ᠰᠢᠩ ᠾᠧ ᠰᠢᠶᠠᠨ᠄ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠢ ᠰᠡᠷᠭᠡᠶᠢᠯᠡᠵᠦ᠂ ᠵᠠᠯᠠᠭᠤ ᠨᠠᠰᠤ ᠪᠠᠨ ᠰᠠᠶᠢᠨ ᠰᠠᠶᠢᠬᠠᠨ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/18
     ᠭᠤᠣᠯ ᠤᠷᠤᠰᠬᠠᠯ ᠤᠨ ᠦᠷᠳᠡᠭ ᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠤᠬᠠᠮᠰᠠᠷ ᠵᠢᠴᠢ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠤᠨ ᠬᠡᠷᠡᠭ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠰᠢᠩ ᠡᡁᠧ ᠰᠢᠶᠠᠨ ᠤ ᠡᠯ᠎ᠡ ᠰᠤᠷᠭᠠᠭᠤᠯᠢ ᠶᠢᠨ ᠬᠢᠨ ︽ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠤᠷᠢᠳᠴᠢᠯᠠᠨ ᠰᠡᠷᠭᠡᠶᠢᠯᠡᠬᠦ︾᠎ ᠪᠠᠷ ᠭᠤᠣᠯ ᠰᠡᠳᠦᠪ ᠪᠣᠯᠭᠠᠭᠰᠠᠨ ᠤᠯᠠᠨ ᠵᠦᠢᠯ ᠤᠨ ᠬᠥᠮᠦᠵᠢᠯ ᠤᠨ ᠠᠵᠢᠯᠯᠠᠭ᠎ᠠ ᠶᠢ ᠤᠯᠠᠨ ᠤᠳᠠᠭ᠎ᠠ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠩᠬᠠᠷᠴᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠪᠠ᠃      ᠭᠤᠤᠯ ᠰᠡᠳᠦᠪᠲᠦ ᠠᠩᠭᠢ ᠶᠢᠨ ᠬᠤᠷᠠᠯ ᠳᠡᠭᠡᠷ᠎ᠡ᠂ ᠡᠯ᠎ᠡ ᠠᠩᠭᠢ ᠶᠢᠨ ᠡᠷᠬᠢᠯᠡᠭᠴᠢ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠲᠤᠬᠠᠶ ᠪᠠᠶᠢᠩᠭᠤ ᠲᠣᠬᠢᠶᠠᠯᠳᠤᠬᠤ ᠬᠡᠯᠪᠡᠷᠢ ᠶᠢ ᠲᠦᠭᠡᠮᠡᠯᠵᠢᠭᠦᠯᠵᠦ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠬᠢᠷᠠᠯ ᠠᠮᠰᠠᠭᠴᠢᠳ ᠲᠤ ᠤᠴᠠᠷᠠᠭᠤᠯᠤᠭᠰᠠᠨ ᠬᠤᠤᠷ ᠬᠥᠨᠥᠭᠡᠯ ᠵᠢᠴᠢ ᠳᠣᠷᠣᠮᠵᠢᠯᠠᠭᠴᠢᠳ ᠤᠨ ᠬᠦᠯᠢᠶᠡᠬᠦ ᠬᠠᠤᠯᠢ ᠴᠠᠭᠠᠵᠠ ᠶᠢᠨ ᠦᠷ᠎ᠡ ᠳ᠋ᠦᠩ ᠢ ᠭᠦᠨᠵᠡᠭᠡᠶ ᠲᠠᠨᠢᠭᠤᠯᠤᠭᠰᠠᠨ ᠪᠠᠶᠢᠨ᠎ᠠ᠃ ᠰᠤᠷᠤᠭᠴᠢᠳ ᠢ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠳᠣᠷᠣᠮᠵᠢᠯᠠᠯ ᠤᠨ ᠦᠶ᠋ᠯᠡ ᠠᠵᠢᠯᠯᠠᠭ᠎ᠠ ᠲᠣᠬᠢᠶᠠᠯᠳᠤᠪᠠᠯ ᠴᠠᠭ ᠲᠤᠬᠠᠶ ᠳᠤᠨᠢ ᠪᠠᠭᠰᠢ᠂ ᠬᠡᠷ ᠤᠨ ᠠᠬᠠᠮᠠᠳ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠠᠩᠬᠢ ᠶᠢᠨ ᠡᠷᠬᠢᠯᠡᠭᠴᠢ ᠪᠠᠰᠠ ᠰᠤᠷᠤᠭᠴᠢᠳ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ᠨᠡᠩ ᠤᠯᠠᠨ ᠤᠶᠤᠨ ᠴᠢᠳᠠᠯ ᠢᠶᠠᠨ ᠰᠤᠷᠤᠯᠴᠠᠯᠭ᠎ᠠ ᠪᠠ ᠠᠮᠢᠳᠤᠷᠠᠯ ᠳᠤ ᠵᠣᠷᠢᠭᠤᠯᠵᠤ᠂ ᠳᠡᠷᠭᠡᠳᠡᠬᠢ ᠬᠠᠮᠲᠤ ᠰᠤᠷᠤᠭᠴᠢᠳ ᠢᠶᠠᠨ ᠬᠠᠯᠠᠮᠵᠢᠯᠠᠨ ᠬᠠᠪᠰᠤᠷᠴᠤ᠂ ᠨᠥᠬᠦᠷᠰᠡᠭ᠂ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠪᠠ᠃      ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠭ᠎ᠠ ᠲᠣᠰ ᠤᠳᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠤᠭᠰᠠᠨ ᠪᠥᠭᠡᠳ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠪᠠ ᠠᠷᠭᠠᠴᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠬᠠᠮᠲᠤ ᠰᠤᠷᠤᠭᠴᠢᠳ ᠬᠤᠭᠤᠷᠣᠨᠳᠣ ᠪᠠᠨ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠪᠠᠭᠲᠠᠭᠠᠵᠤ᠂ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠳᠤᠮᠳᠠ ᠪᠠᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠲᠡᠪᠴᠢᠵᠦ᠂ ᠡᠷᠡᠭᠦᠯ ᠴᠢᠭᠢᠷᠠᠭ᠂ ᠨᠥᠬᠦᠷᠰᠡᠭ᠂ ᠪᠣᠯᠪᠠᠰᠤᠨ᠂ ᠨᠡᠷᠡᠨ ᠤ ᠬᠡᠷᠡᠯ ᠲᠠᠢ ᠰᠠᠶᠢᠨ ᠪᠠᠭᠠᠴᠤᠳ ᠪᠣᠯᠬᠤ ᠪᠠᠷ ᠴᠢᠷᠮᠠᠶᠢᠪᠠᠯ ᠵᠣᠬᠢᠨ᠎ᠠ ᠭᠡᠵᠦ ᠢᠯᠡᠳᠬᠡᠵᠡᠭᠡᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3