4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ ᠶᠢᠰᠦᠳᠡᠬᠢ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ | ᠪᠣᠯᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠪᠦᠬᠦ ᠰᠢᠶᠠᠨ ᠤ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠦᠬᠦ ᠠᠷᠠᠳ ᠢᠶᠠᠷ ᠢᠶᠠᠨ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠮᠲᠤᠪᠠᠷ ᠴᠣᠭᠴᠠᠯᠠᠬᠤ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠤᠨ᠎ᠠ᠃ ᠮᠠᠨ ᠤ ᠰᠢᠶᠠᠨ 2024 ᠣᠨ ᠤ 4 | ᠰᠠᠷ᠎ᠠ ᠶᠢᠨ 15 ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ | ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠤᠯᠤᠰ ᠤᠨ ᠠᠮᠤᠷ ᠲᠦᠪᠰᠢᠨ ᠤ ᠠᠯᠪᠠᠨ ᠬᠡᠷ ᠤᠨ | ᠡᠷᠬᠢᠯᠡᠭᠴᠢ ᠯᠢ ᠼᠠᠢ ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ | ᠡᠷᠬᠢᠯᠡᠭᠴᠢ ᠵᠢᠶ ᠰᠢᠶᠤᠤ ᠬᠤᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠵᠢᠶᠦ᠋ᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ | ᠵᠥᠪᠯᠡᠯ ᠤᠨ ᠡᠯ᠎ᠡ ᠭᠡᠰᠢᠭᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠶᠣᠰᠣᠯᠠᠯ ᠳᠤ | ᠣᠷᠣᠯᠴᠠᠵᠠᠶ᠃ | ᠲᠤᠬᠠᠢ ᠶᠢᠨ ᠲᠠᠯᠠᠪᠠᠢ ᠳᠤ᠂ ᠥᠪᠡᠷᠮᠢᠴᠡ ᠣᠨᠴᠠᠯᠢᠭ ᠲᠠᠢ ᠲᠤᠮᠤ ᠰᠣᠨᠢᠨ᠂ ᠵᠢᠷᠤᠭᠲᠤ ᠳᠡᠪᠲᠡᠷ᠂ ᠬᠥᠨᠳᠡᠯᠡᠨ | ᠪᠢᠴᠢᠭᠡᠰᠦ ᠵᠡᠷᠭᠡ ᠶᠢ ᠪᠠᠶᠢᠷᠢᠯᠠᠭᠤᠯᠤᠨ ᠳᠡᠯᠭᠡᠨ ᠦᠵᠡᠭᠦᠯᠵᠦ᠂ ︽ᠶᠡᠷᠦᠩᠬᠡᠢ ᠴᠣᠭᠴᠠ ᠶᠢᠨ ᠤᠯᠤᠰ ᠤᠨ ᠠᠮᠤᠷ | ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠬᠦ ᠪᠠᠷ ᠬᠦᠳᠦᠯᠥᠨ ᠳᠠᠭᠠᠭᠤᠯᠤᠭᠰᠠᠨ 10 ᠵᠢᠯ ᠤᠨ ᠤᠢ︾ ᠪᠠᠷ | ᠭᠤᠣᠯ ᠰᠡᠳᠦᠪ ᠪᠣᠯᠭᠠᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ | ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ | ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ | ᠠᠵᠢᠯᠯᠠᠭ᠎ᠠ ᠶᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠶᠢ ᠲᠦᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ | ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠳᠤ ᠲᠠᠶᠢᠯᠪᠤᠷᠢᠯᠠᠨ ᠤᠯᠠᠮᠵᠢᠯᠠᠪᠠ᠃ ᠲᠤᠰ ᠠᠵᠢᠯᠯᠠᠭ᠎ᠠ ᠳᠤ | ᠤᠯᠤᠰ ᠤᠨ ᠠᠮᠤᠷ ᠲᠦᠪᠰᠢᠨ ᠤ ᠡᠯ᠎ᠡ ᠬᠦᠷᠢᠶᠡᠨ ᠠᠴᠠ ᠲᠤᠰ ᠲᠤᠰ ᠲᠤᠬᠠᠢ ᠶᠢᠨ ᠲᠠᠯᠠᠪᠠᠢ ᠶᠢᠨ ᠤᠬᠠᠭᠤᠯᠭ᠎ᠠ | ᠬᠥᠮᠦᠵᠢᠯ ᠬᠢᠵᠦ᠂ ᠡᠯ᠎ᠡ ᠲᠦᠷᠦᠯ ᠤᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠮᠠᠲᠧᠷᠢᠶᠠᠯ ᠢ | 1000 ᠭᠠᠷᠤᠢ ᠬᠤᠪᠢ ᠲᠠᠷᠬᠠᠭᠠᠵᠤ᠂ ᠡᠯ᠎ᠡ ᠲᠦᠷᠦᠯ ᠤᠨ ᠳᠤᠷᠠᠰᠬᠠᠯ ᠤᠨ ᠡᠳ᠋ ᠢ 500 ᠭᠠᠷᠤᠢ ᠬᠤᠪᠢ | ᠲᠠᠷᠬᠠᠭᠠᠵᠤ᠂ ᠲᠤᠬᠠᠢ ᠶᠢᠨ ᠲᠠᠯᠠᠪᠠᠢ ᠳᠤ ᠣᠷᠣᠯᠴᠠᠭᠰᠠᠨ ᠤᠯᠠᠨ ᠲᠦᠮᠡᠨ ᠢ 300 ᠭᠠᠷᠤᠢ ᠬᠥᠮᠦᠨ ᠲᠠᠷᠬᠠᠭᠠᠵᠤ᠂ | ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠷᠠᠳ ᠲᠦᠮᠡᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ᠃ | ᠳᠠᠷᠠᠭ᠎ᠠ ᠨᠢ ᠤᠯᠠᠭᠠᠨᠮᠥ᠋ᠴᠢᠷ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠣᠭᠯᠠᠯᠲᠠ ᠨᠢ ᠳᠠᠭᠤᠤ ᠶᠢᠨ | ᠲᠣᠭᠯᠠᠯᠲᠠ ︽ᠮᠠᠭᠲᠠᠭᠠᠯ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠳᠠᠭᠤᠤ ᠬᠥᠭᠵᠢᠮ ᠤᠨ ᠴᠠᠷᠭᠢᠯ | ᠬᠤᠯᠪᠣᠭ᠎ᠠ ︽ᠤᠯᠤᠰ ᠤᠨ ᠠᠮᠤᠷ ᠲᠦᠪᠰᠢᠨ ᠤ ᠦᠵᠡᠯᠲᠡ ᠶᠢ ᠪᠤᠶ ᠪᠣᠯᠭᠠᠶ᠎ᠠ︾᠂ ᠳᠠᠭᠤᠤ ︽ᠭᠠᠷ ᠬᠤᠯᠪᠣᠨ | ᠬᠠᠮᠲᠤ ᠤᠷᠤᠭᠰᠢᠯᠠᠶ᠎ᠠ︾᠂ ᠪᠥᠵᠢᠭ ︽ᠠᠩᠬᠢᠯᠤᠮ᠎ᠠ ᠰᠠᠶᠢᠬᠠᠨ︾ ᠵᠡᠷᠭᠡ ᠭᠤᠶᠢᠳᠠ ᠰᠠᠶᠢᠬᠠᠨ ᠲᠣᠭᠯᠠᠯᠲᠠ᠂ | ᠦᠵᠡᠭᠴᠢᠳ ᠤᠨ ᠦᠵᠡᠵᠦ ᠰᠣᠨᠢᠷᠬᠠᠬᠤ ᠳᠤᠷᠠᠲᠠᠶ ᠲᠣᠭᠯᠠᠯᠲᠠ ᠶᠢᠨ ᠬᠡᠯᠪᠡᠷᠢ ᠪᠠᠷ᠂ ᠤᠯᠤᠰ ᠤᠨ ᠠᠮᠤᠷ ᠲᠦᠪᠰᠢᠨ | ᠪᠠ ᠲᠣᠭᠯᠠᠯᠲᠠ ᠶᠢ ᠬᠠᠷᠢᠯᠴᠠᠨ ᠤᠶᠠᠯᠳᠤᠭᠤᠯᠵᠤ᠂ ᠣᠯᠠᠨ ᠲᠦᠮᠡᠨ ᠢ ᠤᠷᠢᠶᠠᠯᠠᠨ ᠢᠳᠡᠪᠬᠢᠲᠡᠶ ᠪᠥᠭᠡᠳ | ᠰᠠᠨᠠᠭᠠᠴᠢᠯᠠᠭ᠎ᠠ ᠲᠠᠢ ᠪᠠᠷ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠣᠯᠠᠨ ᠳᠤ ᠭᠤᠶᠢᠳᠠ ᠰᠠᠶᠢᠬᠠᠨ ᠲᠣᠭᠯᠠᠯᠲᠠ ᠶᠢ | ᠰᠣᠨᠢᠷᠬᠠᠭᠤᠯᠬᠤ ᠶᠢᠨ ᠬᠠᠮᠲᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠢ ᠣᠶᠢᠯᠠᠭᠠᠭᠤᠯᠤᠨ᠎ᠠ᠃ ᠪᠥᠬᠦ | ᠰᠢᠶᠠᠨ ᠤ ᠡᠯ᠎ᠡ ᠰᠢᠶᠠᠩ ᠪᠠᠯᠭᠠᠰᠤ᠂ ᠤᠯᠤᠰ ᠤᠨ ᠠᠮᠤᠷ ᠲᠦᠪᠰᠢᠨ ᠤ ᠵᠥᠪᠯᠡᠯ ᠤᠨ ᠡᠯ᠎ᠡ ᠭᠡᠰᠢᠭᠦᠨ | ᠨᠢᠭᠡᠴᠡ ᠨᠦᠭᠦᠳ ︽ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ · ᠰᠢᠨ᠎ᠡ ᠶᠢ ᠡᠭᠦᠳᠬᠦ ᠪᠠᠷ ᠬᠥᠲᠥᠯᠦᠨ | ᠳᠠᠭᠠᠭᠤᠯᠤᠭᠰᠠᠨ 10 ᠵᠢᠯ ᠤᠨ ᠣᠶ︾ ᠭᠡᠬᠦ ᠭᠤᠤᠯ ᠰᠡᠳᠦᠪ ᠤᠨ ᠲᠣᠭᠤᠷᠢᠨ ᠳᠤ᠂ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠤᠯᠭ᠎ᠠ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠰᠤᠷᠭᠠᠭᠤᠯᠢ᠂ ᠠᠵᠤ ᠠᠬᠤᠶᠢᠯᠠᠯ᠂ ᠴᠡᠷᠢᠭ ᠤᠨ ᠬᠤᠸᠠᠷᠠᠨ᠂ ᠰᠦᠯᠵᠢᠶ᠎ᠡ ᠳᠤ ᠣᠷᠣᠭᠤᠯᠬᠤ ᠠᠵᠢᠯᠯᠠᠭ᠎ᠠ ᠶᠢ ᠵᠡᠷᠭᠡᠪᠡᠷ | ᠥᠷᠨᠢᠭᠦᠯᠪᠡ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |