ᠮᠠᠨ ᠤ ᠰᠢᠶᠠᠨ 4 · 15᠎ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 15᠎ ᠤ ᠡᠳᠦᠷ ᠪᠣᠯ ᠮᠠᠨ ᠤ ᠤᠯᠤᠰ ᠤᠨ ᠶᠢᠰᠦᠳᠡᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠪᠦᠬᠦ ᠰᠢᠶᠠᠨ ᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠲᠤᠪᠠᠷ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃ ᠮᠠᠨ ᠤ ᠰᠢᠶᠠᠨ 2024 ᠣᠨ ᠤ 4 ᠰᠠᠷ᠎ᠠ ᠶᠢᠨ 15᠎ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠤᠯᠤᠰ ᠤᠨ ᠠᠮᠤᠷ ᠲᠦᠪᠰᠢᠨ ᠤ ᠠᠯᠪᠠᠨ ᠬᠡᠷ ᠤᠨ ᠡᠷᠬᠢᠯᠡᠭᠴᠢ ᠯᠢ ᠼᠠᠢ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠢᠶ ᠰᠢᠶᠤᠤ ᠬᠤᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠯ᠎ᠡ ᠭᠡᠰᠢᠭᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠶᠣᠰᠣᠯᠠᠯ ᠳᠤ ᠣᠷᠣᠯᠴᠠᠵᠠᠶ᠃      ᠲᠤᠬᠠᠢ ᠶᠢᠨ ᠲᠠᠯᠠᠪᠠᠢ ᠳᠤ᠂ ᠥᠪᠡᠷᠮᠢᠴᠡ ᠣᠨᠴᠠᠯᠢᠭ ᠲᠠᠢ ᠲᠤᠮᠤ ᠰᠣᠨᠢᠨ᠂ ᠵᠢᠷᠤᠭᠲᠤ ᠳᠡᠪᠲᠡᠷ᠂ ᠬᠥᠨᠳᠡᠯᠡᠨ ᠪᠢᠴᠢᠭᠡᠰᠦ ᠵᠡᠷᠭᠡ ᠶᠢ ᠪᠠᠶᠢᠷᠢᠯᠠᠭᠤᠯᠤᠨ ᠳᠡᠯᠭᠡᠨ ᠦᠵᠡᠭᠦᠯᠵᠦ᠂ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠬᠦ ᠪᠠᠷ ᠬᠦᠳᠦᠯᠥᠨ ᠳᠠᠭᠠᠭᠤᠯᠤᠭᠰᠠᠨ 10 ᠵᠢᠯ ᠤᠨ ᠤᠢ︾᠎ ᠪᠠᠷ ᠭᠤᠣᠯ ᠰᠡᠳᠦᠪ ᠪᠣᠯᠭᠠᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠶᠢ ᠲᠦᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠳᠤ ᠲᠠᠶᠢᠯᠪᠤᠷᠢᠯᠠᠨ ᠤᠯᠠᠮᠵᠢᠯᠠᠪᠠ᠃ ᠲᠤᠰ ᠠᠵᠢᠯᠯᠠᠭ᠎ᠠ ᠳᠤ ᠤᠯᠤᠰ ᠤᠨ ᠠᠮᠤᠷ ᠲᠦᠪᠰᠢᠨ ᠤ ᠡᠯ᠎ᠡ ᠬᠦᠷᠢᠶᠡᠨ ᠠᠴᠠ ᠲᠤᠰ ᠲᠤᠰ ᠲᠤᠬᠠᠢ ᠶᠢᠨ ᠲᠠᠯᠠᠪᠠᠢ ᠶᠢᠨ ᠤᠬᠠᠭᠤᠯᠭ᠎ᠠ ᠬᠥᠮᠦᠵᠢᠯ ᠬᠢᠵᠦ᠂ ᠡᠯ᠎ᠡ ᠲᠦᠷᠦᠯ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠮᠠᠲᠧᠷᠢᠶᠠᠯ ᠢ 1000 ᠭᠠᠷᠤᠢ ᠬᠤᠪᠢ ᠲᠠᠷᠬᠠᠭᠠᠵᠤ᠂ ᠡᠯ᠎ᠡ ᠲᠦᠷᠦᠯ ᠤᠨ ᠳᠤᠷᠠᠰᠬᠠᠯ ᠤᠨ ᠡᠳ᠋ ᠢ 500 ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠠᠢ ᠳᠤ ᠣᠷᠣᠯᠴᠠᠭᠰᠠᠨ ᠤᠯᠠᠨ ᠲᠦᠮᠡᠨ ᠢ 300 ᠭᠠᠷᠤᠢ ᠬᠥᠮᠦᠨ ᠲᠠᠷᠬᠠᠭᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ᠃      ᠳᠠᠷᠠᠭ᠎ᠠ ᠨᠢ ᠤᠯᠠᠭᠠᠨᠮᠥ᠋ᠴᠢᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠣᠭᠯᠠᠯᠲᠠ ᠨᠢ ᠳᠠᠭᠤᠤ ᠶᠢᠨ ᠲᠣᠭᠯᠠᠯᠲᠠ ︽ᠮᠠᠭᠲᠠᠭᠠᠯ ᠳᠠᠭᠤᠤ︾᠎ ᠶᠢᠨ ᠳᠤᠮᠳᠠ ᠬᠥᠰᠢᠭᠡ ᠪᠠᠨ ᠰᠡᠬᠦᠵᠦ᠂ ᠳᠠᠭᠤᠤ ᠬᠥᠭᠵᠢᠮ ᠤᠨ ᠴᠠᠷᠭᠢᠯ ᠬᠤᠯᠪᠣᠭ᠎ᠠ ︽ᠤᠯᠤᠰ ᠤᠨ ᠠᠮᠤᠷ ᠲᠦᠪᠰᠢᠨ ᠤ ᠦᠵᠡᠯᠲᠡ ᠶᠢ ᠪᠤᠶ ᠪᠣᠯᠭᠠᠶ᠎ᠠ︾᠂ ᠳᠠᠭᠤᠤ ︽ᠭᠠᠷ ᠬᠤᠯᠪᠣᠨ ᠬᠠᠮᠲᠤ ᠤᠷᠤᠭᠰᠢᠯᠠᠶ᠎ᠠ︾᠂ ᠪᠥᠵᠢᠭ ︽ᠠᠩᠬᠢᠯᠤᠮ᠎ᠠ ᠰᠠᠶᠢᠬᠠᠨ︾ ᠵᠡᠷᠭᠡ ᠭᠤᠶᠢᠳᠠ ᠰᠠᠶᠢᠬᠠᠨ ᠲᠣᠭᠯᠠᠯᠲᠠ᠂ ᠦᠵᠡᠭᠴᠢᠳ ᠤᠨ ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢᠨ ᠬᠡᠯᠪᠡᠷᠢ ᠪᠠᠷ᠂ ᠤᠯᠤᠰ ᠤᠨ ᠠᠮᠤᠷ ᠲᠦᠪᠰᠢᠨ ᠪᠠ ᠲᠣᠭᠯᠠᠯᠲᠠ ᠶᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ ᠢ ᠤᠷᠢᠶᠠᠯᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠣᠯᠠᠨ ᠳᠤ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠬᠤ ᠶᠢᠨ ᠬᠠᠮᠲᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠭᠤᠯᠤᠨ᠎ᠠ᠃ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠯ᠎ᠡ ᠭᠡᠰᠢᠭᠦᠨ ᠨᠢᠭᠡᠴᠡ ᠨᠦᠭᠦᠳ ︽ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ · ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠤᠭᠰᠠᠨ 10 ᠵᠢᠯ ᠤᠨ ᠣᠶ︾ ᠭᠡᠬᠦ ᠭᠤᠤᠯ ᠰᠡᠳᠦᠪ ᠤᠨ ᠲᠣᠭᠤᠷᠢᠨ ᠳᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠤᠯᠭ᠎ᠠ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ᠂ ᠴᠡᠷᠢᠭ ᠤᠨ ᠬᠤᠸᠠᠷᠠᠨ᠂ ᠰᠦᠯᠵᠢᠶ᠎ᠡ ᠳᠤ ᠣᠷᠣᠭᠤᠯᠬᠤ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃                                                  ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ                        ᠤᠷᠴᠢᠭᠤᠯᠤᠭᠴᠢ᠄ ᠮᠥᠩᠭᠦᠨᠰᠤᠶᠢᠬᠡ                        ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3