᠡᠬᠡ᠂ ᠠᠩᠭᠢ ᠶᠢᠨ ᠡᠷᠬᠢᠯᠡᠭᠴᠢ᠂ ᠬᠥᠷᠰᠢ ᠵᠡᠷᠭᠡᠯᠡᠳᠡᠭᠡ ᠶᠢᠨ ᠬᠠᠮᠢᠶ᠎ᠠ ᠪᠥᠬᠦᠶ ᠪᠠᠶᠢᠳᠠᠯ ᠢ ᠨᠢᠭᠡᠳ | ᠨᠢᠭᠡ ᠪᠠᠷ ᠳᠡᠩᠰᠡᠯᠡᠨ ᠲᠡᠮᠳᠡᠭᠯᠡᠵᠦ᠂ ᠬᠡᠷ ᠪᠦᠯᠢ᠂ ᠰᠤᠷᠭᠠᠭᠤᠯᠢ᠂ ᠨᠡᠶᠢᠭᠡᠮ ᠤᠨ ᠭᠤᠷᠪᠠᠨ ᠱᠠᠲᠤᠨ ᠤ ᠬᠠᠮᠠᠭᠠᠯᠠᠯᠲᠠ ᠶᠢᠨ | ᠲᠣᠤᠷ ᠢ ᠪᠠᠶᠢᠭᠤᠯᠬᠤ ᠶᠢᠨ ᠬᠠᠮᠲᠤ ᠬᠡᠷ ᠲᠡᠭᠡᠨ ᠬᠤᠴᠣᠷᠤᠭᠰᠠᠨ ᠬᠡᠤᠬᠡᠳ ᠤᠨ ᠮᠡᠳᠡᠭᠡ ᠵᠠᠩᠭᠢ ᠶᠢ ᠴᠤᠭᠯᠠᠭᠤᠯᠵᠤ ᠬᠠᠷᠢᠭᠤ | ᠲᠤᠰᠬᠠᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠲᠤ ᠣᠷᠣᠨ ᠤ | ᠬᠡᠷ ᠲᠡᠭᠡᠨ ᠬᠤᠴᠣᠷᠤᠭᠰᠠᠨ ᠬᠡᠤᠬᠡᠳ ᠢ ᠪᠠᠶᠢᠩᠭᠤ ᠶᠢᠨ ᠴᠢᠨᠠᠷᠲᠠᠶ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ | ᠲᠣᠭᠲᠠᠴᠠ ᠶᠢ ᠪᠣᠶ ᠪᠣᠯᠭᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠦᠨ᠎ᠡ᠃ | ︽ᠪᠠᠭᠰᠢ︾ ᠶᠢᠨ ᠬᠦᠴᠦᠨ ᠢ ᠰᠢᠯᠢᠳᠡᠭᠵᠢᠭᠦᠯᠦᠨ᠎ᠡ | 2024 ᠣᠨ ᠳᠤ᠂ ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ ᠶᠢᠨ ᠠᠵᠢᠯ ᠤᠨ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ ᠠᠴᠠ ᠪᠠᠶᠢᠴᠠᠭᠠᠨ ᠰᠤᠳᠤᠯᠤᠯᠲᠠ ᠶᠢᠨ ᠳᠤᠮᠳᠠᠬᠢ ᠡᠮᠡᠭᠲᠡᠶ ᠴᠠᠭᠳᠠᠭ᠎ᠠ ᠶᠢᠨ ᠬᠠᠤᠯᠢ ᠪᠠᠷ ᠵᠠᠰᠠᠬᠤ | ᠠᠩᠭᠢ ᠶᠢᠨ ᠡᠷᠬᠢᠯᠡᠭᠴᠢ ᠶᠢᠨ ᠬᠠᠨᠤᠮᠵᠢᠲᠠᠶ ᠪᠠᠶᠢᠬᠤ ᠨᠣᠷᠮ᠎ᠠ ᠨᠡᠯᠢᠶᠡᠳ ᠥᠨᠳᠥᠷ ᠪᠠᠶᠢᠬᠤ ᠪᠣᠳᠠᠲᠤ ᠪᠠᠶᠢᠳᠠᠯ ᠳᠤ | ᠴᠢᠭᠯᠡᠭᠦᠯᠦᠨ᠂ ᠡᠮᠡᠭᠲᠡᠶ ᠴᠠᠭᠳᠠᠭ᠎ᠠ ᠶᠢᠨ ᠳᠣᠲᠣᠷ᠎ᠠ ᠠᠴᠠ ᠰᠢᠯᠢᠳᠡᠭ ᠢ ᠨᠢ ᠰᠣᠩᠭᠤᠭᠰᠠᠨ ᠪᠥᠭᠡᠳ ᠰᠢᠯᠭᠠᠨ ᠦᠨᠡᠯᠡᠬᠦ ᠪᠠᠷ | ᠳᠡᠮᠵᠢᠨ᠂ ᠰᠣᠩᠭᠤᠨ ᠭᠠᠷᠭᠠᠭᠰᠠᠨ 20 ᠡᠮᠡᠭᠲᠡᠶ ᠴᠠᠭᠳᠠᠭ᠎ᠠ ᠨᠢ ᠭᠤᠤᠯ ᠪᠣᠯᠬᠤ ︽ᠪᠠᠭᠰᠢ︾ ᠶᠢᠨ ᠬᠦᠴᠦᠨ ᠤ | ᠬᠤᠪᠢ ᠪᠠᠷ ︽ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ︾ ᠪᠣᠯᠤᠭᠰᠠᠨ ᠪᠠᠶᠢᠨ᠎ᠠ᠃ | | | ᠰᠤᠷᠭᠠᠭᠤᠯᠢ ᠶᠢᠨ ᠬᠦᠷᠢᠶᠡᠨ ᠤ ᠬᠠᠷᠭᠢᠰᠯᠠᠨ ᠳᠠᠷᠤᠯᠠᠬᠤ ᠬᠡᠷᠡᠭ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ | 2024 ᠣᠨ ᠳᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠶᠢᠨ ᠨᠠᠮ ᠤᠨ ᠬᠤᠷᠢᠶᠠᠨ ᠤ 9 | ᠪᠠᠭ ᠤᠨ ᠪᠦᠷᠢᠯᠳᠦᠬᠦᠨ᠂ 35 ᠨᠠᠮ ᠤᠨ ᠡᠭᠦᠷ ᠤᠨ ᠱᠦᠵᠢ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠳᠤ ︽ | ᠬᠠᠮᠲᠤ ᠪᠠᠷ ᠣᠷᠣᠯᠴᠠᠵᠤ︾᠂ ᠬᠠᠪᠰᠤᠷᠤᠯᠭ᠎ᠠ ᠢᠲᠡᠭᠡᠮᠵᠢ ᠶᠢ ᠰᠡᠷᠭᠡᠶᠢᠯᠡᠬᠦ ᠶᠠᠯ᠎ᠠ᠂ ᠰᠤᠷᠭᠠᠭᠤᠯᠢ ᠶᠢᠨ ᠬᠦᠷᠢᠶᠡᠨ ᠤ | ᠳᠣᠷᠣᠮᠵᠢᠯᠠᠯ ᠢ ᠰᠡᠷᠭᠡᠶᠢᠯᠡᠬᠦ ᠵᠢᠴᠢ ᠤᠯᠠᠨ ᠲᠦᠮᠡᠨ ᠤ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠡᠷᠡᠭ | ᠵᠡᠷᠭᠡ ᠠᠭᠤᠯᠭ᠎ᠠ ᠳᠤ ᠴᠢᠭᠯᠡᠭᠦᠯᠦᠨ ᠲᠠᠶᠢᠯᠤᠮᠵᠢ ᠬᠢᠭᠰᠡᠨ ᠪᠥᠭᠡᠳ ᠰᠤᠷᠤᠭᠴᠢᠳ ᠢ ᠭᠡᠷ ᠪᠦᠯᠢ ᠶᠢᠨ ︽ᠬᠠᠤᠯᠢᠵᠢᠯ ᠤᠨ | ᠤᠬᠠᠭᠤᠯᠤᠭᠴᠢ︾ ᠪᠣᠯᠬᠤ ᠶᠢ ᠱᠠᠭᠠᠷᠳᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠠᠵᠠᠷ ᠪᠣᠯᠭᠠᠨ ᠳᠤ | ᠳᠡᠯᠭᠡᠷᠡᠭᠦᠯᠵᠡᠢ᠃ | ᠱᠠᠩᠨᠠᠵᠤ ᠲᠣᠷᠭᠠᠬᠤ ᠶᠢ ᠵᠡᠷᠭᠡᠪᠡᠷ ᠶᠠᠪᠤᠭᠤᠯᠬᠤ | ︽ᠴᠢᠬᠢ ᠮᠣᠳᠣ ᠶᠢ ᠬᠠᠮᠠᠭᠠᠯᠠᠨ ᠴᠢᠬᠢ ᠮᠣᠳᠣ ᠶᠢ ᠰᠡᠷᠭᠦᠭᠡᠬᠦ︾ ᠲᠤᠰᠬᠠᠶ ᠠᠵᠢᠯᠯᠠᠭ᠎ᠠ ᠡᠬᠢᠯᠡᠭᠰᠡᠨ ᠠᠴᠠ ᠨᠠᠰᠢ᠂ | ᠰᠢᠩ ᠾᠧ ᠰᠢᠶᠠᠨ ᠤ ᠬᠠᠤᠯᠢ ᠪᠠᠷ ᠵᠠᠰᠠᠬᠤ ᠠᠩᠭᠢ ᠶᠢᠨ ᠵᠠᠭᠤᠨ ᠡᠷᠬᠢᠯᠡᠭᠴᠢ ᠠᠩᠭᠢ ᠶᠢᠨ ᠰᠣᠷᠣᠭᠴᠢ ᠶᠢᠨ ᠡᠩ ᠤᠨ | ᠦᠶ᠎ᠡ ᠶᠢᠨ ᠢᠯᠡᠷᠡᠯ ᠵᠢᠴᠢ ᠡᠪᠦᠯ ᠵᠣᠨ ᠤ ᠠᠮᠠᠷᠠᠯᠲᠠ ᠶᠢᠨ ᠬᠠᠤᠯᠢ ᠪᠠᠷ ᠵᠠᠰᠠᠬᠤ ᠳᠠᠰᠬᠠᠯ ᠢ ᠪᠡᠶᠡᠯᠡᠭᠦᠯᠦᠭᠰᠡᠨ ᠪᠠᠶᠢᠳᠠᠯ ᠢ | ᠦᠨᠳᠦᠰᠦᠯᠡᠨ᠂ ᠠᠩᠭᠢ ᠪᠦᠷᠢ ᠳᠤ ︽ᠬᠠᠤᠯᠢ ᠪᠠᠷ ᠵᠠᠰᠠᠬᠤ ᠣᠳᠣᠨ︾ ᠨᠢᠭᠡ ᠶᠢ ᠰᠢᠯᠭᠠᠷᠠᠭᠤᠯᠬᠤ ᠶᠢᠨ ᠬᠠᠮᠲᠤ ︽ᠣᠨ ᠤ | ᠬᠠᠮᠤᠭ ᠤᠨ ᠭᠤᠶᠣ ᠬᠠᠤᠯᠢ ᠪᠠᠷ ᠵᠠᠰᠠᠭᠴᠢ ᠶᠢᠨ ᠢᠷᠠᠭᠤ ᠠᠯᠳᠠᠷ ᠤᠨ ᠦᠨᠡᠮᠯᠡᠯ︾ ᠣᠯᠭᠤᠪᠠ᠃ ᠱᠠᠩᠨᠠᠨ ᠬᠥᠬᠢᠭᠦᠯᠬᠦ ᠶᠢᠨ | ᠬᠠᠮᠲᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠠᠴᠠ ᠰᠤᠷᠭᠠᠭᠤᠯᠢ ᠶᠢᠨ ᠬᠦᠷᠢᠶᠡᠨ ᠤ | ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠵᠡᠷᠭᠡ ᠬᠡᠷᠡᠭ ᠢ ᠴᠢᠩᠭ᠎ᠠ ᠵᠠᠯᠬᠠᠭᠠᠨ ᠰᠢᠳᠬᠡᠪᠡ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |