ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ ᠤᠨ ᠠᠷᠪᠠᠨ ᠲᠠᠪᠤᠳᠤᠭᠠᠷ ᠬᠤᠭᠤᠴᠠᠭᠠᠨ ᠤ ᠰᠢᠩ ᠾᠧ ᠰᠢᠶᠠᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/4/19
     ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2023 ᠣᠨ ᠤ 8 ᠰᠠᠷ᠎ᠠ ᠶᠢᠨ 7᠎ ᠤ ᠡᠳᠦᠷ ᠠᠴᠠ 10 ᠰᠠᠷ᠎ᠠ ᠶᠢᠨ 31᠎ ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠯᠠᠭᠠᠨ ᠵᠠᠭᠠᠯᠮᠠᠶᠢᠲᠠᠨ ᠤ ᠠᠵᠢᠯ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠪᠡ᠃ 12 ᠰᠠᠷ᠎ᠠ ᠶᠢᠨ 27᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ ᠲᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠲᠣᠭᠤᠷᠢᠨ ᠪᠠᠶᠢᠴᠠᠭᠠᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠡᠳᠦᠭᠡ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠨᠡᠶᠢᠲᠡᠯᠡᠪᠡ᠃      ᠨᠢᠭᠡ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠨᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠨᠢ ᠵᠥᠷᠢᠶ᠎ᠡ ᠲᠠᠢ ᠪᠠᠶᠢᠨ᠎ᠠ      1. ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠳᠤ ᠵᠥᠪᠬᠡᠨ ᠤᠨᠤᠯ ᠤᠨ ᠰᠤᠷᠤᠯᠴᠠᠯᠭ᠎ᠠ ᠳᠡᠭᠡᠷ᠎ᠡ ᠵᠣᠭᠰᠣᠵᠤ᠂ ᠰᠤᠷᠴᠤ ᠬᠡᠷᠡᠭᠯᠡᠬᠦ ᠶᠢ ᠤᠶᠠᠯᠳᠤᠭᠤᠯᠤᠭᠰᠠᠨ ᠢᠶᠠᠷ ᠲᠡᠶᠢᠮᠦ ᠨᠢᠭᠲᠠ ᠪᠢᠰᠢ᠂ ᠤᠨᠤᠯ ᠤᠨ ᠰᠤᠳᠤᠯᠭᠠᠨ ᠨᠢ ᠭᠦᠨᠵᠡᠭᠡᠢ ᠪᠢᠰᠢ᠂ ᠣᠨᠴᠠ ᠵᠠᠷᠢᠮ ᠰᠣᠯᠢᠯᠴᠠᠭᠠᠨ ᠤ ᠰᠤᠳᠤᠯᠤᠨ ᠶᠠᠷᠢᠯᠴᠠᠬᠤ ᠮᠠᠲ᠋ᠧᠷᠢᠶᠠᠯ ᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠣᠳᠠᠲᠠᠢ ᠠᠵᠢᠯ ᠲᠠᠢ ᠤᠶᠠᠯᠳᠤᠭᠤᠯᠤᠭᠰᠠᠨ ᠦᠭᠡᠢ ᠪᠥᠭᠡᠳ ᠪᠣᠳᠠᠲᠠᠢ ᠰᠡᠳᠬᠢᠮᠵᠢ ᠪᠠ ᠠᠷᠭ᠎ᠠ ᠬᠡᠮᠵᠢᠶ᠎ᠡ ᠶᠢ ᠰᠤᠳᠤᠯᠤᠨ ᠲᠥᠯᠥᠪᠯᠡᠭᠰᠡᠨ ᠦᠭᠡᠢ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠭᠠᠷᠠᠭ ᠤᠨ ᠲᠠᠪᠤᠨ ᠳᠤ ᠲᠥᠪᠯᠡᠷᠡᠭᠦᠯᠦᠨ ᠰᠤᠷᠤᠯᠴᠠᠬᠤ ᠪᠠ ᠥᠪᠡᠷ ᠢᠶᠠᠨ ᠰᠤᠷᠤᠯᠴᠠᠵᠤ᠂ ᠭᠤᠤᠯᠳᠠᠭᠤ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ᠂ ᠰᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠪᠤᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ ᠵᠡᠷᠭᠡ ᠶᠢ ᠰᠤᠷᠤᠯᠴᠠᠪᠠ᠃ ᠬᠤᠶᠠᠷ ᠲᠤ᠂ ᠤᠭ ᠵᠣᠬᠢᠶᠠᠯ ᠢ ᠰᠤᠷᠤᠯᠴᠠᠬᠤ ᠪᠠ ᠬᠠᠪᠰᠤᠷᠤᠨ ᠵᠢᠯᠣᠭᠤᠳᠬᠤ ᠮᠠᠲ᠋ᠧᠷᠢᠶᠠᠯ ᠢ ᠰᠤᠷᠤᠯᠴᠠᠬᠤ ᠠᠷᠭ᠎ᠠ ᠮᠠᠶ᠋ᠢᠭ ᠢ ᠤᠶᠠᠯᠳᠤᠭᠤᠯᠬᠤ ᠬᠡᠷᠡᠭᠲᠡᠢ᠃ ᠣᠲᠣ ᠪᠣᠯᠲᠠᠯ᠎ᠠ᠂ ᠲᠤᠰᠬᠠᠶ ᠰᠡᠳᠦᠪᠲᠦ ᠰᠤᠷᠤᠯᠴᠠᠯᠭ᠎ᠠ ᠶᠢ ᠨᠡᠶᠢᠲᠡ 6 ᠤᠳᠠᠭ᠎ᠠ ᠵᠣᠬᠢᠶᠠᠨ ᠪᠠᠶᠢᠭᠤᠯᠤᠭᠰᠠᠨ ᠪᠥᠭᠡᠳ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠥᠷᠨᠢᠭᠦᠯᠵᠦ᠂ 2024 ᠣᠨ ᠤ ᠠᠵᠢᠯ ᠤᠨ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠣᠨᠣᠯ ᠤᠨ ᠬᠢᠷᠢ ᠲᠦᠪᠰᠢᠨ ᠪᠠ ᠤᠯᠤᠰ ᠲᠥᠷᠥ ᠶᠢᠨ ᠤᠬᠠᠮᠰᠠᠷ ᠢ ᠢᠯᠡᠳᠲᠡ ᠳᠡᠭᠡᠭᠰᠢᠯᠡᠭᠦᠯᠪᠡ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      2. ᠳᠡᠭᠡᠳᠦ ᠱᠠᠲᠤᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠬᠤ ᠬᠡᠷᠡᠭᠲᠡᠶ᠃ ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠭᠴᠢ ᠶᠢᠨ ᠪᠣᠯᠪᠠᠰᠤᠷᠠᠭᠤᠯᠤᠯ ᠤᠨ ᠠᠵᠢᠯ ᠳᠤ ᠳᠤᠲᠠᠭᠤᠳᠠᠯ ᠣᠷᠣᠰᠢᠵᠤ ᠪᠠᠶᠢᠨ᠎ᠠ᠃ ᠣᠳᠣᠬᠠᠨ ᠪᠣᠯᠲᠠᠯ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠠᠭᠰᠢ ᠵᠥᠪᠬᠡᠨ 3 ᠬᠥᠮᠦᠨ ᠪᠠᠶᠢᠵᠤ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠲᠦᠭᠡᠮᠡᠯᠵᠢᠭᠦᠯᠬᠦ ᠴᠢᠨᠠᠷᠲᠠᠶ ᠪᠣᠯᠪᠠᠰᠤᠷᠠᠭᠤᠯᠤᠯ ᠤᠨ ᠱᠠᠭᠠᠷᠳᠠᠯᠭ᠎ᠠ ᠶᠢ ᠬᠤᠯᠠ ᠬᠠᠩᠭᠠᠵᠤ ᠳᠡᠶᠢᠯᠬᠦ ᠦᠭᠡᠶ ᠪᠠᠶᠢᠨ᠎ᠠ᠃ ᠬᠤᠶᠠᠷ ᠲᠤ᠂ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠳᠤ ᠬᠦᠴᠦᠨ ᠦᠭᠡᠶ ᠪᠠᠶᠢᠨ᠎ᠠ᠃ 2020 ᠣᠨ ᠠᠴᠠ ᠨᠠᠰᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠶᠢᠲᠡ 59 ᠰᠠᠶᠢᠨ ᠳᠤᠷ᠎ᠠ ᠶᠢᠨ ᠠᠵᠢᠯᠯᠠᠭᠴᠢ ᠳᠠᠩᠰᠠᠯᠠᠵᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠪᠠᠭᠤᠯᠭᠠᠭᠰᠠᠨ ᠵᠢᠯ ᠪᠦᠷᠢ 25 ᠰᠠᠶᠢᠨ ᠳᠤᠷ᠎ᠠ ᠶᠢᠨ ᠠᠵᠢᠯᠯᠠᠭᠴᠢ ᠶᠢ ᠳᠠᠩᠰᠠᠯᠠᠨ ᠲᠡᠮᠳᠡᠭᠯᠡᠬᠦ ᠡᠭᠦᠷᠭᠡ ᠪᠠᠨ ᠪᠡᠶᠡᠯᠡᠭᠦᠯᠦᠭᠡᠳᠦᠶ ᠪᠠᠶᠢᠨ᠎ᠠ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠠᠪᠤᠷᠠᠨ ᠲᠤᠰᠠᠯᠠᠬᠤ 2 ᠠᠵᠢᠯᠲᠠᠨ ᠢ 4 ᠳ᠋ᠦ᠋ᠭᠡᠷ ᠰᠠᠷ᠎ᠠ ᠶᠢᠨ ᠪᠥᠬᠦ ᠣᠷᠣᠨ ᠤ ᠠᠪᠤᠷᠠᠨ ᠲᠤᠰᠠᠯᠠᠬᠤ ᠪᠠᠭᠰᠢ ᠶᠢᠨ ᠠᠩᠬᠠᠨ ᠤ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠭᠤᠯᠬᠤ ᠪᠠᠷ ᠨᠢᠭᠡᠨᠲᠡ ᠲᠣᠭᠲᠠᠭᠠᠪᠠ᠃ ᠬᠤᠶᠠᠷ ᠲᠤ᠂ 2024 ᠣᠨ ᠳᠤ ᠨᠢᠭᠡᠨᠲᠡ 26 ᠰᠠᠶᠢᠨ ᠳᠤᠷ᠎ᠠ ᠶᠢᠨ ᠠᠵᠢᠯᠯᠠᠭᠴᠢ ᠶᠢ ᠳᠠᠩᠰᠠᠯᠠᠭᠤᠯᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃      3. ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠦᠨᠳᠦ      ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ 2020 ᠣᠨ ᠠᠴᠠ ᠨᠠᠭᠠᠰᠢ ᠵᠢᠯ ᠪᠦᠷᠢ ᠠᠳᠠᠭ ᠲᠠᠭᠠᠨ 2 ᠤᠳᠠᠭ᠎ᠠ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠤᠭᠰᠠᠨ ᠥᠬᠡᠶ ᠪᠥᠭᠡᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠳᠤᠷᠢᠳᠬᠤ ᠪᠠᠭ ᠤᠨ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠠᠭᠤᠯᠭ᠎ᠠ ᠳᠤ ᠣᠷᠣᠭᠤᠯᠤᠭᠰᠠᠨ ᠥᠬᠡᠶ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠭᠰᠡᠨ ᠪᠥᠭᠡᠳ ᠦᠵᠡᠯ ᠤᠬᠠᠮᠰᠠᠷ ᠤᠨ ᠬᠡᠯᠪᠡᠷᠢ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠭ ᠤᠨ ᠪᠦᠷᠢᠯᠳᠦᠬᠦᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠪᠠ᠃ ᠬᠤᠶᠠᠷ ᠲᠤ᠂ 3 ᠰᠠᠷ᠎ᠠ ᠶᠢᠨ 20᠎ ᠤ ᠡᠳᠦᠷ ᠲᠤᠰᠬᠠᠶᠢᠯᠠᠨ 2024 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠭᠤᠷᠪᠠ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠳᠤᠷᠢᠳᠬᠤ ᠪᠠᠭ ᠤᠨ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠳᠤ ᠣᠷᠣᠭᠤᠯᠤᠨ᠎ᠠ᠃ ᠳᠥᠷᠪᠡ ᠳᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠵᠢᠯ ᠪᠦᠷᠢ ᠠᠳᠠᠭ ᠲᠠᠭᠠᠨ ᠲᠤᠰᠬᠠᠶ ᠰᠡᠳᠦᠪ ᠢᠶᠠᠷ ᠰᠤᠳᠤᠯᠤᠨ ᠪᠠᠶᠢᠷᠢᠯᠠᠭᠤᠯᠬᠤ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃      4. ᠨᠢᠭᠤᠴᠠ ᠶᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠩ ᠤᠨ ᠪᠢᠴᠢᠭ ᠮᠠᠲ᠋ᠧᠷᠢᠶᠠᠯ ᠬᠢᠭᠡᠳ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ      ᠪᠢᠴᠢᠭ ᠮᠠᠲ᠋ᠧᠷᠢᠶᠠᠯ ᠢ ᠬᠤᠯᠢᠯᠳᠤᠭᠤᠯᠤᠨ ᠲᠠᠯᠪᠢᠵᠤ ᠪᠠᠶᠢᠭ᠎ᠠ᠂ ᠲᠤᠰᠠᠭᠠᠷ ᠳᠠᠩᠰᠠᠯᠠᠨ ᠲᠡᠮᠳᠡᠭᠯᠡᠬᠦ ᠳᠡᠪᠲᠡᠷ ᠭᠡᠵᠦ ᠪᠠᠶᠢᠬᠤ ᠦᠭᠡᠢ᠂ ᠨᠢᠭᠤᠴᠠ ᠶᠢ ᠬᠠᠮᠠᠭᠠᠯᠠᠬᠤ ᠲᠤᠰᠬᠠᠢ ᠬᠤᠷᠭᠤ ᠪᠠᠶᠢᠬᠤ ᠦᠭᠡᠢ᠂ ᠨᠢᠭᠤᠴᠠ ᠶᠢ ᠵᠠᠳᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ 1 ᠲᠤᠰᠬᠠᠶ ᠠᠵᠢᠯᠲᠠᠨ ᠵᠢᠭᠠᠨ ᠲᠣᠭᠲᠠᠭᠠᠵᠤ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠢ ᠬᠠᠷᠢᠭᠤᠴᠠᠭᠤᠯᠤᠭᠰᠠᠨ ᠪᠥᠭᠡᠳ ᠨᠢᠭᠤᠴᠠ ᠶᠢ ᠬᠠᠮᠠᠭᠠᠯᠠᠬᠤ ᠲᠤᠰᠬᠠᠶ ᠯᠠᠩᠭᠦᠶ ᠭᠠᠷᠭᠠᠭᠰᠠᠨ ᠪᠠᠶᠢᠨ᠎ᠠ᠃ ᠬᠤᠶᠠᠷ ᠲᠤ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ ᠳᠤ ᠲᠤᠰᠠᠭᠠᠷ ᠲᠡᠮᠳᠡᠭᠯᠡᠯ ᠤᠨ ᠳᠡᠪᠲᠡᠷ ᠪᠠᠶᠢᠭᠤᠯᠪᠠ᠃ ᠭᠤᠷᠪᠠ ᠳᠤ᠂ ᠨᠢᠭᠤᠴᠠ ᠳᠤ ᠬᠤᠯᠪᠣᠭᠳᠠᠭᠰᠠᠨ ᠬᠥᠮᠦᠰ ᠢ ᠬᠥᠮᠦᠵᠢᠭᠦᠯᠦᠨ ᠬᠠᠮᠢᠶᠠᠷᠤᠭᠤᠯᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃      5. ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠳ᠋ ᠪᠠᠷᠠᠭ᠎ᠠ ᠨᠥᠭᠡᠴᠡᠯᠡᠬᠦ ᠭᠠᠵᠠᠷ ᠲᠠᠯᠠᠪᠠᠶ ᠶᠢᠨ ᠬᠠᠮᠢᠶᠠᠷᠤᠯᠲᠠ ᠵᠢᠷᠤᠮᠵᠢᠯ ᠦᠭᠡᠶ᠃ ᠭᠠᠮᠰᠢᠭ ᠠᠴᠠ ᠠᠪᠤᠷᠠᠬᠤ ᠪᠡᠯᠡᠳᠬᠡᠯ ᠬᠥᠮᠥᠷᠭᠡ      ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠲᠡᠭᠦᠯᠳᠡᠷ ᠪᠤᠰᠤ᠂ ᠬᠡᠰᠡᠭ ᠬᠠᠳᠠᠭᠠᠯᠠᠵᠤ ᠪᠠᠶᠢᠭ᠎ᠠ ᠡᠳ᠋ ᠪᠠᠷᠠᠭ᠎ᠠ ᠶᠢᠨ ᠨᠡᠷᠡᠶᠢᠳᠦᠯ᠂ ᠬᠡᠮᠵᠢᠶ᠎ᠡ᠂ ᠲᠤᠭ᠎ᠠ ᠬᠡᠮᠵᠢᠶ᠎ᠡ᠂ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ ᠪᠣᠯᠤᠨ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠭᠰᠠᠨ ᠦᠭᠡᠶ᠂ ᠰᠠᠯᠬᠢ ᠨᠡᠪᠲᠡᠷᠡᠭᠦᠯᠦᠨ ᠳᠡᠯᠭᠡᠬᠦ ᠬᠥᠮᠥᠷᠭᠡ᠂ ᠴᠢᠭᠢᠭ ᠢ ᠨᠢᠭᠲᠠ ᠪᠢᠲᠡᠭᠦᠮᠵᠢᠯᠡᠭᠰᠡᠨ ᠦᠭᠡᠶ ᠪᠠᠷ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠭᠰᠠᠨ ᠦᠭᠡᠶ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠨᠥᠭᠡᠴᠡᠯᠡᠬᠦ ᠬᠥᠮᠥᠷᠭᠡ ᠳᠤ ᠭᠠᠯ ᠤᠨᠲᠠᠷᠠᠭᠠᠭᠤᠷ ᠢ ᠱᠠᠭᠠᠷᠳᠠᠯᠭ᠎ᠠ ᠶᠣᠰᠣᠭᠠᠷ ᠲᠣᠬᠢᠷᠠᠭᠤᠯᠵᠠᠢ᠃ ᠬᠤᠶᠠᠷ ᠲᠤ᠂ ᠬᠠᠳᠠᠭᠠᠯᠠᠭᠰᠠᠨ ᠡᠳ᠋ ᠪᠣᠳᠠᠰ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠠᠷᠢᠨ ᠲᠣᠳᠣᠷᠬᠠᠶᠢᠯᠠᠪᠠ᠃ ᠭᠤᠷᠪᠠ ᠳᠤ᠂ ᠨᠥᠭᠡᠴᠡᠯᠡᠬᠦ ᠡᠳ᠋ ᠪᠣᠳᠠᠰ ᠢ ᠲᠥᠷᠥᠯ ᠬᠤᠪᠢᠶᠠᠨ ᠬᠠᠳᠠᠭᠠᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠠᠯᠬᠢ ᠨᠡᠪᠲᠡᠷᠡᠭᠦᠯᠦᠨ ᠳᠡᠯᠭᠡᠨ ᠪᠣᠷᠣᠯᠠᠭᠤᠯᠬᠤ ᠪᠠ ᠲᠣᠭᠤᠷᠢᠨ ᠪᠠᠶᠢᠴᠠᠭᠠᠪᠠ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      6. ᠦᠨᠳᠦᠰᠦᠨ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠯᠲᠠ ᠬᠠᠮᠢᠶᠠᠷᠤᠯᠲᠠ ᠨᠢ ᠬᠦᠴᠦᠨ ᠦᠭᠡᠶ ᠪᠠᠶᠢᠨ᠎ᠠ᠃ ᠨᠢᠭᠡ ᠳᠤ ᠦᠨᠳᠦᠰᠦᠨ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ      ᠵᠢᠭᠰᠠᠬᠠᠯ ᠤᠨ ᠭᠠᠵᠠᠷ ᠤᠨ ᠪᠦᠲᠦᠭᠡᠨ ᠪᠠᠶᠢᠬᠤᠯᠤᠯᠲᠠ ᠳᠤᠲᠠᠮᠠᠭ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ 2019 ᠣᠨ ᠤ 11 ᠳ᠋ᠦ᠋ᠭᠡᠷ ᠰᠠᠷ᠎ᠠ ᠶᠢᠨ 29᠎ ᠤ ᠡᠳᠦᠷ ᠰᠢᠩ ᠬᠤᠸᠠ ᠨᠡᠶᠢᠭᠡᠮ ᠲᠣᠭᠤᠷᠢᠭ ᠲᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ︵ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠤᠯᠤᠩ︶᠎ ᠶᠢ ᠪᠠᠶᠢᠭᠤᠯᠤᠭᠰᠠᠨ ᠪᠣᠯᠪᠠᠴᠤ ᠳᠣᠷᠣᠭᠰᠢ ᠪᠠᠭᠤᠵᠤ ᠣᠶᠢᠯᠠᠭᠠᠬᠤ ᠪᠠᠷ ᠳᠠᠮᠵᠢᠭᠤᠯᠤᠨ ᠰᠢᠩ ᠬᠤᠸᠠ ᠨᠡᠶᠢᠭᠡᠮ ᠲᠣᠭᠤᠷᠢᠭ ᠨᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠷᠤᠭ ᠤᠨ ᠬᠡᠪ ᠢ ᠬᠥᠮᠥᠷᠭᠡ ᠳᠤ ᠣᠷᠣᠭᠤᠯᠵᠤ᠂ ᠲᠦᠷᠭᠡᠨ ᠠᠪᠤᠷᠠᠯᠳᠠ ᠶᠢᠨ ᠬᠤᠷᠭᠤ ᠶᠢ ︽ᠤᠯᠠᠭᠠᠨ ᠠᠨᠠᠷ ᠭᠡᠷ︾᠎ ᠤᠨ ᠬᠡᠷ ᠣᠷᠣᠨ ᠳᠤ ᠲᠠᠯᠪᠢᠵᠤ᠂ ᠬᠤᠷᠭᠤ ᠳᠠᠬᠢ ᠬᠡᠰᠡᠭ ᠲᠦᠷᠭᠡᠨ ᠠᠪᠤᠷᠠᠯᠳᠠ ᠶᠢᠨ ᠡᠳ᠋ ᠪᠣᠳᠠᠰ ᠢ ᠲᠠᠷᠠᠬᠠᠶ ᠬᠠᠮᠢᠶᠠᠷᠴᠤ ᠪᠠᠶᠢᠬᠤ ᠶᠢ ᠣᠶᠢᠯᠠᠭᠠᠪᠠ᠃ ᠬᠤᠶᠠᠷ ᠲᠤ᠂ 30%᠎ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠬᠤ ᠶᠢ ᠢᠯᠡᠷᠡᠭᠦᠯᠪᠡ᠃ ᠵᠢᠱᠢᠶᠡᠯᠡᠪᠡᠯ ᠴᠧᠩ ᠭᠤᠸᠠᠨ ᠪᠠᠯᠭᠠᠰᠤᠨ ᠤ ᠰᠧ ᠮᠧᠢ ᠬᠤᠤ ᠵᠢᠶᠠ ᠶᠤᠸᠠᠨ ᠠᠪᠤᠷᠠᠯᠳᠠ ᠶᠢᠨ ᠥᠨᠴᠥᠭ ᠤᠨ ᠲᠦᠷᠭᠡᠨ ᠠᠪᠤᠷᠠᠯᠳᠠ ᠶᠢᠨ ᠬᠠᠶᠢᠷᠴᠠᠭ ᠤᠨ ᠬᠡᠰᠡᠭ ᠡᠮ ︵ᠢᠣᠳ᠋ ᠸᠣᠯᠲ᠂ ᠰᠫᠢᠷᠲ᠂ ᠲᠦᠷᠭᠡᠨ ᠦᠷ᠎ᠡ ᠠᠰᠢᠭᠲᠤ ᠵᠢᠷᠦᠬᠡ ᠶᠢ ᠠᠪᠤᠷᠠᠬᠤ ᠦᠷᠡᠯ︶ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠴᠠᠭ ᠲᠤᠬᠠᠶ ᠳᠤᠨᠢ ᠰᠣᠯᠢᠭᠰᠠᠨ ᠥᠬᠡᠶ᠃ ᠭᠤᠷᠪᠠ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠵᠢᠱᠢᠶ᠎ᠡ ᠦᠵᠡᠭᠦᠯᠬᠦ ᠦᠢᠯᠡᠳᠦᠯ ᠢ ᠢᠯᠡᠳᠲᠡ ᠪᠠᠳᠠᠷᠠᠭᠤᠯᠤᠭᠰᠠᠨ ᠦᠭᠡᠢ᠃ ᠵᠢᠱᠢᠶᠡᠯᠡᠪᠡᠯ᠂ ᠱᠦ ᠭᠤᠸᠠᠩ ᠪᠠᠭ᠎ᠠ ᠰᠤᠷᠭᠠᠭᠤᠯᠢ ᠪᠣᠯᠤᠨ ᠰᠢᠩ ᠾᠧ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠰᠢ ᠵᠥᠪᠬᠡᠨ ᠨᠢᠭᠡ ᠯᠡ ᠤᠳᠠᠭᠠᠨ ᠤ ᠠᠵᠢᠯᠯᠠᠭ᠎ᠠ ᠥᠷᠨᠢᠭᠦᠯᠵᠦ᠂ ᠡᠭᠦᠨ ᠤ ᠳᠣᠲᠣᠷ᠎ᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠥᠬᠦᠶ ᠢᠯᠭᠠᠬᠤ ᠲᠡᠮᠳᠡᠭ ᠪᠠ ᠮᠠᠲ᠋ᠧᠷᠢᠶᠠᠯ ᠪᠠᠶᠢᠬᠤ ᠥᠬᠡᠶ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ 3 ᠳ᠋ᠤᠭᠠᠷ ᠰᠠᠷ᠎ᠠ ᠳᠤ ᠰᠢᠩ ᠬᠤᠸᠠ ᠨᠡᠶᠢᠭᠡᠮ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠤᠯᠤᠩ ᠢ ᠳᠠᠬᠢᠨ ᠪᠠᠶᠢᠭᠤᠯᠪᠠ᠃ ᠬᠤᠶᠠᠷ ᠲᠤ᠂ ᠴᠧᠩ ᠭᠤᠸᠠᠨ ᠪᠠᠯᠭᠠᠰᠤᠨ ᠤ ᠰᠧ ᠮᠧᠢ ᠬᠤᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠡᠭ ︵ᠪᠤᠯᠤᠩ︶᠎ ᠤᠨ ᠬᠡᠰᠡᠭ ᠬᠤᠭᠤᠴᠠᠭ᠎ᠠ ᠠᠴᠠ ᠬᠡᠲᠦᠷᠡᠭᠰᠡᠨ ᠡᠮ ᠳᠤ ᠥᠭᠡᠷᠡᠴᠢᠯᠡᠯᠲᠡ ᠬᠢᠪᠡ᠃ ᠭᠤᠷᠪᠠ ᠳᠤ᠂ ᠱᠦ ᠭᠤᠸᠠᠩ ᠪᠠᠭ᠎ᠠ ᠰᠤᠷᠭᠠᠭᠤᠯᠢ ᠪᠣᠯᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠱᠢᠶ᠎ᠡ ᠦᠵᠡᠭᠦᠯᠬᠦ ᠰᠤᠷᠭᠠᠭᠤᠯᠢ ᠳᠤ ᠫᠠᠶᠢᠰᠠ ᠡᠯᠭᠦᠪᠡ᠃ ᠳᠥᠷᠪᠡ ᠳᠤ ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠣᠳᠣ ᠨᠢᠭᠡᠨᠲᠡ ᠠᠰᠢᠭᠯᠠᠯᠲᠠ ᠳᠤ ᠣᠷᠣᠭᠤᠯᠪᠠ᠃ ᠲᠠᠪᠤ ᠳᠤ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠨᠢᠳᠦ ᠪᠠᠨ ᠬᠠᠮᠠᠭᠠᠯᠠᠬᠤ ᠮᠡᠳᠡᠯᠭᠡ ᠶᠢᠨ ᠲᠠᠶᠢᠯᠤᠮᠵᠢ ᠶᠢ 1 ᠤᠳᠠᠭ᠎ᠠ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 1 ᠤᠳᠠᠭ᠎ᠠ ᠥᠷᠨᠢᠭᠦᠯᠦᠭᠰᠡᠨ ᠪᠥᠭᠡᠳ ᠪᠠᠭᠰᠢ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠢ 1 ᠤᠳᠠᠭ᠎ᠠ ᠥᠷᠨᠢᠭᠦᠯᠵᠦ᠂ ᠱᠤ᠋ ᠭᠤᠸᠠᠩ ᠪᠠᠭ᠎ᠠ ᠰᠤᠷᠭᠠᠭᠤᠯᠢ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠭᠡᠮᠡᠯ ᠬᠠᠶᠢᠷ᠎ᠠ ᠶᠢᠨ ᠬᠤᠪᠢ ᠨᠡᠮᠡᠷᠢ ᠶᠢ ᠦᠢᠯᠡᠳᠦᠯᠭᠡᠵᠢᠭᠦᠯᠬᠦ︾ ᠰᠢᠷᠢᠰ ᠠᠵᠢᠯᠯᠠᠭ᠎ᠠ ᠶᠢ ᠥᠷᠨᠢᠭᠦᠯᠪᠡ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      7. ᠤᠯᠠᠭᠠᠨ ᠵᠠᠭᠠᠯᠮᠠᠢ ᠶᠢᠨ ᠨᠡᠶᠢᠭᠡᠮᠯᠢᠭ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠢᠶᠠᠷ ᠬᠦᠷᠦᠯᠴᠡᠬᠦ ‍ᠦᠭᠡᠢ᠃ ᠬᠢᠨᠠᠯᠲᠠ ᠲᠠᠯᠪᠢᠭᠴᠢᠳ ᠤᠨ ᠬᠤᠷᠠᠯ      ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠣᠨ ᠤ ᠠᠵᠢᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠳᠤ ᠬᠢᠨᠠᠯᠲᠠ ᠲᠠᠯᠪᠢᠬᠤ ᠲᠠᠯ᠎ᠠ ᠪᠠᠷ ᠳᠤᠲᠠᠮᠠᠭ ᠪᠠᠶᠢᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ᠰᠢᠢᠳᠪᠦᠷᠢᠲᠦ ᠪᠣᠳᠣᠯᠭ᠎ᠠ ᠳᠤ ᠰᠠᠨᠠᠯ ᠪᠠ ᠰᠠᠨᠠᠭᠤᠯᠭ᠎ᠠ ᠳᠤᠷᠠᠳᠴᠤ ᠴᠢᠳᠠᠭᠰᠠᠨ ᠦᠭᠡᠢ᠃      ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠬᠢᠨᠠᠭᠴᠢᠳ ᠤᠨ ᠵᠥᠪᠯᠡᠯ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ 2023 ᠣᠨ ᠳᠤ ᠬᠤᠷᠠᠯᠳᠤᠭᠤᠯᠤᠭᠰᠠᠨ ︽ᠭᠤᠷᠪᠠᠨ ᠴᠢᠬᠤᠯᠠ ᠨᠢᠭᠡ ᠶᠡᠭᠡ︾᠎ ᠳᠤ ᠬᠤᠯᠪᠣᠭᠳᠠᠭᠰᠠᠨ ᠬᠤᠷᠠᠯ ᠴᠥᠮ ᠰᠤᠯᠠ ᠣᠷᠣᠯᠴᠠᠪᠠ᠃ ᠬᠤᠶᠠᠷ ᠲᠤ᠂ ᠬᠢᠨᠠᠭᠴᠢᠳ ᠤᠨ ᠵᠥᠪᠯᠡᠯ ᠠᠴᠠ 2023 ᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠴᠥᠮ ᠬᠢᠨᠠᠨ ᠵᠢᠯᠣᠭᠤᠳᠴᠤ ᠪᠠᠶᠢᠴᠠᠭᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃    ᠬᠤᠶᠠᠷ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠠᠶᠠᠨᠳᠠᠭᠠᠨ ᠣᠷᠣᠰᠢᠬᠤ      9. ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠭᠰᠡᠨ ᠦᠭᠡᠢ᠃ ᠨᠢᠭᠡ ᠳᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠰᠡᠯᠪᠢᠨ ᠵᠠᠰᠠᠬᠤ ᠵᠠᠷᠤᠳᠠᠯ ᠢ ᠵᠠᠷᠤᠴᠠᠭᠤᠯᠤᠨ᠎ᠠ ᠳᠦᠷᠢᠮᠵᠢᠯ ᠦᠭᠡᠢ︔ ᠬᠤᠶᠠᠷ ᠲᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷ ᠴᠠᠭ ᠤᠨ ᠠᠵᠢᠯᠴᠢᠨ ᠤ ᠬᠡᠷᠡᠭᠯᠡᠯᠲᠡ ᠪᠠ ᠴᠠᠯᠢᠩ ᠤᠨ ᠪᠠᠷᠢᠮᠵᠢᠶ᠎ᠠ ᠶᠢ ᠰᠤᠳᠤᠯᠤᠨ ᠶᠠᠷᠢᠯᠴᠠᠵᠤ ᠲᠣᠭᠲᠠᠭᠠᠭᠰᠠᠨ ᠦᠭᠡᠢ᠃ ᠭᠤᠷᠪᠠ ᠳᠤ᠂ 2020 ᠣᠨ ᠤ 4 ᠰᠠᠷ᠎ᠠ ᠶᠢᠨ 8᠎ ᠤ ᠡᠳᠦᠷ ᠬᠥᠳᠡᠭᠡ ᠪᠠᠭᠤᠵᠤ ᠲᠡᠷᠭᠡ ᠲᠦᠷᠢᠶᠡᠰᠦᠯᠡᠬᠦ ᠰᠦᠢᠳᠬᠡᠯ ᠲᠡᠷᠭᠡ ᠲᠦᠷᠢᠶᠡᠰᠦᠯᠡᠬᠦ ᠬᠡᠯᠡᠯᠴᠡᠭᠡᠷ ᠪᠠ ᠪᠣᠳᠠᠲᠠᠶ ᠤᠴᠢᠷ ᠶᠠᠪᠤᠳᠠᠯ᠃ ᠲᠦᠷᠪᠡ ᠳᠤ᠂ 2021 ᠣᠨ ᠤ 3 ᠰᠠᠷ᠎ᠠ ᠳᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠲᠦᠷ ᠴᠠᠭ ᠤᠨ ᠠᠵᠢᠯᠴᠢᠨ ᠳᠤ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠨᠥᠬᠦᠪᠥᠷᠢ ᠮᠥᠩᠭᠦ ᠣᠯᠭᠤᠪᠠ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠶᠠᠷ ᠲᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠡᠯᠪᠢᠨ ᠵᠠᠰᠠᠬᠤ ᠵᠠᠷᠤᠳᠠᠯ ᠤᠨ ᠵᠠᠷᠤᠯᠭ᠎ᠠ ᠶᠢ ᠴᠡᠭᠴᠡᠯᠡᠨ ᠰᠠᠶᠢᠵᠢᠷᠠᠭᠤᠯᠬᠤ ᠪᠠ ᠵᠢᠷᠤᠮᠵᠢᠭᠤᠯᠵᠤ᠂ ᠵᠦᠶ ᠵᠣᠬᠢᠰ ᠥᠬᠡᠶ ᠵᠠᠷᠤᠳᠠᠯ ᠤᠨ ᠵᠠᠷᠤᠯᠭ᠎ᠠ ᠶᠢ ᠴᠢᠩᠭ᠎ᠠ ᠴᠠᠭᠠᠵᠠᠯᠠᠪᠠ᠃ ᠭᠤᠷᠪᠠ ᠳᠤ᠂ ᠤᠳᠤᠷᠢᠳᠬᠤ ᠪᠠᠭ ᠤᠨ ᠬᠤᠷᠠᠯ ᠬᠤᠷᠠᠯᠳᠤᠭᠤᠯᠵᠤ ᠲᠦᠷ ᠴᠠᠭ ᠤᠷᠢᠵᠤ ᠬᠡᠷᠡᠭᠯᠡᠭᠰᠡᠨ ᠬᠥᠮᠦᠰ ᠤᠨ ᠬᠡᠷᠡᠭᠯᠡᠯᠲᠡ ᠪᠠ ᠴᠠᠯᠢᠩ ᠢ ᠬᠠᠮᠲᠤ ᠪᠠᠷ ᠰᠤᠳᠤᠯᠪᠠ᠃ ᠳᠥᠷᠪᠡ ᠳᠤ᠂ ᠲᠦᠷ ᠴᠠᠭ ᠤᠨ ᠲᠡᠷᠭᠡ ᠲᠦᠷᠢᠶᠡᠰᠦᠯᠡᠬᠦ ᠬᠤᠯᠪᠣᠭᠳᠠᠯ ᠪᠥᠬᠦᠶ ᠶᠠᠪᠤᠳᠠᠯ ᠢ ᠵᠢᠷᠤᠮᠵᠢᠭᠤᠯᠪᠠ᠃ ᠲᠠᠪᠤ ᠳᠤ᠂ ᠲᠦᠷ ᠴᠠᠭ ᠤᠨ ᠠᠵᠢᠯᠴᠢᠨ ᠤ ᠦᠨ᠎ᠡ ᠲᠥᠯᠥᠪᠦᠷᠢ ᠦᠭᠡᠶ ᠪᠠᠷ ᠴᠢᠰᠤ ᠪᠠᠨ ᠲᠤᠰᠠᠯᠠᠭᠰᠠᠨ ᠨᠥᠬᠦᠪᠥᠷᠢ ᠮᠥᠩᠭᠦ ᠶᠢ ᠨᠢᠭᠡᠨᠲᠡ ᠲᠤᠭ᠎ᠠ ᠶᠣᠰᠣᠭᠠᠷ ᠪᠤᠴᠠᠭᠠᠪᠠ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      10. ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠨᠢ ᠵᠥᠷᠢᠶ᠎ᠡ ᠲᠠᠢ ᠪᠠᠶᠢᠨ᠎ᠠ᠃ 2020 - 2023 ᠣᠨ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠵᠢᠯ ᠪᠦᠷᠢ ᠬᠤᠶᠠᠷ ᠤᠳᠠᠭ᠎ᠠ ᠠᠴᠠ ᠳᠤᠲᠠᠭᠤ ᠥᠬᠡᠶ ᠲᠤᠰᠬᠠᠶ ᠰᠤᠳᠤᠯᠤᠨ ᠪᠠᠶᠢᠷᠢᠯᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠨᠠᠮ ᠤᠨ ᠰᠤᠷᠲᠠᠯ ᠴᠢᠬᠡᠴᠢ ᠵᠠᠰᠠᠭ ᠤᠨ ᠲᠦᠭᠰᠢᠭᠦᠷᠢ ᠶᠢᠨ ᠴᠡᠭ ᠢ ᠡᠮᠬᠢᠯᠡᠨ ᠰᠤᠳᠤᠯᠤᠨ ᠮᠠᠭᠠᠳᠯᠠᠭᠰᠠᠨ ᠥᠬᠡᠶ᠂ ᠰᠡᠷᠭᠡᠶᠢᠯᠡᠬᠦ ᠠᠷᠭ᠎ᠠ ᠬᠡᠮᠵᠢᠶ᠎ᠡ ᠳᠤᠲᠠᠭᠳᠠᠵᠤ ᠪᠠᠶᠢᠨ᠎ᠠ᠃    ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ 3 ᠰᠠᠷ᠎ᠠ ᠶᠢᠨ 21᠎ ᠤ ᠡᠳᠦᠷ ᠲᠤᠰᠬᠠᠶ ᠬᠤᠷᠠᠯ ᠬᠤᠷᠠᠯᠳᠤᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠶᠠᠷ ᠲᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠪᠥᠬᠦ ᠲᠠᠯ᠎ᠠ ᠪᠠᠷ ᠡᠮᠬᠢᠯᠡᠨ ᠰᠤᠳᠤᠯᠤᠨ ᠮᠠᠭᠠᠳᠯᠠᠭᠰᠠᠨ ᠪᠥᠭᠡᠳ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃      11᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠳᠠᠲᠠᠶᠢᠵᠢᠭᠤᠯᠤᠭᠰᠠᠨ ᠦᠭᠡᠢ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠤᠣᠯᠳᠠᠯᠭ᠎ᠠ ᠲᠠᠢ ᠠᠵᠢᠯ ᠤᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠦᠷᠦᠯᠴᠡᠬᠦ ᠦᠭᠡᠢ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠳᠤᠲᠠᠭᠳᠠᠵᠤ᠂ ᠺᠠᠳ᠋ᠷᠴᠤᠳ ᠲᠤ ᠣᠷᠣᠰᠢᠵᠤ ᠪᠠᠶᠢᠭ᠎ᠠ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠳᠡᠮᠡᠢ ᠠᠩᠬᠠᠷᠴᠤ ᠪᠠᠶᠢᠬᠤ ᠦᠭᠡᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠡᠯᠡ ᠮᠥᠩᠭᠦ ᠶᠢ ᠬᠦᠯᠢᠶᠡᠨ ᠠᠪᠬᠤ ᠪᠠ ᠡᠳ᠋ ᠪᠣᠳᠠᠰ ᠤᠨ ᠬᠠᠮᠢᠶᠠᠷᠤᠯᠲᠠ ᠵᠡᠷᠭᠡ ᠠᠵᠢᠯ ᠳᠤ ᠲᠤᠰᠬᠠᠢ ᠪᠠᠶᠢᠴᠠᠭᠠᠯᠲᠠ ᠬᠢᠭᠰᠡᠨ ᠦᠭᠡᠢ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ 2023 ᠣᠨ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠭᠤᠷᠪᠠᠨ ᠴᠢᠬᠤᠯᠠ ᠨᠢᠭᠡ ᠶᠡᠭᠡ︾᠎ ᠶᠢᠨ ᠬᠤᠷᠠᠯ ᠳᠤ 4 ᠤᠳᠠᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ 1 ᠤᠳᠠᠭ᠎ᠠ ᠬᠤᠷᠠᠯᠳᠤᠭᠤᠯᠪᠠ᠃ ᠬᠤᠶᠠᠷ ᠲᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠤᠯᠢ︾᠂ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ᠲᠦᠷᠢᠮ︾᠎ ᠢ ᠨᠠᠷᠢᠨ ᠬᠢᠨᠠᠮᠠᠭᠠᠶ ᠰᠤᠷᠤᠯᠴᠠᠪᠠ᠃ ᠭᠤᠷᠪᠠ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠵᠡᠷᠭᠡ ᠶᠢ ᠦᠷᠭᠦᠯᠵᠢᠯᠡᠨ ᠬᠢᠨᠠᠨ ᠵᠢᠯᠣᠭᠤᠳᠴᠤ ᠪᠠᠶᠢᠴᠠᠭᠠᠪᠠ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ᠃      12᠂ ︽ᠨᠢᠭᠡᠳᠦᠭᠡᠷ ᠭᠠᠷ︾᠎ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠨᠢᠭᠡ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠤᠬᠠᠮᠰᠠᠷ ᠴᠢᠩᠭᠠᠳᠬᠠᠬᠤ ᠴᠢᠬᠤᠯᠠᠲᠠᠢ ᠪᠠᠶᠢᠨ᠎ᠠ᠂ ᠠᠵᠢᠯ ᠤᠨ ᠳᠠᠮᠵᠢᠭᠤᠯᠭ᠎ᠠ ᠬᠦᠷᠦᠯᠴᠡᠬᠦ ᠦᠭᠡᠢ᠂ ᠨᠠᠮ ᠤᠨ ᠪᠠᠶᠢᠭᠤᠯᠤᠯᠲᠠ ᠶᠢ ᠠᠳᠬᠤᠬᠤ ᠪᠠ ᠲᠤᠬᠠᠶᠢᠯᠠᠭᠰᠠᠨ ᠠᠵᠢᠯ ᠢ ᠠᠬᠢᠭᠤᠯᠬᠤ ᠤᠶᠠᠯᠳᠤᠯ ᠲᠡᠶᠢᠮᠦ ᠨᠢᠭᠲᠠ ᠪᠢᠰᠢ ᠪᠠᠶᠢᠨ᠎ᠠ︔ ᠬᠤᠶᠠᠷ ᠲᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠲᠠᠯ᠎ᠠ ᠪᠠᠷ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠬᠤᠯᠠᠴᠢᠯᠠᠨ ᠨᠠᠶᠢᠳᠠᠪᠤᠷᠢᠵᠢᠭᠤᠯᠤᠯᠲᠠ ᠶᠢ ᠬᠥᠩᠭᠡᠪᠴᠢᠯᠡᠵᠦ᠂ ᠠᠵᠢᠯ ᠤᠨ ᠰᠤᠷᠲᠠᠯ ᠯᠠᠪᠳᠠᠭᠤᠨ ᠪᠠᠲᠤᠲᠠᠶ ᠪᠢᠰᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠣᠯᠠᠨ ᠪᠢᠰᠢ ᠪᠠᠶᠢᠨ᠎ᠠ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ ᠪᠦᠬᠦ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠵᠤ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠨᠠᠮ ᠢ ᠬᠠᠮᠢᠶᠠᠷᠴᠤ ᠨᠠᠮ ᠢ ᠵᠠᠰᠠᠬᠤ ᠴᠢᠬᠤᠯᠠ ᠦᠵᠡᠯ ᠰᠠᠨᠠᠭ᠎ᠠ ᠶᠢ ᠰᠤᠷᠤᠯᠴᠠᠭᠤᠯᠪᠠ᠃ ᠬᠤᠶᠠᠷ ᠲᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠠ ᠲᠤᠬᠠᠶᠢᠯᠠᠭᠰᠠᠨ ᠠᠵᠢᠯ ᠢ ᠠᠬᠢᠭᠤᠯᠬᠤ ᠶᠢ ᠭᠦᠨᠵᠡᠭᠡᠢ ᠠᠭᠤᠰᠤᠯᠴᠠᠭᠤᠯᠤᠨ᠎ᠠ᠃ ᠭᠤᠷᠪᠠ ᠳᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠣᠷᠣᠰᠢᠵᠤ ᠪᠠᠶᠢᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠢ ᠲᠤᠰᠬᠠᠶᠢᠯᠠᠨ ᠵᠢᠭᠰᠠᠭᠠᠨ ᠪᠠᠶᠢᠴᠠᠭᠠᠵᠤ᠂ ᠳᠡᠩᠰᠡᠯᠡᠨ ᠺᠠᠷᠳ᠋ᠯᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠪᠠ᠃ ᠲᠦᠷᠪᠡ ᠳᠤ᠂ ᠠᠵᠢᠯ ᠤᠨ ᠰᠤᠷᠲᠠᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃    ᠭᠤᠷᠪᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠵᠥᠷᠢᠶ᠎ᠡ ᠲᠠᠢ ᠪᠠᠶᠢᠨ᠎ᠠ      13᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ᠃ ᠨᠢᠭᠡ ᠳᠤ᠂ 2020 - 2023 ᠤᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠨᠢ ᠨᠠᠮ ᠤᠨ ᠡᠭᠦᠷ ᠤᠨ ᠠᠵᠢᠯ ᠤᠨ ᠲᠥᠯᠥᠪᠯᠡᠭᠡ ᠪᠠ ᠠᠵᠢᠯᠯᠠᠭ᠎ᠠ ᠶᠢᠨ ᠲᠤᠬᠢᠷᠠᠭᠤᠯᠤᠯᠳᠠ ᠶᠢ ᠰᠤᠳᠤᠯᠤᠨ ᠲᠣᠭᠲᠠᠭᠠᠭᠰᠠᠨ ᠦᠭᠡᠢ᠂ ᠨᠠᠮ ᠤᠨ ᠡᠭᠦᠷ ᠤᠨ ︽ᠭᠤᠣᠯ ᠰᠡᠳᠦᠪᠲᠦ ᠨᠠᠮ ᠤᠨ ᠡᠳᠦᠷ︾ ᠪᠠ ︽ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ︾ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠭᠰᠠᠨ ᠦᠭᠡᠢ᠂ 2023 ᠣᠨ ᠳᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠨᠢ ᠨᠠᠮ ᠤᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠤᠭ᠎ᠠ ᠦᠭᠡᠢ᠃ ᠬᠤᠶᠠᠷ ᠲᠤ᠂ 2020 - 2023 ᠣᠨ ᠳᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠳᠤ ᠣᠷᠣᠯᠴᠠᠭᠰᠠᠳ ᠲᠤ ᠲᠦᠷ ᠴᠠᠭ ᠤᠨ ᠠᠵᠢᠯᠴᠢᠨ ᠣᠷᠣᠯᠴᠠᠵᠤ᠂ ᠪᠡᠯᠡ ᠮᠥᠩᠭᠦ ᠬᠡᠷᠡᠭᠯᠡᠬᠦ ᠪᠠ ᠡᠳ᠋ ᠪᠣᠳᠠᠰ ᠡᠳ᠋ ᠪᠣᠳᠠᠰ ᠬᠤᠳᠠᠯᠳᠤᠨ ᠠᠪᠬᠤ ᠵᠡᠷᠭᠡ ᠴᠢᠬᠤᠯᠠ ᠶᠡᠭᠡ ᠵᠦᠢᠯᠡᠰ ᠢ ᠰᠤᠳᠤᠯᠤᠨ ᠶᠠᠷᠢᠯᠴᠠᠵᠤ ᠲᠣᠭᠲᠠᠭᠠᠪᠠ᠃ ᠭᠤᠷᠪᠠ ᠳᠤ᠂ 2020 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠡᠭᠡᠷ᠎ᠡ᠂ ᠰᠡᠳᠬᠢᠯ ᠤᠨ ᠦᠭᠡ ᠪᠠᠨ ᠶᠠᠷᠢᠯᠴᠠᠬᠤ ᠪᠠ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠵᠦ᠂ ᠨᠠᠮ ᠤᠨ ᠡᠭᠦᠷ ᠤᠨ ᠤᠳᠤᠷᠢᠳᠬᠤ ᠪᠠᠭ ᠪᠣᠯᠤᠨ ᠪᠠᠭ ᠤᠨ ᠪᠦᠷᠢᠯᠳᠦᠬᠦᠨ ᠢ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠨᠢ ᠵᠥᠪᠬᠡᠨ ᠠᠮᠵᠢᠯᠲᠠ ᠪᠦᠲᠦᠮᠵᠢ ᠶᠢ ᠶᠠᠷᠢᠬᠤ ᠠᠴᠠ ᠪᠢᠰᠢ ᠠᠰᠠᠭᠤᠳᠠᠯ ᠢ ᠶᠠᠷᠢᠯᠴᠠᠬᠤ ᠦᠭᠡᠢ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠴᠢᠨᠠᠷ ᠴᠢᠨᠰᠠᠭ᠎ᠠ ᠥᠨᠳᠥᠷ ᠪᠢᠰᠢ ᠶᠤᠮ᠃      ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠄ ᠨᠢᠭᠡ ᠳᠤ᠂ 3 ᠰᠠᠷ᠎ᠠ ᠶᠢᠨ 6᠎ ᠤ ᠡᠳᠦᠷ᠂ ᠲᠤᠰᠬᠠᠶ ᠬᠤᠷᠠᠯ ᠬᠤᠷᠠᠯᠳᠤᠭᠤᠯᠵᠤ 2024 ᠣᠨ ᠤ ᠨᠠᠮ ᠤᠨ ᠡᠭᠦᠷ ᠤᠨ ᠠᠵᠢᠯ᠂ ᠠᠵᠢᠯᠯᠠᠭ᠎ᠠ ᠶᠢᠨ ᠲᠣᠬᠢᠷᠠᠭᠤᠯᠤᠯᠲᠠ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠲᠣᠭᠲᠠᠭᠠᠪᠠ᠃ ᠬᠤᠶᠠᠷ ᠲᠤ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠬᠤᠷᠠᠯ ᠳᠤ ᠣᠷᠣᠯᠴᠠᠭᠰᠠᠳ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠭᠤᠷᠪᠠ ᠳᠤ᠂ 2023 ᠣᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠲᠣᠰ ᠲᠣᠰ ᠬᠤᠷᠠᠯᠳᠤᠭᠤᠯᠵᠤ᠂ ᠤᠳᠤᠷᠢᠳᠬᠤ ᠪᠠᠭ ᠪᠠ ᠪᠦᠷᠢᠯᠳᠦᠬᠦᠨ ᠲᠣᠰ ᠲᠣᠰ ᠬᠠᠷᠢᠴᠠᠭᠤᠯᠤᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠵᠠᠳᠠᠯᠤᠯᠲᠠ ᠬᠢᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠭᠰᠠᠨ ᠤ ᠬᠠᠮᠲᠤ ᠪᠠᠭ ᠤᠨ ᠪᠦᠷᠢᠯᠳᠦᠬᠦᠨ ᠨᠠᠷ ᠬᠠᠷᠢᠯᠴᠠᠨ ᠰᠢᠭᠦᠮᠵᠢᠯᠡᠬᠦ ᠰᠠᠨᠠᠯ ᠳᠤᠷᠠᠳᠴᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡᠨᠲᠡ ᠴᠡᠭᠴᠡᠯᠡᠨ ᠰᠠᠶᠢᠵᠢᠷᠠᠭᠤᠯᠪᠠ᠃      ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ ᠴᠠᠭ ᠲᠤᠬᠠᠶ ᠳᠤᠨᠢ ᠪᠢᠳᠡᠨ ᠳᠤ ᠲᠤᠰᠬᠠᠭᠠᠷᠠᠢ᠃                 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠩ ᠾᠧ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠭᠦᠷ ᠤᠨ ᠵᠥᠪᠯᠡᠯ                                    2024 ᠣᠨ ᠤ 4 ᠰᠠᠷ᠎ᠠ ᠶᠢᠨ 29᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3