ᠸᠠᠩ ᠬᠤᠢ ᠢᠦᠢ ᠮᠠᠨ ᠤ ᠰᠢᠶᠠᠨ ᠤ ︽ᠬᠠᠯᠠᠭᠤᠨ ᠳᠤᠯᠠᠭᠠᠨ ᠤ ᠢᠨᠵᠧᠨᠧᠷᠢᠩ︾᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/17
      4 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ ᠶᠠᠩ ᠭᠤᠸᠠᠩ ᠨᠢᠭᠡᠳᠦᠭᠡᠷ ᠬᠤᠭᠤᠴᠠᠭᠠᠨ ᠤ ᠪᠠᠭ᠎ᠠ ᠲᠣᠭᠤᠷᠢᠭ᠂ ︽ᠬᠠᠯᠠᠭᠤᠨ ᠪᠦᠯᠢᠶᠡᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠰᠢᠩ ᠬᠤᠸᠠ ᠨᠡᠶᠢᠭᠡᠮ ᠲᠣᠭᠤᠷᠢᠭ ᠲᠤ ᠬᠦᠷᠴᠦ᠂ ᠮᠠᠨ ᠤ ᠰᠢᠶᠠᠨ ᠤ ︽ᠬᠠᠯᠠᠭᠤᠨ ᠪᠦᠯᠢᠶᠡᠨ ᠢᠨᠵᠧᠨᠧᠷᠢᠩ︾᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃      ᠶᠠᠩ ᠭᠤᠸᠠᠩ ᠨᠢᠭᠡᠳᠦᠭᠡᠷ ᠬᠤᠭᠤᠴᠠᠭᠠᠨ ᠤ ᠰᠠᠭᠤᠭᠠᠯᠢ ᠠᠷᠠᠳ ᠤᠨ ᠲᠣᠭᠤᠷᠢᠭ ᠪᠣᠯᠤᠨ ︽ᠬᠠᠯᠠᠭᠤᠨ ᠪᠦᠯᠢᠶᠡᠨ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠸᠠᠩ ᠬᠤᠢ ᠢᠦᠢ ᠪᠠᠷᠢᠯᠭ᠎ᠠ ᠶᠢᠨ ᠲᠦᠢᠮᠣ ᠪᠠᠶᠢᠳᠠᠯ᠂ ᠠᠬᠢᠴᠠ ᠶᠢᠨ ᠲᠤᠬᠢᠷᠠᠭᠤᠯᠤᠯᠳᠠ ᠪᠣᠯᠤᠨ ᠪᠠᠷᠢᠯᠭ᠎ᠠ ᠳᠠᠭᠤᠰᠤᠭᠰᠠᠨ ᠴᠠᠭ ᠬᠤᠭᠤᠴᠠᠭ᠎ᠠ ᠶᠢ ᠨᠠᠷᠢᠨ ᠯᠠᠪᠯᠠᠨ ᠠᠰᠠᠭᠤᠪᠠ᠃ ᠲᠡᠷᠡ᠂ ︽ᠬᠠᠯᠠᠭᠤᠨ ᠳᠤᠯᠠᠭᠠᠨ ᠤ ᠢᠨᠵᠧᠨᠧᠷᠢᠩ︾ ᠪᠣᠯ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ ᠠᠮᠵᠢᠨ ᠠᠳᠬᠤᠵᠤ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠰᠠᠨᠠᠯ ᠢ ᠰᠢᠩᠭᠡᠭᠡᠨ ᠠᠪᠴᠤ᠂ ᠥᠩᠭᠡᠷᠡᠭᠰᠡᠨ ᠵᠢᠯ ᠤᠳ ᠤᠨ ᠤᠯᠠᠨ ᠲᠦᠮᠡᠨ ᠤ ᠲᠤᠰᠬᠠᠭᠰᠠᠨ ᠭᠤᠣᠯᠳᠠᠯᠭ᠎ᠠ ᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠦᠨᠡᠨ ᠬᠦ ᠪᠣᠳᠠᠲᠠᠶ ᠪᠠᠷ ᠬᠢᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠡᠵᠡᠮᠳᠡᠵᠦ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃      ᠰᠢᠩ ᠬᠤᠸᠠ ᠨᠡᠶᠢᠭᠡᠮ ᠲᠣᠭᠤᠷᠢᠭ ᠲᠤ᠂ ᠸᠠᠩ ᠬᠤᠢ ᠢᠦᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠬᠢᠨ ᠤᠯᠤᠰ ᠲᠦᠷᠦ ᠶᠢᠨ ᠴᠢᠳᠠᠪᠬᠢ ᠶᠢ ᠦᠷᠭᠦᠯᠵᠢᠯᠡᠨ ᠳᠤᠪᠤᠶᠢᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠨᠢ ᠴᠢᠩᠭᠠᠳᠬᠠᠵᠤ᠂ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠨᠢᠬᠤ︾ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠤᠯᠤᠰ ᠲᠦᠷᠦ ᠶᠢᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ᠃ ᠲᠡᠷᠡ᠂ ᠳᠡᠭᠡᠳᠦ ᠱᠠᠲᠤᠨ ᠠᠴᠠ ᠮᠢᠩᠭᠠᠨ ᠱᠤᠭᠤᠮ᠂ ᠦᠨᠳᠦᠰᠦᠨ ᠱᠠᠲᠤᠨ ᠳᠤ ᠨᠢᠭᠡ ᠵᠡᠭᠦᠦ ᠲᠠᠯᠪᠢᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠱᠠᠳᠤ ᠱᠠᠳᠤ ᠪᠠᠷ ᠲᠤᠭ᠎ᠠ ᠨᠡᠮᠡᠬᠦ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠦᠨᠡᠨᠬᠦ ᠰᠤᠯᠠᠷᠠᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠲᠤ ᠨᠡᠩ ᠤᠯᠠᠨ ᠴᠠᠭ ᠭᠠᠷᠭᠠᠵᠤ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠢᠦᠢ ᠬᠤᠩ ᠯᠢᠶᠠᠩ᠂ ᠶᠤᠸᠠᠢ ᠯᠢᠶᠠᠩ᠂ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                        ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ                        ᠤᠷᠴᠢᠭᠤᠯᠤᠭᠴᠢ᠄ ᠮᠥᠩᠭᠦᠨᠰᠤᠶᠢᠬᠡ                        ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3