ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠲᠤ ᠬᠦᠷᠦᠭᠰᠡᠨ ᠰᠢᠩ ᠡᡁᠧ ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠲᠣᠭᠲᠠᠮᠠᠯ ᠭᠥᠶᠥᠳᠡᠯᠳᠦ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠲᠡᠮᠦᠷ ᠤᠨ ᠬᠠᠶᠢᠯᠤᠰᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦᠯ ᠵᠦᠢᠯ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠲᠤ ᠬᠦᠷᠦᠭᠰᠡᠨ ᠰᠢᠩ ᠡᡁᠧ ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠲᠣᠭᠲᠠᠮᠠᠯ ᠭᠥᠶᠥᠳᠡᠯᠳᠦ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠲᠡᠮᠦᠷ ᠤᠨ ᠬᠠᠶᠢᠯᠤᠰᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦᠯ ᠵᠦᠢᠯ ᠵᠢᠩᠬᠢᠨᠢ ᠪᠠᠷ ᠠᠵᠢᠯ ᠡᠬᠢᠯᠡᠪᠡ᠃      ᠳᠤᠮᠳᠠᠳᠤ ᠤᠯᠤᠰ ᠤᠨ ᠲᠡᠮᠦᠷ ᠤᠨ ᠬᠠᠶᠢᠯᠤᠰᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠱᠢ ᠸᠠᠨ ᠯᠢ᠂ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠠᠨ ᠸᠧᠨ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠸᠠᠩ ᠬᠤᠢ ᠢᠦᠢ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠡᠷᠬᠢᠯᠡᠭᠴᠢ ᠵᠤᠤ ᠷᠦᠢ ᠵᠡᠷᠭᠡ ᠤᠳᠤᠷᠢᠳᠤᠯᠭ᠎ᠠ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      ᠰᠢᠩ ᠡᡁᠧ ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︽ᠳᠤᠮᠳᠠᠳᠤ ᠤᠯᠤᠰ ᠤᠨ ᠲᠣᠭᠲᠠᠮᠠᠯ ᠭᠥᠶᠥᠳᠡᠯᠳᠦ ᠲᠡᠮᠦᠷᠯᠢᠭ ᠪᠣᠯᠪᠠᠰᠤᠷᠠᠭᠤᠯᠬᠤ ᠲᠡᠮᠦᠷ ᠤᠨ ᠬᠠᠶᠢᠯᠤᠰᠢ ᠶᠢᠨ ᠵᠢᠱᠢᠶ᠎ᠡ ᠦᠵᠡᠭᠦᠯᠬᠦ ᠦᠢᠯᠡᠳᠪᠦᠷᠢᠯᠡᠯ ᠤᠨ ᠰᠠᠭᠤᠷᠢᠨ︾ ᠪᠣᠯᠤᠨ ︽ᠪᠣᠬᠢᠷᠲᠤᠯ ᠦᠭᠡᠢ ᠡᠨᠧᠷᠭᠢ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ︾ ᠢ ᠪᠠᠶᠢᠭᠤᠯᠬᠤ ᠪᠠᠷ ᠴᠢᠷᠮᠠᠶᠢᠨ᠎ᠠ᠃      ᠲᠣᠰ ᠤᠳᠠᠭ᠎ᠠ ᠰᠢᠨ᠎ᠡ ᠡᠨᠧᠷᠭᠢ ᠶᠢᠨ ᠲᠣᠭᠲᠠᠮᠠᠯ ᠭᠥᠶᠥᠳᠡᠯᠳᠦ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠲᠡᠮᠦᠷ ᠤᠨ ᠬᠠᠶᠢᠯᠤᠰᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ 12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠩ ᠾᠧ ᠰᠢᠶᠠᠨ ᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ C ᠲᠣᠭᠤᠷᠢᠭ ᠲᠤ ᠪᠠᠶᠢᠷᠢᠯᠠᠭᠤᠯᠤᠨ᠂ 500 ᠮᠥ ᠭᠠᠵᠠᠷ ᠡᠵᠡᠯᠡᠵᠦ᠂ 32000KVA ᠴᠠᠬᠢᠭᠤᠷ ᠮᠠᠩᠭᠠᠨ ᠲᠡᠮᠦᠷ ᠤᠨ ᠬᠠᠶᠢᠯᠤᠰᠢ ᠶᠢᠨ ᠲᠣᠭᠲᠠᠮᠠᠯ ᠭᠥᠶᠥᠳᠡᠯᠳᠦ ᠠᠭᠤᠷᠬᠠᠶ ᠶᠢᠨ ᠢᠯᠴᠢ ᠶᠢᠨ ᠵᠤᠤᠬ᠎ᠠ ᠵᠢᠴᠢ ᠬᠠᠮᠢᠶ᠎ᠠ ᠪᠥᠬᠦᠶ ᠳᠠᠭᠠᠯᠲᠠ ᠲᠥᠬᠦᠭᠡᠷᠦᠮᠵᠢ ᠶᠢᠨ ᠲᠥᠬᠦᠭᠡᠷᠦᠮᠵᠢ ᠶᠢ 6 ᠪᠠᠶᠢᠭᠤᠯᠤᠨ᠎ᠠ᠃      ᠲᠥᠷᠥᠯ ᠵᠦᠢᠯ ᠳᠤ ᠪᠣᠬᠢᠷᠲᠤᠯ ᠥᠬᠡᠶ ᠡᠨᠧᠷᠭᠢ ᠶᠢ ᠭᠦᠶ᠋ᠴᠡᠳ ᠠᠰᠢᠭᠯᠠᠵᠤ᠂  ᠴᠤ᠋ ᠰᠢᠨ᠎ᠡ ᠲᠣᠭᠲᠠᠮᠠᠯ ᠭᠥᠶᠥᠳᠡᠯᠳᠦ ᠮᠡᠷᠭᠡᠵᠢᠯ ᠢ ᠬᠡᠷᠡᠭᠯᠡᠨ᠂ ᠤᠯᠠᠮᠵᠢᠯᠠᠯᠲᠤ ᠲᠡᠮᠦᠷᠯᠢᠭ ᠪᠣᠯᠪᠠᠰᠤᠷᠠᠭᠤᠯᠬᠤ ᠤᠷᠠᠯᠠᠯ ᠢ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠶᠢ ᠪᠡᠶᠡᠯᠡᠭᠦᠯᠵᠦ᠂ ᠡᠨᠧᠷᠭᠢ ᠶᠢ ᠠᠷᠪᠢᠯᠠᠵᠤ ᠪᠣᠬᠢᠷᠲᠤᠯ ᠢ ᠪᠠᠭᠠᠰᠬᠠᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ ᠴᠠᠬᠢᠭᠤᠷ ᠮᠠᠩᠭᠠᠨ ᠤ ᠬᠠᠶᠢᠯᠤᠰᠢ ᠶᠢ ᠪᠠᠭᠲᠠᠭᠠᠭᠰᠠᠨ ᠣᠨᠴᠠ ᠲᠥᠷᠥᠯ ᠤᠨ ᠬᠠᠶᠢᠯᠤᠰᠢ ᠶᠢ 42 ᠲᠦᠮᠡᠨ ᠲᠣᠨ ᠠᠴᠠ ᠳᠡᠭᠡᠭᠰᠢ ᠦᠢᠯᠡᠳᠪᠦᠷᠢᠯᠡᠬᠦ ᠦᠢᠯᠡᠳᠪᠦᠷᠢᠯᠡᠯ ᠤᠨ ᠬᠡᠪᠴᠢᠶ᠎ᠡ ᠶᠢ ᠪᠣᠶ ᠪᠣᠯᠭᠠᠵᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 35 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠶᠢ 5 ᠳ᠋ᠦᠩᠰᠢᠭᠤᠷ ᠲᠥᠭᠦᠷᠢᠭ ᠪᠡᠶᠡᠯᠡᠭᠦᠯᠬᠦ ᠶᠢᠨ ᠬᠠᠮᠲᠤ 500 ᠬᠥᠮᠦᠨ ᠳᠤ ᠠᠵᠢᠯ ᠣᠯᠭᠤᠨ᠎ᠠ᠃      ᠳᠤᠮᠳᠠᠳᠤ ᠤᠯᠤᠰ ᠤᠨ ᠲᠡᠮᠦᠷ ᠤᠨ ᠬᠠᠶᠢᠯᠤᠰᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠱᠢ ᠸᠠᠨ ᠯᠢ ᠪᠠᠶᠠᠷ ᠤᠨ ᠦᠭᠡ ᠳᠡᠭᠡᠨ᠄ ᠰᠠᠨ ᠮᠧᠢ ᠺᠣᠮᠫᠠᠨᠢ ᠤᠯᠠᠨ ᠵᠢᠯ ᠤᠨ ᠲᠤᠷᠰᠢ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠳᠤ ᠠᠵᠢᠯᠯᠠᠭᠰᠠᠭᠠᠷ ᠢᠷᠡᠵᠠᠢ᠂ ᠣᠨᠴᠠ ᠲᠦᠷᠦᠯ ᠤᠨ ᠬᠠᠶᠢᠯᠤᠰᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠠᠩᠭᠠᠨ ᠴᠠᠬᠢᠭᠤᠷ ᠤᠨ ᠠᠵᠤ ᠠᠬᠤᠶᠢᠯᠠᠯ ᠤᠨ ᠲᠠᠭᠠᠭᠤᠯᠤᠬᠴᠢ᠂ ᠠᠵᠢᠯ ᠲᠦᠷᠦᠯ ᠤᠨ ᠪᠠᠷᠢᠮᠵᠢᠶ᠎ᠠ ᠶᠢ ᠲᠤᠭᠤᠷᠪᠢᠭᠴᠢ ᠪᠣᠯᠤᠨ᠎ᠠ᠃ ᠰᠠᠨ ᠮᠧᠶ ᠺᠣᠮᠫᠠᠨᠢ ᠶᠢᠨ ᠬᠡᠷᠡᠭᠯᠡᠭᠰᠡᠨ ᠣᠯᠠᠨ ᠴᠠᠬᠢᠯᠭᠠᠨ ᠲᠦᠢᠯ ᠤᠨ ᠲᠣᠭᠲᠠᠮᠠᠯ ᠭᠥᠶᠥᠳᠡᠯᠳᠦ ᠲᠡᠮᠦᠷᠯᠢᠭ ᠪᠣᠯᠪᠠᠰᠤᠷᠠᠭᠤᠯᠬᠤ ᠤᠷ᠎ᠠ ᠮᠡᠷᠭᠡᠵᠢᠯ ᠨᠢ ᠬᠤᠪᠢᠰᠤᠮᠠᠯ ᠭᠦ᠋ᠶᠦᠳᠡᠯ ᠤᠨ ᠵᠤᠤᠬ᠎ᠠ ᠶᠢᠨ ᠤᠷ᠎ᠠ ᠮᠡᠷᠭᠡᠵᠢᠯ ᠤᠨ ᠬᠡᠰᠡᠭ ᠣᠨᠣᠯ ᠤᠨ ᠪᠣᠳᠣᠯᠭ᠎ᠠ ᠶᠢᠨ ᠦᠨᠳᠦᠰᠦᠯᠡᠯ ᠢ ᠥᠭᠡᠷᠡᠴᠢᠯᠡᠵᠦ᠂ ᠬᠤᠪᠢᠰᠬᠠᠯ ᠤᠨ ᠴᠢᠨᠠᠷᠲᠠᠶ ᠳᠠᠪᠰᠢᠯᠲᠠ ᠶᠢ ᠪᠡᠶᠡᠯᠡᠭᠦᠯᠦᠭᠰᠡᠨ ᠪᠠᠶᠢᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠲᠣᠭᠲᠠᠮᠠᠯ ᠭᠥᠶᠥᠳᠡᠯᠳᠦ ᠲᠡᠮᠦᠷᠯᠢᠭ ᠪᠣᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠦᠢᠯᠡᠳᠨᠦᠷᠢᠯᠡᠺ ᠤᠨ ᠰᠠᠭᠤᠷᠢᠨ ᠭᠠᠵᠠᠷ᠂ ᠨᠣᠭᠤᠭᠠᠨ ᠴᠠᠬᠢᠯᠭᠠᠨ ᠤ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠵᠣ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠪᠠ ᠰᠢᠨ᠎ᠡ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠬᠡᠯᠪᠡᠷᠢ ᠶᠢᠨ ᠠᠵᠤ ᠠᠬᠤᠶᠢᠯᠠᠯ ᠪᠣᠯᠬᠤ ᠪᠣᠯᠤᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠣᠷᠳᠣᠨ ᠤ ᠳᠠᠷᠤᠭ᠎ᠠ ᠯᠢ ᠺᠠᠶ ᠳ᠋ᠦᠩ ᠪᠠᠶᠠᠷ ᠤᠨ ᠦᠭᠡ ᠳᠡᠭᠡᠨ᠄ ᠰᠢᠩ ᠾᠧ ᠰᠠᠨ ᠮᠧᠶ ᠪᠣᠬᠢᠷᠲᠤᠯ ᠦᠭᠡᠶ ᠬᠥᠭᠵᠢᠭᠦᠯᠦᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠲᠣᠭᠲᠠᠮᠠᠯ ᠭᠥᠶᠥᠳᠡᠯᠳᠦ ᠠᠭᠤᠷᠬᠠᠶ ᠶᠢᠨ ᠢᠯᠴᠢ ᠶᠢᠨ ᠵᠤᠤᠬ᠎ᠠ ᠶᠢᠨ ᠲᠡᠮᠦᠷ ᠤᠨ ᠬᠠᠶᠢᠯᠤᠰᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠥᠷᠥᠯ ᠵᠦᠢᠯ ᠢ ᠠᠵᠢᠯ ᠡᠬᠢᠯᠡᠭᠦᠯᠵᠦ᠂ ᠰᠢᠩ ᠾᠧ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠭᠡ ᠪᠠᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠳᠬᠤᠭᠰᠠᠨ ᠤ ᠴᠢᠬᠤᠯᠠ ᠢᠯᠡᠷᠡᠯ ᠮᠥᠨ᠂ ᠮᠥᠨ ᠴᠦ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠥᠪᠥᠷ ᠮᠣᠩᠭᠤᠯ ᠢ ᠲᠠᠬᠢᠨ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠲᠦᠷᠭᠡᠨ ᠨᠠᠶᠢᠳᠠᠪᠤᠷᠢᠵᠢᠭᠤᠯᠬᠤ ᠨᠢ ᠰᠢᠩ ᠡᡁᠧ ᠰᠢᠶᠠᠨ ᠤ ᠠᠵᠤ ᠦᠢᠯᠡᠰ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠯᠠᠪᠳᠠᠶ᠎ᠠ ᠪᠦᠬᠦ ᠰᠢᠶᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠥᠷᠨᠢᠯᠲᠡ ᠭᠠᠷᠭᠠᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠪᠣᠯ ᠢᠮᠠᠭᠲᠠ ᠰᠢᠩ ᠾᠧ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ︽ᠰᠠᠭᠤᠷᠢ ᠴᠢᠯᠠᠭᠤ︾ ᠮᠥᠨ᠂ ᠨᠠᠩ ᠴᠤ ᠣᠳᠣᠬᠢᠴᠢᠯᠠᠯᠲᠠ ᠪᠠ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ︽ᠠᠯᠲᠠᠨ ᠲᠦᠯᠬᠢᠭᠦᠷ︾ ᠮᠥᠨ᠃ ᠪᠦᠬᠦ ᠰᠢᠶᠠᠨ ᠢᠶᠠᠷ ᠢᠶᠠᠨ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠪᠠᠷᠢᠯᠭ᠎ᠠ ᠶᠢᠨ ᠭᠠᠵᠠᠷ ᠪᠣᠯ ᠳᠠᠷᠤᠢ ᠵᠢᠭᠰᠠᠭᠠᠯ ᠤᠨ ᠭᠠᠵᠠᠷ᠂ ᠲᠤᠬᠠᠢ ᠶᠢᠨ ᠭᠠᠵᠠᠷ ᠪᠣᠯ ᠳᠠᠷᠤᠢ ᠰᠢᠯᠭᠠᠯᠲᠠ ᠶᠢᠨ ᠲᠠᠯᠠᠪᠤᠷ᠂ ᠠᠬᠢᠴᠠ ᠪᠣᠯ ᠳᠠᠷᠤᠢ ᠬᠡᠮᠵᠢᠭᠦᠷ ᠪᠣᠯᠬᠤ ᠶᠢ ᠪᠠᠷᠢᠮᠲᠠᠯᠠᠵᠤ᠂ ᠠᠯᠢᠪᠠ ᠪᠦᠬᠦᠨ ᠲᠦᠷᠦᠯ ᠵᠦᠢᠯ ᠢ ᠲᠣᠭᠤᠷᠢᠨ ᠡᠷᠭᠢᠯᠳᠦᠵᠦ᠂ ᠲᠦᠷᠦᠯ ᠵᠦᠢᠯ ᠢ ᠴᠢᠩᠭ᠎ᠠ ᠠᠩᠬᠠᠷᠴᠤ᠂ ᠴᠢᠩᠭ᠎ᠠ ᠱᠠᠭᠠᠷᠳᠠᠯᠭ᠎ᠠ᠂ ᠪᠣᠳᠠᠲᠠᠢ ᠰᠤᠷᠲᠠᠯ᠂ ᠰᠢᠯᠢᠳᠡᠭ ᠦᠢᠯᠡᠴᠢᠯᠡᠭᠡ ᠪᠠᠷ᠂ ᠴᠢᠩᠭ᠎ᠠ ᠱᠠᠭᠠᠷᠳᠠᠯᠭ᠎ᠠ᠂ ᠪᠣᠳᠠᠲᠠᠢ ᠰᠤᠷᠲᠠᠯ᠂ ᠰᠠᠶᠢᠨ ᠦᠢᠯᠡᠴᠢᠯᠡᠭᠡ ᠪᠠᠷ᠂ ᠰᠠᠶᠢᠨ ᠳᠠᠭᠤᠳᠠᠪᠠᠯ ᠵᠠᠪᠠᠯ ᠬᠦᠯᠢᠶᠡᠬᠦ᠂ ᠤᠴᠢᠷ ᠶᠠᠪᠤᠳᠠᠯ ᠪᠦᠬᠦᠨ ᠢ ᠬᠠᠷᠰᠢᠯᠠᠬᠤ ᠦᠭᠡᠢ ︽ᠳᠡᠯᠭᠡᠭᠦᠷ ᠤᠨ ᠪᠠᠭᠰᠢ︾ ᠪᠣᠯᠤᠨ ︽ᠦᠢᠯᠡᠴᠢᠯᠡᠭᠴᠢ︾ ᠪᠤᠯᠵᠤ᠂ ︽ᠰᠡᠳᠬᠢᠯ ᠢᠶᠠᠨ ᠮᠡᠳᠡᠯᠴᠡᠬᠦ︾ ᠪᠠᠲᠤᠯᠠᠭ᠎ᠠ ᠪᠣᠯᠤᠨ ︽ᠦᠨᠡᠨ ᠪᠣᠳᠠᠲᠠᠢ︾ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠯᠬᠢ ᠪᠣᠷᠣᠭᠠᠨ ᠢ ᠬᠠᠯᠬᠠᠯᠠᠵᠤ᠂ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3