ᠰᠢᠩ ᠾᠧ ᠰᠢᠶᠠᠨ᠄ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠲᠣᠤᠷ︾ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/4/13
     ᠰᠤᠷᠭᠠᠭᠤᠯᠢ ᠶᠢᠨ ᠬᠦᠷᠢᠶᠡᠨ ᠤ ︽ᠰᠡᠷᠭᠡᠶᠢᠯᠡᠯᠲᠡ ᠶᠢᠨ ᠬᠡᠷᠡᠮ︾ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠨᠡᠭᠡᠯᠡᠬᠡᠢ︾ ᠶᠢ ᠴᠢᠩᠭᠠᠯᠠᠵᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠪᠣᠯᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠬᠠᠤᠯᠢᠵᠢᠯ ᠤᠨ ᠠᠩᠬᠢ ᠶᠢᠨ ᠡᠷᠬᠢᠯᠡᠭᠴᠢ ᠶᠢ ᠵᠢᠩᠬᠢᠨᠢᠴᠢᠯᠡᠭᠰᠡᠨ᠂ ᠲᠤᠰᠬᠠᠶᠢᠵᠢᠭᠰᠠᠨ᠂ ᠲᠤᠰᠬᠠᠶᠢᠵᠢᠭᠰᠠᠨ ︽ᠠᠷᠠᠳ ᠤᠨ ᠴᠠᠭᠳᠠᠭ᠎ᠠ ᠶᠢᠨ ᠴᠡᠴᠡᠷᠯᠢᠭᠴᠢ︾᠂ ︽ᠤᠨᠢᠨ ᠳᠡᠭᠡᠷ᠎ᠡ ᠨᠢ ᠳᠤᠰᠤᠯᠭᠠᠨ ᠤᠰᠤᠯᠠᠬᠤ︾ ᠬᠠᠤᠯᠢᠵᠢᠯ ᠤᠨ ᠴᠡᠴᠡᠭ ᠪᠣᠯᠭᠠᠨ ᠳᠠᠪᠲᠠᠨ ᠪᠣᠯᠪᠠᠰᠤᠷᠠᠭᠤᠯᠬᠤ ᠪᠠᠷ ᠴᠢᠷᠮᠠᠶᠢᠵᠤ᠂ ︽ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ  ᠵᠢᠱᠢᠶ᠎ᠡ ᠦᠵᠡᠭᠦᠯᠬᠦ ᠰᠢᠶᠠᠨ︾ ᠤ ᠠᠯᠳᠠᠨ ᠦᠰᠦᠭᠲᠦ ᠫᠠᠶᠢᠰᠠ ᠶᠢ ᠪᠠᠬᠢᠵᠢᠭᠦᠯᠬᠦ ᠳᠤ ᠦᠷᠭᠦᠯᠵᠢᠯᠡᠨ ᠬᠦᠴᠦᠯᠡᠬᠦ ᠬᠡᠷᠡᠭᠲᠡᠢ᠃      ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ      ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠪᠥᠬᠦ ᠰᠢᠶᠠᠨ ᠤ 12000 ᠭᠠᠷᠤᠶ ᠰᠣᠷᠣᠭᠴᠢ ᠶᠢᠨ ᠬᠡᠷ ᠪᠦᠯᠢ ᠶᠢᠨ ᠪᠠᠶᠢᠳᠠᠯ ᠢ ᠵᠠᠳᠠᠯᠤᠨ ᠡᠮᠬᠢᠯᠡᠵᠦ᠂ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠴᠢ ᠥᠭᠡᠯᠡᠶ ᠪᠣᠯᠬᠤ ᠥᠬᠡᠶ ᠪᠣᠯ ᠪᠢ ᠰᠠᠯᠵᠤ ᠶᠠᠪᠤᠬᠤ ᠥᠬᠡᠶ︾ ᠭᠡᠰᠡᠨ ᠠᠮᠠᠯᠠᠯᠲᠠ ᠶᠢ ᠪᠣᠯᠵᠣᠨ ᠲᠣᠭᠲᠠᠵᠠᠶ᠃ ᠡᠭᠦᠨ ᠤ ᠬᠠᠮᠲᠤ ᠬᠠᠤᠯᠢ ᠪᠠᠷ ᠵᠠᠰᠠᠬᠤ ᠠᠩᠭᠢ ᠶᠢᠨ ᠵᠠᠭᠤᠨ ᠡᠷᠬᠢᠯᠡᠭᠴᠢ ᠳᠤ ᠲᠤᠰᠬᠠᠶ ᠵᠤᠶᠢᠯ ᠤᠨ ᠪᠣᠯᠪᠠᠰᠤᠷᠠᠭᠤᠯᠤᠯ ᠥᠷᠨᠢᠭᠦᠯᠵᠦ᠂ ᠨᠢᠭᠡ ᠳᠤ ᠨᠢᠭᠡ ᠶᠢ ᠪᠤᠶᠤ ᠨᠢᠭᠡ ᠳᠤ ᠣᠯᠠᠨ ᠲᠠᠯ᠎ᠠ ᠶᠢ ᠳᠠᠭᠠᠭᠠᠨ ᠬᠤᠯᠪᠣᠭᠠᠯᠠᠭᠤᠯᠬᠤ ᠡᠭᠦᠷᠭᠡ ᠶᠢ ᠬᠡᠷᠡᠭᠵᠢᠭᠦᠯᠬᠦ ᠶᠢᠨ ᠬᠠᠮᠲᠤ ᠳᠡᠩᠰᠡᠯᠡᠨ ᠺᠠᠷᠲᠯᠠᠭᠰᠠᠨ ᠪᠠᠶᠢᠨ᠎ᠠ᠃
     ᠬᠡᠰᠡᠭ ᠬᠤᠪᠢᠶᠠᠨ ᠳᠠᠭᠠᠭᠠᠴᠢᠯᠠᠭᠤᠯᠬᠤ ᠬᠡᠯᠪᠡᠷᠢ ᠪᠠᠷ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠶᠢᠨ ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ ᠠᠴᠠ ᠲᠣᠰ ᠬᠠᠷᠢᠶᠠᠲᠤ ᠣᠷᠣᠨ ᠤ ᠪᠠᠨ ᠣᠷᠤᠭ ᠰᠠᠯᠤᠭᠰᠠᠨ ᠬᠡᠷ ᠪᠦᠯᠢ᠂ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ ᠲᠤ ᠢᠯᠡᠭᠦᠤ ᠨᠢᠭᠡ ᠬᠤᠪᠢ ᠬᠠᠶᠢᠷ᠎ᠠ ᠬᠠᠯᠠᠮᠵᠢ ᠬᠦᠷᠲᠡᠭᠡᠬᠦ ᠶᠢ ᠬᠠᠷᠢᠭᠤᠴᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠲᠤ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠬᠤ ᠶᠢ ᠰᠤᠷᠭᠠᠬᠤ ᠬᠡᠷᠡᠭᠲᠡᠶ᠃ ᠡᠭᠦᠨ ᠤ ᠬᠠᠮᠲᠤ᠂ ᠬᠡᠷ ᠲᠡᠭᠡᠨ ᠬᠤᠴᠣᠷᠤᠭᠰᠠᠨ ᠬᠡᠤᠬᠡᠳ ᠤᠨ ᠬᠢᠨᠠᠨ ᠬᠠᠮᠠᠭᠠᠯᠠᠭᠴᠢ᠂ ᠡᠴᠢᠭᠡ ᠡᠬᠡ᠂ ᠠᠩᠭᠢ ᠶᠢᠨ ᠡᠷᠬᠢᠯᠡᠭᠴᠢ᠂ ᠬᠥᠷᠰᠢ ᠵᠡᠷᠭᠡᠯᠡᠳᠡᠭᠡ ᠶᠢᠨ ᠬᠠᠮᠢᠶ᠎ᠠ ᠪᠥᠬᠦᠶ ᠪᠠᠶᠢᠳᠠᠯ ᠢ ᠨᠢᠭᠡᠳ ᠨᠢᠭᠡ ᠪᠠᠷ ᠳᠡᠩᠰᠡᠯᠡᠨ ᠲᠡᠮᠳᠡᠭᠯᠡᠵᠦ᠂ ᠬᠡᠷ ᠪᠦᠯᠢ᠂ ᠰᠤᠷᠭᠠᠭᠤᠯᠢ᠂ ᠨᠡᠶᠢᠭᠡᠮ ᠤᠨ ᠭᠤᠷᠪᠠᠨ ᠱᠠᠲᠤᠨ ᠤ ᠬᠠᠮᠠᠭᠠᠯᠠᠯᠲᠠ ᠶᠢᠨ ᠲᠣᠤᠷ ᠢ ᠪᠠᠶᠢᠭᠤᠯᠬᠤ ᠶᠢᠨ ᠬᠠᠮᠲᠤ ᠬᠡᠷ ᠲᠡᠭᠡᠨ ᠬᠤᠴᠣᠷᠤᠭᠰᠠᠨ ᠬᠡᠤᠬᠡᠳ ᠤᠨ ᠮᠡᠳᠡᠭᠡ ᠵᠠᠩᠭᠢ ᠶᠢ ᠴᠤᠭᠯᠠᠭᠤᠯᠵᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠲᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠢ ᠪᠠᠶᠢᠩᠭᠤ ᠶᠢᠨ ᠴᠢᠨᠠᠷᠲᠠᠶ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠣᠶ ᠪᠣᠯᠭᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠦᠨ᠎ᠡ᠃      ︽ᠪᠠᠭᠰᠢ︾ ᠶᠢᠨ ᠬᠦᠴᠦᠨ ᠢ ᠰᠢᠯᠢᠳᠡᠭᠵᠢᠭᠦᠯᠦᠨ᠎ᠡ      2024 ᠣᠨ ᠳᠤ᠂ ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠠᠴᠠ ᠪᠠᠶᠢᠴᠠᠭᠠᠨ ᠰᠤᠳᠤᠯᠤᠯᠲᠠ ᠶᠢᠨ ᠳᠤᠮᠳᠠᠬᠢ ᠡᠮᠡᠭᠲᠡᠶ ᠴᠠᠭᠳᠠᠭ᠎ᠠ ᠶᠢᠨ ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ ᠶᠢᠨ ᠬᠠᠨᠤᠮᠵᠢᠲᠠᠶ ᠪᠠᠶᠢᠬᠤ ᠨᠣᠷᠮ᠎ᠠ ᠨᠡᠯᠢᠶᠡᠳ ᠥᠨᠳᠥᠷ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠡᠮᠡᠭᠲᠡᠶ ᠴᠠᠭᠳᠠᠭ᠎ᠠ ᠶᠢᠨ ᠳᠣᠲᠣᠷ᠎ᠠ ᠠᠴᠠ ᠰᠢᠯᠢᠳᠡᠭ ᠢ ᠨᠢ ᠰᠣᠩᠭᠤᠭᠰᠠᠨ ᠪᠥᠭᠡᠳ ᠰᠢᠯᠭᠠᠨ ᠦᠨᠡᠯᠡᠬᠦ ᠪᠠᠷ ᠳᠡᠮᠵᠢᠨ᠂ ᠰᠣᠩᠭᠤᠨ ᠭᠠᠷᠭᠠᠭᠰᠠᠨ 20 ᠡᠮᠡᠭᠲᠡᠶ ᠴᠠᠭᠳᠠᠭ᠎ᠠ ᠨᠢ ᠭᠤᠤᠯ ᠪᠣᠯᠬᠤ ︽ᠪᠠᠭᠰᠢ︾ ᠶᠢᠨ ᠬᠦᠴᠦᠨ ᠤ ᠬᠤᠪᠢ ᠪᠠᠷ ︽ᠬᠠᠤᠯᠢ ᠪᠠᠷ ᠵᠠᠰᠠᠬᠤ ᠠᠩᠭᠢ ᠶᠢᠨ ᠡᠷᠬᠢᠯᠡᠭᠴᠢ︾ ᠪᠣᠯᠤᠭᠰᠠᠨ ᠪᠠᠶᠢᠨ᠎ᠠ᠃
     ᠰᠤᠷᠭᠠᠭᠤᠯᠢ ᠶᠢᠨ ᠬᠦᠷᠢᠶᠡᠨ ᠤ ᠬᠠᠷᠭᠢᠰᠯᠠᠨ ᠳᠠᠷᠤᠯᠠᠬᠤ ᠬᠡᠷᠡᠭ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ 2024 ᠣᠨ ᠳᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠶᠢᠨ ᠨᠠᠮ ᠤᠨ ᠬᠤᠷᠢᠶᠠᠨ ᠤ 9 ᠪᠠᠭ ᠤᠨ ᠪᠦᠷᠢᠯᠳᠦᠬᠦᠨ᠂ 35 ᠨᠠᠮ ᠤᠨ ᠡᠭᠦᠷ ᠤᠨ ᠱᠦᠵᠢ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠳᠤ ︽ᠬᠠᠮᠲᠤ ᠪᠠᠷ ᠣᠷᠣᠯᠴᠠᠵᠤ︾᠂ ᠬᠠᠪᠰᠤᠷᠤᠯᠭ᠎ᠠ ᠢᠲᠡᠭᠡᠮᠵᠢ ᠶᠢ ᠰᠡᠷᠭᠡᠶᠢᠯᠡᠬᠦ ᠶᠠᠯ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠵᠢᠴᠢ ᠤᠯᠠᠨ ᠲᠦᠮᠡᠨ ᠤ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠬᠡᠷᠡᠭ ᠵᠡᠷᠭᠡ ᠠᠭᠤᠯᠭ᠎ᠠ ᠳᠤ ᠴᠢᠭᠯᠡᠭᠦᠯᠦᠨ ᠲᠠᠶᠢᠯᠤᠮᠵᠢ ᠬᠢᠭᠰᠡᠨ ᠪᠥᠭᠡᠳ ᠰᠤᠷᠤᠭᠴᠢᠳ ᠢ ᠭᠡᠷ ᠪᠦᠯᠢ ᠶᠢᠨ ︽ᠬᠠᠤᠯᠢᠵᠢᠯ ᠤᠨ ᠤᠬᠠᠭᠤᠯᠤᠭᠴᠢ︾ ᠪᠣᠯᠬᠤ ᠶᠢ ᠱᠠᠭᠠᠷᠳᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠠᠵᠠᠷ ᠪᠣᠯᠭᠠᠨ ᠳᠤ ᠳᠡᠯᠭᠡᠷᠡᠭᠦᠯᠵᠡᠢ᠃      ᠱᠠᠩᠨᠠᠵᠤ ᠲᠣᠷᠭᠠᠬᠤ ᠶᠢ ᠵᠡᠷᠭᠡᠪᠡᠷ ᠶᠠᠪᠤᠭᠤᠯᠬᠤ      ︽ᠴᠢᠬᠢ ᠮᠣᠳᠣ ᠶᠢ ᠬᠠᠮᠠᠭᠠᠯᠠᠨ ᠴᠢᠬᠢ ᠮᠣᠳᠣ ᠶᠢ ᠰᠡᠷᠭᠦᠭᠡᠬᠦ︾ ᠲᠤᠰᠬᠠᠶ ᠠᠵᠢᠯᠯᠠᠭ᠎ᠠ ᠡᠬᠢᠯᠡᠭᠰᠡᠨ ᠠᠴᠠ ᠨᠠᠰᠢ᠂ ᠰᠢᠩ ᠾᠧ ᠰᠢᠶᠠᠨ ᠤ ᠬᠠᠤᠯᠢ ᠪᠠᠷ ᠵᠠᠰᠠᠬᠤ ᠠᠩᠭᠢ ᠶᠢᠨ ᠵᠠᠭᠤᠨ ᠡᠷᠬᠢᠯᠡᠭᠴᠢ ᠠᠩᠭᠢ ᠶᠢᠨ ᠰᠣᠷᠣᠭᠴᠢ ᠶᠢᠨ ᠡᠩ ᠤᠨ ᠦᠶ᠎ᠡ ᠶᠢᠨ ᠢᠯᠡᠷᠡᠯ ᠵᠢᠴᠢ ᠡᠪᠦᠯ ᠵᠣᠨ ᠤ ᠠᠮᠠᠷᠠᠯᠲᠠ ᠶᠢᠨ ᠬᠠᠤᠯᠢ ᠪᠠᠷ ᠵᠠᠰᠠᠬᠤ ᠳᠠᠰᠬᠠᠯ ᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠠᠩᠭᠢ ᠪᠦᠷᠢ ᠳᠤ ︽ᠬᠠᠤᠯᠢ ᠪᠠᠷ ᠵᠠᠰᠠᠬᠤ ᠣᠳᠣᠨ︾ ᠨᠢᠭᠡ ᠶᠢ ᠰᠢᠯᠭᠠᠷᠠᠭᠤᠯᠬᠤ ᠶᠢᠨ ᠬᠠᠮᠲᠤ ︽ᠣᠨ ᠤ ᠬᠠᠮᠤᠭ ᠤᠨ ᠭᠤᠶᠣ ᠬᠠᠤᠯᠢ ᠪᠠᠷ ᠵᠠᠰᠠᠭᠴᠢ ᠶᠢᠨ ᠢᠷᠠᠭᠤ ᠠᠯᠳᠠᠷ ᠤᠨ ᠦᠨᠡᠮᠯᠡᠯ︾ ᠣᠯᠭᠤᠪᠠ᠃ ᠱᠠᠩᠨᠠᠨ ᠬᠥᠬᠢᠭᠦᠯᠬᠦ ᠶᠢᠨ ᠬᠠᠮᠲᠤ᠂ ᠰᠢᠩ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠠᠴᠠ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠵᠡᠷᠭᠡ ᠬᠡᠷᠡᠭ ᠢ ᠴᠢᠩᠭ᠎ᠠ ᠵᠠᠯᠬᠠᠭᠠᠨ ᠰᠢᠳᠬᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3