ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 10 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 15᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠡᡁᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 10 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 1 ᠳ᠋ᠦᠭᠡᠷ ᠤᠳᠠᠭ᠎ᠠ ᠶᠢᠨ ᠬᠤᠷᠠᠯ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦᠭᠡᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2024 ᠣᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ︽2024 ᠣᠨ ᠤ ᠰᠢᠩ ᠡᡁᠧ ᠰᠢᠶᠠᠨ ᠤ ᠨᠠᠮ ᠤᠨ  ᠬᠤᠷᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠭᠤᠣᠯᠳᠠᠯᠭ᠎ᠠ︾᠂ ︽2024 ᠣᠨ ᠤ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠭᠤᠣᠯᠳᠠᠯᠭ᠎ᠠ︾ ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠬᠤᠷᠢᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠦᠬᠦ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭ᠎ᠠ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠩᠭᠠᠳᠬᠠᠭᠰᠠᠨ ᠨᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ︽ᠲᠠᠪᠤᠨ ᠣᠳᠣᠬᠢᠴᠢᠯᠠᠯᠲᠠ︾᠎ ᠶᠢᠨ ᠥᠭᠡᠷᠡᠴᠢᠯᠡᠯᠲᠡ ᠪᠣᠯᠤᠨ ᠪᠢᠯᠢᠭ ᠲᠦᠢᠯ ᠤᠨ ᠮᠠᠲᠧᠷᠢᠶᠠᠯ ᠤᠨ ︽ᠲᠦᠷᠪᠡ ᠶᠢ ᠳᠡᠰ ᠳᠡᠪᠰᠢᠭᠦᠯᠬᠦ ᠠᠵᠢᠯᠯᠠᠭ᠎ᠠ︾᠎ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠤᠨ ᠥᠨᠳᠥᠷ ᠲᠦᠪᠰᠢᠨ ᠲᠠᠢ ᠨᠡᠭᠡᠭᠡᠯᠳᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠠᠮ ᠥᠩᠭᠡᠷᠡᠬᠦ ᠠᠵᠤ ᠠᠬᠤᠢ︾᠎ ᠶᠢᠨ ︽ᠪᠣᠳᠠᠲᠠᠶᠢᠵᠢᠭᠰᠠᠨ ᠠᠵᠤ ᠠᠬᠤᠢ︾ ᠲᠡᠰᠢ ᠬᠤᠪᠢᠷᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠲᠡᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠢ ᠰᠠᠶᠢᠲᠤᠷ ᠬᠢᠵᠦ᠂ ᠡᠩᠬᠡ ᠲᠠᠶᠢᠪᠤᠩ ᠢ ᠮᠠᠨᠳᠤᠭᠤᠯᠬᠤ ︽ᠪᠣᠬᠢᠷᠲᠤᠯ ᠦᠭᠡᠢ ᠰᠠᠭᠤᠷᠢ︾᠎ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠢᠯᠡ ᠲᠣᠳᠣ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠴᠥᠬᠦᠷᠡᠰᠢ ᠦᠭᠡᠢ ᠴᠡᠭᠴᠡᠯᠡᠨ ᠵᠠᠰᠠᠵᠤ᠂ ︽ᠪᠠᠭ᠎ᠠ ᠮᠣᠳᠣ ᠪᠠᠷ ᠮᠤᠷᠢᠨ ᠲᠡᠷᠭᠡ ᠲᠠᠲᠠᠬᠤ︾ ᠵᠡᠷᠭᠡ ᠳᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠥᠭᠡᠷᠡᠴᠢᠯᠡᠯᠲᠡ ᠶᠢᠨ ᠰᠡᠳᠬᠢᠬᠦᠢ ᠪᠠᠨ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾᠎ ᠢ ᠪᠦᠳᠦᠭᠡᠨ ᠪᠠᠶᠢᠭᠤᠯᠬᠤ ᠵᠡᠷᠭᠡ ᠭᠤᠣᠯ ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠤᠷᠰᠢᠯᠭ᠎ᠠ ᠠᠷᠭ᠎ᠠ ᠬᠢᠳᠡᠯ ᠢᠶᠠᠨ ᠢᠳᠡᠪᠬᠢᠲᠡᠢ ᠳ᠋ᠦᠩᠨᠡᠵᠦ᠂ ᠥᠭᠡᠷᠡᠴᠢᠯᠡᠯᠲᠡ ᠶᠢᠨ ᠬᠢᠯᠠᠰ ᠴᠡᠭ ᠤᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠦᠨᠡᠨᠬᠦ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠤ ᠳᠤᠬᠢᠷᠠᠭᠤᠯᠤᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠳᠤᠲᠠᠭᠤᠳᠠᠯ ᠢ ᠨᠥᠬᠦᠪᠥᠷᠢᠯᠡᠵᠦ ᠳᠠᠯᠳᠠ ᠬᠦᠴᠦᠨ ᠢ ᠠᠭᠤᠳᠠᠯᠵᠤ᠂ ᠭᠦᠢᠴᠡᠵᠦ ᠭᠦᠢᠴᠡᠨ ᠳᠠᠪᠠᠵᠤ ᠭᠠᠷᠬᠤ ᠪᠠᠷ ᠬᠦᠴᠦᠯᠡᠨ ᠴᠢᠷᠮᠠᠶᠢᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠪᠦᠳᠦᠬᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠳᠦᠬᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠬᠡᠯᠪᠡᠷᠢ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠰᠠᠶᠢᠨ ᠠᠵᠤ ᠠᠬᠤᠶᠢᠯᠠᠯ᠂ ᠰᠠᠶᠢᠨ ᠲᠦᠷᠦᠯ ᠵᠦᠢᠯ ᠢ ᠳᠠᠰᠤᠷᠠᠯᠳᠠ ᠦᠬᠡᠢ ᠳᠠᠳᠠᠨ ᠠᠪᠴᠢᠷᠠᠵᠤ ᠡᠩᠬᠡ ᠲᠠᠶᠢᠪᠤᠩ ᠢ ᠬᠥᠭᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠠᠳᠬᠤᠬᠤ︾ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠩ ᠥᠨᠳᠥᠷ ᠲᠦᠪᠰᠢᠨ ᠤ ᠠᠮᠤᠷ ᠠᠮᠤᠭᠤᠯᠠᠩ ᠡᠩᠬᠡ ᠲᠠᠶᠢᠪᠤᠩ᠂ ᠬᠠᠤᠯᠢᠵᠢᠯ ᠤᠨ ᠡᠩᠬᠡ ᠲᠠᠶᠢᠪᠤᠩ ᠢ ᠴᠢᠷᠮᠠᠶᠢᠨ ᠪᠠᠶᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃                                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3