4 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠩ ᠡᡁᠧ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 | ᠣᠨ ᠤ 10 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 1 ᠳ᠋ᠦᠭᠡᠷ ᠤᠳᠠᠭ᠎ᠠ ᠶᠢᠨ ᠬᠤᠷᠠᠯ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦᠭᠡᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ | ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 1 ᠳ᠋ᠦᠭᠡᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ 2024 ᠣᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ | ︽2024 ᠣᠨ ᠤ ᠰᠢᠩ ᠡᡁᠧ ᠰᠢᠶᠠᠨ ᠤ ᠨᠠᠮ ᠤᠨ ᠬᠤᠷᠢᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠭᠤᠣᠯᠳᠠᠯᠭ᠎ᠠ︾᠂ ︽2024 ᠣᠨ ᠤ ᠰᠢᠩ ᠡᡁᠧ ᠰᠢᠶᠠᠨ ᠤ | ᠨᠠᠮ ᠤᠨ ᠬᠤᠷᠢᠶ᠎ᠡ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠭᠤᠣᠯᠳᠠᠯᠭ᠎ᠠ︾ | ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠡᡁᠧ ᠰᠢᠶᠠᠨ ᠤ ᠬᠤᠷᠢᠶ᠎ᠡ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ︾ ᠵᠡᠷᠭᠡ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ᠂ ᠪᠦᠬᠦ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭ᠎ᠠ᠂ | ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ ᠴᠢᠩᠭᠠᠳᠬᠠᠭᠰᠠᠨ ᠨᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ | ᠪᠤᠶᠢᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ︽ᠲᠠᠪᠤᠨ | ᠣᠳᠣᠬᠢᠴᠢᠯᠠᠯᠲᠠ︾ ᠶᠢᠨ ᠥᠭᠡᠷᠡᠴᠢᠯᠡᠯᠲᠡ ᠪᠣᠯᠤᠨ ᠪᠢᠯᠢᠭ ᠲᠦᠢᠯ ᠤᠨ ᠮᠠᠲᠧᠷᠢᠶᠠᠯ ᠤᠨ ︽ᠲᠦᠷᠪᠡ ᠶᠢ ᠳᠡᠰ | ᠳᠡᠪᠰᠢᠭᠦᠯᠬᠦ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠦᠨ ᠳᠠᠪᠬᠤᠷᠭ᠎ᠠ ᠶᠢᠨ ᠥᠭᠡᠷᠡᠴᠢᠯᠡᠯᠲᠡ | ᠪᠣᠯᠤᠨ ᠥᠨᠳᠥᠷ ᠲᠦᠪᠰᠢᠨ ᠲᠠᠢ ᠨᠡᠭᠡᠭᠡᠯᠳᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠠᠮ ᠥᠩᠭᠡᠷᠡᠬᠦ | ᠠᠵᠤ ᠠᠬᠤᠢ︾ ᠶᠢᠨ ︽ᠪᠣᠳᠠᠲᠠᠶᠢᠵᠢᠭᠰᠠᠨ ᠠᠵᠤ ᠠᠬᠤᠢ︾ ᠲᠡᠰᠢ ᠬᠤᠪᠢᠷᠠᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ᠃ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠤᠳᠠ ᠶᠢᠨ ᠰᠠᠭᠤᠷᠢ | ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠲᠡᠰᠢ ᠤᠷᠲᠤᠳᠬᠠᠬᠤ ᠶᠢ | ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ | ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ ᠶᠢ | ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠴᠢᠨᠠᠷ ᠰᠠᠶᠢᠲᠠᠢ ᠰᠠᠶᠢᠲᠤᠷ ᠬᠢᠵᠦ᠂ ᠡᠩᠬᠡ ᠲᠠᠶᠢᠪᠤᠩ ᠢ ᠮᠠᠨᠳᠤᠭᠤᠯᠬᠤ ︽ᠪᠣᠬᠢᠷᠲᠤᠯ ᠦᠭᠡᠢ | ᠰᠠᠭᠤᠷᠢ︾ ᠶᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠤ᠂ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠦᠨᠳᠦᠰᠦᠨ ᠱᠠᠳᠤ ᠶᠢ | ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ︽ᠢᠯᠡ ᠲᠣᠳᠣ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠶᠢ ᠴᠥᠬᠦᠷᠡᠰᠢ ᠦᠭᠡᠢ ᠴᠡᠭᠴᠡᠯᠡᠨ ᠵᠠᠰᠠᠵᠤ᠂ ︽ᠪᠠᠭ᠎ᠠ ᠮᠣᠳᠣ ᠪᠠᠷ ᠮᠤᠷᠢᠨ ᠲᠡᠷᠭᠡ | ᠲᠠᠲᠠᠬᠤ︾ ᠵᠡᠷᠭᠡ ᠳᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠲᠠᠰᠤᠷᠠᠯᠲᠠ ᠦᠭᠡᠢ ᠬᠥᠭᠵᠢᠭᠡᠬᠦ | ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠬᠥᠲᠥᠯᠥᠨ | ᠬᠥᠮᠦᠵᠢᠭᠦᠯᠬᠦ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ | ᠡᠯ᠎ᠡ ᠲᠦᠷᠦᠯ ᠤᠨ ᠴᠢᠳᠠᠪᠤᠷᠢᠲᠠᠨ ᠢ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ | ᠬᠡᠷᠡᠭᠲᠡᠶ᠃ | ᠬᠤᠷᠠᠯ ᠠᠴᠠ ᠴᠢᠩᠭᠠᠳᠬᠠᠭᠰᠠᠨ ᠨᠢ᠂ ᠥᠭᠡᠷᠡᠴᠢᠯᠡᠯᠲᠡ ᠶᠢᠨ ᠰᠡᠳᠬᠢᠬᠦᠢ ᠪᠠᠨ ᠴᠢᠩᠭᠠᠳᠬᠠᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠵᠦ᠂ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠢ ᠪᠦᠳᠦᠭᠡᠨ ᠪᠠᠶᠢᠭᠤᠯᠬᠤ ᠵᠡᠷᠭᠡ ᠭᠤᠣᠯ | ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠰᠦᠪᠡᠭᠴᠢᠯᠡᠵᠦ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠲᠤᠷᠰᠢᠯᠭ᠎ᠠ ᠠᠷᠭ᠎ᠠ ᠬᠢᠳᠡᠯ ᠢᠶᠠᠨ ᠢᠳᠡᠪᠬᠢᠲᠡᠢ ᠳ᠋ᠦᠩᠨᠡᠵᠦ᠂ ᠥᠭᠡᠷᠡᠴᠢᠯᠡᠯᠲᠡ ᠶᠢᠨ ᠬᠢᠯᠠᠰ | ᠴᠡᠭ ᠤᠨ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠦᠨᠡᠨᠬᠦ ᠬᠥᠭᠵᠢᠯᠲᠡ ᠶᠢᠨ | ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠤ ᠳᠤᠬᠢᠷᠠᠭᠤᠯᠤᠯᠳᠠ ᠶᠢ | ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠳᠤᠲᠠᠭᠤᠳᠠᠯ ᠢ ᠨᠥᠬᠦᠪᠥᠷᠢᠯᠡᠵᠦ ᠳᠠᠯᠳᠠ | ᠬᠦᠴᠦᠨ ᠢ ᠠᠭᠤᠳᠠᠯᠵᠤ᠂ ᠭᠦᠢᠴᠡᠵᠦ ᠭᠦᠢᠴᠡᠨ ᠳᠠᠪᠠᠵᠤ ᠭᠠᠷᠬᠤ ᠪᠠᠷ ᠬᠦᠴᠦᠯᠡᠨ ᠴᠢᠷᠮᠠᠶᠢᠵᠤ᠂ ᠪᠦᠬᠦ ᠵᠢᠯ ᠤᠨ | ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠭᠠᠷᠳᠠᠮ ᠢ | ᠭᠦᠢᠴᠡᠳᠬᠡᠬᠦ ᠪᠠ ᠪᠦᠳᠦᠬᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ | ᠪᠦᠳᠦᠬᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠬᠡᠯᠪᠡᠷᠢ ᠪᠠᠷ ᠠᠷᠠᠯᠵᠢᠶᠠᠴᠢᠨ ᠤᠷᠢᠬᠤ ᠶᠢ ᠶᠡᠬᠡᠪᠡᠷ | ᠥᠷᠨᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ | ᠰᠠᠶᠢᠨ ᠠᠵᠤ ᠠᠬᠤᠶᠢᠯᠠᠯ᠂ ᠰᠠᠶᠢᠨ ᠲᠦᠷᠦᠯ ᠵᠦᠢᠯ ᠢ ᠳᠠᠰᠤᠷᠠᠯᠳᠠ ᠦᠬᠡᠢ ᠳᠠᠳᠠᠨ ᠠᠪᠴᠢᠷᠠᠵᠤ ᠡᠩᠬᠡ ᠲᠠᠶᠢᠪᠤᠩ ᠢ | ᠬᠥᠭᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ | ᠠᠳᠬᠤᠬᠤ︾ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠵᠤ᠂ | ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠬᠤᠷᠠᠯ ᠠᠴᠠ ᠴᠢᠩᠭᠠᠳᠬᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ | ᠰᠢᠢᠳᠪᠦᠷᠢᠯᠡᠬᠦ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ | ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠥᠷᠢᠴᠡᠯ | ᠵᠢᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ | ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ | ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠬᠦ ᠪᠣᠭᠤᠮᠲᠠ ᠰᠢᠪᠲᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠩ ᠥᠨᠳᠥᠷ ᠲᠦᠪᠰᠢᠨ ᠤ | ᠠᠮᠤᠷ ᠠᠮᠤᠭᠤᠯᠠᠩ ᠡᠩᠬᠡ ᠲᠠᠶᠢᠪᠤᠩ᠂ ᠬᠠᠤᠯᠢᠵᠢᠯ ᠤᠨ ᠡᠩᠬᠡ ᠲᠠᠶᠢᠪᠤᠩ ᠢ ᠴᠢᠷᠮᠠᠶᠢᠨ ᠪᠠᠶᠢᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |