4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠶᠠᠩ | ᠭᠤᠸᠠᠩ ᠨᠢᠭᠡᠳᠦᠭᠡᠷ ᠬᠤᠭᠤᠴᠠᠭᠠᠨ ᠤ ᠪᠠᠭ᠎ᠠ ᠲᠣᠭᠤᠷᠢᠭ᠂ ︽ᠬᠠᠯᠠᠭᠤᠨ ᠪᠦᠯᠢᠶᠡᠨ ᠢᠨᠵᠧᠨᠧᠷᠢᠩ︾ ᠤᠨ | ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠰᠢᠩ ᠬᠤᠸᠠ ᠨᠡᠶᠢᠭᠡᠮ ᠲᠣᠭᠤᠷᠢᠭ ᠲᠤ ᠬᠦᠷᠴᠦ᠂ ᠮᠠᠨ ᠤ ᠰᠢᠶᠠᠨ ᠤ ︽ | ᠬᠠᠯᠠᠭᠤᠨ ᠪᠦᠯᠢᠶᠡᠨ ᠢᠨᠵᠧᠨᠧᠷᠢᠩ︾᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ | ᠲᠠᠯᠠᠪᠠᠢ ᠶᠢᠨ ᠠᠯᠪᠠᠯᠠᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃ | ᠶᠠᠩ ᠭᠤᠸᠠᠩ ᠨᠢᠭᠡᠳᠦᠭᠡᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠪᠣᠯᠤᠨ ︽ᠬᠠᠯᠠᠭᠤᠨ | ᠪᠦᠯᠢᠶᠡᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠸᠠᠩ ᠬᠤᠢ ᠢᠦᠢ ᠪᠠᠷᠢᠯᠭ᠎ᠠ ᠶᠢᠨ | ᠲᠦᠢᠮᠣ ᠪᠠᠶᠢᠳᠠᠯ᠂ ᠠᠬᠢᠴᠠ ᠶᠢᠨ ᠲᠤᠬᠢᠷᠠᠭᠤᠯᠤᠯᠳᠠ ᠪᠣᠯᠤᠨ ᠪᠠᠷᠢᠯᠭ᠎ᠠ ᠳᠠᠭᠤᠰᠤᠭᠰᠠᠨ ᠴᠠᠭ ᠬᠤᠭᠤᠴᠠᠭ᠎ᠠ ᠶᠢ | ᠨᠠᠷᠢᠨ ᠯᠠᠪᠯᠠᠨ ᠠᠰᠠᠭᠤᠪᠠ᠃ ᠲᠡᠷᠡ᠂ ︽ᠬᠠᠯᠠᠭᠤᠨ ᠳᠤᠯᠠᠭᠠᠨ ᠤ ᠢᠨᠵᠧᠨᠧᠷᠢᠩ︾ ᠪᠣᠯ ᠤᠯᠠᠨ ᠲᠦᠮᠡᠨ ᠤ ᠠᠮᠢ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ | ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠨ ᠠᠳᠬᠤᠵᠤ᠂ | ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ᠂ ᠴᠢᠨᠠᠷ | ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ | ᠲᠦᠮᠡᠨ ᠤ ᠰᠠᠨᠠᠯ ᠢ ᠰᠢᠩᠭᠡᠭᠡᠨ ᠠᠪᠴᠤ᠂ ᠥᠩᠭᠡᠷᠡᠭᠰᠡᠨ ᠵᠢᠯ ᠤᠳ ᠤᠨ ᠤᠯᠠᠨ ᠲᠦᠮᠡᠨ ᠤ ᠲᠤᠰᠬᠠᠭᠰᠠᠨ | ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ | ᠬᠢᠵᠦ᠂ ᠪᠣᠳᠠᠲᠠᠶ ᠶᠠᠪᠤᠳᠠᠯ ᠢ ᠦᠨᠡᠨ ᠬᠦ ᠪᠣᠳᠠᠲᠠᠶ ᠪᠠᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ | ᠬᠥᠪᠴᠢ ᠶᠢ ᠴᠠᠭ ᠢᠮᠠᠭᠲᠠ ᠴᠢᠩᠭ᠎ᠠ ᠡᠵᠡᠮᠳᠡᠵᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠭᠡᠮ ᠰᠣᠭᠤᠭ ᠤᠨ | ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠰᠢᠩ ᠬᠤᠸᠠ ᠨᠡᠶᠢᠭᠡᠮ ᠲᠣᠭᠤᠷᠢᠭ ᠲᠤ᠂ ᠸᠠᠩ ᠬᠤᠢ ᠢᠦᠢ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠬᠢᠨ ᠤᠯᠤᠰ | ᠲᠦᠷᠦ ᠶᠢᠨ ᠴᠢᠳᠠᠪᠬᠢ ᠶᠢ ᠦᠷᠭᠦᠯᠵᠢᠯᠡᠨ ᠳᠤᠪᠤᠶᠢᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠢ ᠬᠦᠳᠦᠯᠦᠨ | ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ | ᠤᠬᠠᠮᠰᠠᠷ ᠢ ᠨᠢ ᠴᠢᠩᠭᠠᠳᠬᠠᠵᠤ᠂ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ︾ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾ ᠤ ᠤᠯᠤᠰ ᠲᠦᠷᠦ ᠶᠢᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ | ᠨᠡᠮᠡᠷᠢᠯᠡᠬᠦ ᠬᠡᠷᠡᠭᠲᠡᠢ᠃ ᠲᠡᠷᠡ᠂ ᠳᠡᠭᠡᠳᠦ ᠱᠠᠲᠤᠨ ᠠᠴᠠ ᠮᠢᠩᠭᠠᠨ ᠱᠤᠭᠤᠮ᠂ ᠦᠨᠳᠦᠰᠦᠨ ᠱᠠᠲᠤᠨ ᠳᠤ ᠨᠢᠭᠡ | ᠵᠡᠭᠦᠦ ᠲᠠᠯᠪᠢᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠱᠠᠳᠤ ᠱᠠᠳᠤ ᠪᠠᠷ ᠲᠤᠭ᠎ᠠ ᠨᠡᠮᠡᠬᠦ᠂ | ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠦᠨᠡᠨᠬᠦ ᠰᠤᠯᠠᠷᠠᠭᠤᠯᠵᠤ᠂ ᠦᠨᠳᠦᠰᠦᠨ | ᠱᠠᠲᠤᠨ ᠤ ᠺᠠᠳ᠋ᠷᠴᠤᠳ ᠲᠤ ᠨᠡᠩ ᠤᠯᠠᠨ ᠴᠠᠭ ᠭᠠᠷᠭᠠᠵᠤ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠢᠦᠢ ᠬᠤᠩ ᠯᠢᠶᠠᠩ᠂ ᠶᠤᠸᠠᠢ ᠯᠢᠶᠠᠩ᠂ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |