2024 ᠣᠨ ᠤ ᠠᠵᠢᠯ ᠤᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/19
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄      ︽ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠥᠪᠥᠷ ᠡᠳ᠋ ᠨᠡᠶᠢᠭᠡᠮ ︹2019︺ 289 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠣᠯᠭᠤᠯᠲᠠ ᠶᠢᠨ ᠨᠥᠬᠦᠪᠥᠷᠢ ᠪᠡᠯᠡ ᠮᠥᠩᠭᠦ ᠶᠢ ᠲᠡᠳᠬᠦᠨ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠠᠯᠳᠠᠭᠰᠠᠳ ᠤᠨ ᠠᠵᠢᠯ ᠣᠯᠭᠤᠯᠲᠠ ᠶᠢ ᠨᠡᠩ ᠰᠠᠶᠢᠲᠤᠷ ᠠᠬᠢᠭᠤᠯᠵᠤ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠲᠥᠯᠥᠭᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠳᠦᠭᠡ ᠮᠠᠨ ᠤ ᠰᠢᠶᠠᠨ ᠤ 2024 ᠣᠨ ᠤ ᠠᠵᠢᠯ ᠣᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠵᠢᠴᠢ ᠮᠠᠭᠠᠳᠯᠠᠨ ᠲᠣᠭᠲᠠᠭᠠᠬᠤ ᠪᠠᠷᠢᠮᠵᠢᠶ᠎ᠠ      ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ      ᠮᠠᠨ ᠤ ᠰᠢᠶᠠᠨ ᠤ ᠬᠡᠪᠴᠢᠶᠡᠨ ᠳᠣᠲᠣᠷᠠᠬᠢ ᠬᠤᠲᠠ ᠪᠠᠯᠭᠠᠰᠤ ︵︽ᠬᠤᠲᠠ ᠪᠠᠯᠭᠠᠰᠤ︾ ᠶᠢᠨ ᠤᠬᠠᠭᠳᠠᠬᠤᠨ ᠭᠡᠳᠡᠭ ᠨᠢ ᠬᠤᠲᠠ ᠪᠠᠯᠭᠠᠰᠤ ᠶᠢᠨ ᠣᠷᠣᠨ ᠪᠦᠰᠡ ᠳᠤ ᠲᠤᠭ᠎ᠠ ᠪᠦᠷᠢᠳᠬᠡᠯ ᠤᠨ ᠬᠡᠷᠡᠭᠯᠡᠬᠦ ᠣᠷᠣᠨ ᠤ ᠬᠤᠪᠢᠶᠠᠷᠢᠯᠠᠯ ᠪᠠ ᠬᠤᠲᠠ ᠬᠥᠳᠡᠭᠡ ᠶᠢ ᠬᠤᠪᠢᠶᠠᠷᠢᠯᠠᠬᠤ ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︶ ᠶᠢᠨ ᠪᠠᠶᠢᠩᠭᠤ ᠰᠠᠭᠤᠭ᠎ᠠ ᠬᠥᠮᠦᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤ ︵ᠠᠵᠢᠯ ᠠᠴᠠ ᠪᠠᠨ ᠪᠠᠭᠤᠵᠤ ᠠᠮᠠᠷᠠᠬᠤ ᠠᠴᠠ ᠬᠠᠭᠠᠰ ᠵᠢᠯ ᠬᠦᠷᠬᠦ ᠥᠬᠡᠶ ᠠᠴᠠ ᠪᠣᠯᠵᠣ ᠰᠢᠰᠲ᠋ᠧᠮ ᠳᠤ ᠣᠷᠣᠭᠤᠯᠬᠤ ᠶᠢᠨ ᠠᠷᠭ᠎ᠠ ᠥᠬᠡᠶ ᠪᠣᠯᠬᠤᠷ ᠨᠥᠬᠦᠪᠥᠷᠢ ᠥᠭᠬᠦ ᠬᠡᠪᠴᠢᠶᠡᠨ ᠳᠤ ᠪᠠᠭᠲᠠᠬᠤ ᠥᠬᠡᠶ ᠭᠡᠳᠡᠭ ᠢ ᠵᠢᠭᠠᠵᠤ ᠪᠣᠶ᠃ ᠡᠮᠡᠭᠳᠡᠢ ᠶᠢᠨ 1974 ᠤᠨ ᠤ 8 ᠰᠠᠷ᠎ᠠ - 1977 ᠤᠨ ᠤ 12 ᠰᠠᠷ᠎ᠠ ᠳᠤ ᠲᠦᠷᠦᠵᠡᠢ᠂ 47-49 ᠨᠠᠰᠤ᠂ ᠡᠷᠡᠭᠲᠠᠢ 1964 ᠤᠨ ᠤ 8 ᠰᠠᠷ᠎ᠠ ᠠᠴᠠ 1967 ᠤᠨ ᠤ 12 ᠰᠠᠷ᠎ᠠ ᠪᠠ 57-59 ᠪᠦᠬᠦᠯᠢ ᠨᠠᠰᠤ︶ ᠤᠨ ᠳᠤᠳᠤᠷ᠎ᠡ᠂ ︽ᠬᠦᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠳᠤ ᠠᠵᠢᠯ ᠠᠯᠳᠠᠭᠰᠠᠳ ᠢ ᠳᠠᠩᠰᠠᠯᠠᠨ ᠳᠡᠮᠳᠡᠭᠯᠡᠬᠦ ᠶᠢᠨ ᠬᠠᠮᠳᠤ ᠠᠵᠢᠯ ᠤᠯᠬᠤ ᠳᠤ ᠬᠦᠴᠢᠷᠲᠡᠢ ᠬᠦᠮᠦᠰ ᠤᠨ ᠠᠮᠢᠳᠤᠯᠢᠭ ᠢᠶᠠᠷ ᠠᠵᠢᠯ ᠤᠯᠤᠭᠰᠠᠳ ᠢᠶᠠᠷ ᠮᠠᠭᠠᠳᠯᠠᠨ ᠲᠤᠭᠳᠠᠭᠠᠪᠠ᠃      ︵ᠬᠤᠶᠠᠷ︶ ᠠᠵᠢᠯ ᠤᠯᠭᠤᠬᠤ ᠳᠤ ᠬᠦᠴᠢᠷᠲᠡᠢ ᠬᠦᠮᠦᠰ ᠢ ᠮᠠᠭᠠᠳᠯᠠᠨ ᠳᠤᠭᠲᠠᠭᠠᠬᠤ ᠪᠠᠷᠢᠮᠵᠢᠶ᠎ᠠ      ᠠᠵᠢᠯ ᠣᠯᠬᠤ ᠳᠤ ᠬᠦᠴᠢᠷᠳᠡᠯᠲᠡᠢ ᠬᠥᠮᠥᠰ ᠭᠡᠳᠡᠭ ᠨᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠳᠠᠩᠰᠠᠯᠠᠯ ᠬᠢᠭᠰᠡᠨ ᠳᠣᠣᠷᠠᠬᠢ 6 ᠲᠥᠷᠥᠯ ᠤᠨ ᠬᠥᠮᠥᠰ ᠢ ᠵᠢᠭᠠᠵᠤ ᠪᠠᠶᠢᠨ᠎ᠠ᠃      1. ᠥᠨᠳᠥᠷ ᠨᠠᠰᠤᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠤ ᠵᠠᠯᠭᠠᠭᠠᠪᠠᠷ 6 ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ 1 ᠵᠢᠯ ᠠᠴᠠ ᠳᠡᠭᠡᠭᠰᠢᠬᠢ ᠡᠮᠡᠭᠲᠡᠶ ᠪᠦᠬᠦᠯᠢ 40 ᠨᠠᠰᠤ ᠬᠦᠷᠦᠭᠰᠡᠨ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠠᠵᠢᠯ ᠠᠯᠳᠠᠭᠰᠠᠳ ᠢ ᠵᠢᠭᠠᠵᠤ ᠪᠤᠶ᠃      2. ᠵᠡᠮᠳᠡᠭ ᠬᠥᠮᠦᠰ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠤᠶ᠃      ᠣᠯᠳᠠᠪᠤᠷᠢ ᠦᠭᠡᠢ ᠠᠵᠢᠯ ᠣᠯᠣᠭᠰᠠᠨ ᠭᠡᠷ ᠪᠦᠯᠢ ᠶᠢᠨ ᠪᠦᠷᠢᠯᠳᠦᠭᠦᠨ ᠦᠭᠡᠢ᠃ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠳᠤ 2 ᠨᠡᠷᠡᠰ ᠵᠢᠴᠢ 2 ᠠᠴᠠ ᠳᠡᠭᠡᠭᠰᠢ ᠬᠠᠮᠲᠤᠪᠠᠷ ᠠᠮᠢᠳᠤᠷᠠᠵᠤ ᠪᠠᠶᠢᠭ᠎ᠠ ᠪᠦᠷᠢᠯᠳᠦᠬᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠨᠢ ᠴᠥᠮ ᠠᠵᠢᠯ ᠠᠯᠳᠠᠭᠰᠠᠨ ᠳᠠᠩᠰᠠᠯᠠᠯ ᠬᠢᠬᠦ ᠬᠡᠷᠡᠭᠲᠡᠶ ᠪᠥᠭᠡᠳ ᠡᠵᠡᠩᠨᠡᠯᠲᠡ ᠶᠢᠨ ᠴᠢᠨᠠᠷᠲᠠᠶ᠂ ᠪᠡᠯᠡ ᠣᠷᠣᠭᠤᠯᠤᠯᠲᠠ ᠶᠢᠨ ᠴᠢᠨᠠᠷᠲᠠᠶ ᠣᠷᠣᠯᠭ᠎ᠠ ᠦᠭᠡᠶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠦᠰ ᠢ ᠵᠢᠭᠠᠵᠤ ᠪᠤᠶ᠃      4. ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠳᠤ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠡᠮᠡᠭᠲᠡᠶ ᠪᠦᠬᠦᠯᠢ 40 ᠨᠠᠰᠤ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠲᠠᠷᠢᠶᠠᠴᠢᠨ ᠮᠠᠯᠴᠢᠳ ᠢ ᠵᠢᠭᠠᠵᠤ ᠪᠤᠶ᠃ ᠶᠠᠭ ᠬᠦᠷᠲᠡᠵᠦ ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠥᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠦᠰ ᠲᠤᠰ ᠲᠥᠷᠥᠯ ᠤᠨ ᠬᠥᠮᠦᠰ ᠤᠨ ᠬᠡᠪᠴᠢᠶ᠎ᠡ ᠳᠤ ᠪᠠᠶᠢᠬᠤ ᠦᠭᠡᠶ᠃      5. ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ ᠪᠠᠶᠢᠭ᠎ᠠ ᠪᠥᠭᠡᠳ ᠦᠷᠭᠦᠯᠵᠢᠯᠡᠨ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 1 ᠵᠢᠯ ᠠᠴᠠ ᠳᠡᠭᠡᠭᠰᠢ ᠡᠮᠡᠭᠲᠡᠶ ᠪᠦᠬᠦᠯᠢ 35 ᠨᠠᠰᠤ ᠬᠦᠷᠦᠭᠰᠡᠨ᠂ ᠡᠷᠡᠭᠲᠡᠶ ᠪᠦᠬᠦᠯᠢ 45 ᠨᠠᠰᠤᠨ ᠤ ᠠᠵᠢᠯ ᠠᠯᠳᠠᠭᠰᠠᠳ ᠢ ᠵᠢᠭᠠᠵᠤ ᠪᠤᠶ᠃      6. ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠨ᠃  ᠰᠤᠷᠭᠠᠭᠤᠯᠢ ᠠᠴᠠ ᠪᠠᠨ 2 ᠵᠢᠯ ᠵᠢᠴᠢ ᠲᠡᠭᠦᠨ ᠠᠴᠠ ᠳᠡᠭᠡᠭᠰᠢ ᠶᠡᠷᠦ ᠠᠴᠠ ᠠᠵᠢᠯ ᠣᠯᠤᠭᠰᠠᠨ ᠦᠭᠡᠶ ᠳᠡᠭᠡᠳᠦ ᠰᠤᠷᠭᠠᠭᠤᠯᠢ ᠲᠡᠭᠦᠰᠦᠭᠰᠡᠳ ︵ᠳᠡᠭᠡᠳᠦ ᠰᠤᠷᠭᠠᠭᠤᠯᠢ ᠲᠡᠭᠦᠰᠦᠭᠰᠡᠳ ᠨᠢ ᠭᠤᠤᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠵᠢᠭᠠᠵᠤ ᠪᠤᠶ︶᠃     ᠬᠤᠶᠠᠷ᠂ ᠮᠡᠳᠡᠭᠦᠯᠬᠦ ᠨᠥᠬᠦᠴᠡᠯ᠃      ︽ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ︾ ᠵᠠᠷᠴᠢᠮ ᠶᠣᠰᠣᠭᠠᠷ᠂ ᠭᠤᠶᠤᠴᠢᠯᠠᠭᠴᠢ ᠨᠢ ᠳᠣᠤᠷᠠᠬᠢ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄      1. ᠭᠤᠶᠤᠴᠢᠯᠠᠭᠴᠢᠳ ᠡᠷᠬᠡᠪᠰᠢ ︽ᠬᠥᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠳᠤ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠦᠭᠰᠡᠨ ᠪᠥᠭᠡᠳ ᠠᠵᠢᠯ ᠣᠯᠭᠤᠬᠤ ᠰᠠᠯᠠᠭ᠎ᠠ ᠮᠥᠴᠢᠷ ᠢᠶᠠᠷ ︽ᠠᠵᠢᠯ ᠣᠯᠬᠤ ᠳᠤ ᠬᠦᠴᠢᠷᠲᠡᠶ ᠬᠥᠮᠦᠰ︾ ᠢᠶᠠᠷ ᠦᠨᠡᠮᠰᠢᠭᠦᠯᠵᠦ᠂ ᠣᠳᠣᠬᠠᠨ ᠳᠤ ᠠᠮᠢᠳᠤᠯᠢᠭ ᠢᠶᠠᠷ ᠠᠵᠢᠯ ᠣᠯᠬᠤ ᠪᠠᠶᠢᠳᠠᠯ ᠳᠤ ᠣᠷᠣᠰᠢᠵᠤ ᠪᠠᠶᠢᠬᠤ ᠬᠡᠷᠡᠭᠲᠡᠶ᠃      2. ᠭᠤᠶᠤᠴᠢᠯᠠᠭᠴᠢ ᠠᠴᠠ ᠲᠤᠰ ᠵᠢᠯ ᠤᠨ ᠳᠣᠲᠣᠷ᠎ᠠ ᠠᠮᠢᠳᠤᠯᠢᠭ ᠢᠶᠠᠷ ᠠᠵᠢᠯ ᠣᠯᠭᠤᠬᠤ ᠬᠡᠷᠡᠭᠲᠡᠢ᠂ ᠳᠠᠷᠤᠢ ᠲᠦᠷ ᠴᠠᠭ ᠤᠨ ᠴᠢᠨᠠᠷᠲᠠᠢ᠂ ᠪᠦᠬᠦᠯᠢ ᠡᠳᠦᠷ ᠤᠨ ᠪᠤᠰᠤ ᠳᠦᠷᠢᠮ᠂ ᠤᠯᠠᠷᠢᠯ ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯ ᠵᠡᠷᠭᠡ ᠠᠮᠢᠳᠤᠯᠢᠭ ᠣᠯᠠᠨ ᠶᠠᠩᠵᠤ ᠶᠢᠨ ᠬᠡᠯᠪᠡᠷᠢ ᠶᠢᠨ ᠠᠵᠢᠯ ᠢ ᠬᠢᠬᠦ ᠬᠡᠷᠡᠭᠲᠡᠢ᠃      3. 2024 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠰᠦᠢᠳᠬᠡᠯ ᠲᠤᠰᠢᠶᠠᠨ᠎ᠠ᠃      4. ᠰᠠᠨᠠᠭᠠᠴᠢᠯᠠᠭ᠎ᠠ ᠠᠴᠠ ᠪᠠᠨ ᠮᠠᠨ ᠤ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠬᠦᠷᠴᠦ ᠠᠵᠢᠯ ᠣᠯᠤᠭᠰᠠᠨ ᠬᠥᠮᠦᠰ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠭᠰᠠᠨ ᠭᠤᠶᠤᠴᠢᠯᠠᠭᠰᠠᠳ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠭᠥᠷᠳᠡᠪᠡ᠃      5. ᠠᠵᠢᠯ ᠠᠴᠠ ᠠᠮᠠᠷᠠᠬᠤ ᠨᠠᠰᠤᠨ ᠳᠤ ᠣᠶᠢᠷᠠᠳᠤᠭᠰᠠᠨ ᠬᠥᠮᠦᠰ ᠲᠤ ᠡᠩ ᠲᠡᠷᠢᠭᠦᠨ ᠳᠤ ᠨᠥᠬᠦᠪᠥᠷᠢ ᠥᠭᠭᠦᠨ᠎ᠡ᠃      6. ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠲᠥᠷᠥ ᠲᠠᠷᠬᠠᠭᠠᠭᠰᠠᠨ ︹2019︺ 28 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠳᠠᠯᠢ ᠪᠤᠰᠤ ᠡᠲᠡᠭᠡᠳ ᠲᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠪᠣᠯᠪᠠᠰᠤᠷᠠᠭᠤᠯᠤᠯ ᠥᠷᠨᠢᠭᠦᠯᠵᠦ᠂ ᠠᠵᠢᠯ ᠠᠯᠳᠠᠭᠰᠠᠳ ᠤᠨ ᠮᠡᠷᠭᠡᠵᠢᠯ ᠤᠨ ᠪᠣᠯᠪᠠᠰᠤᠷᠠᠯ ᠪᠤᠶᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ ᠣᠷᠣᠯᠴᠠᠬᠤ ᠶᠢ ᠵᠣᠬᠢᠶᠠᠨ ᠪᠠᠶᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃      ᠭᠤᠷᠪᠠ᠂ ᠰᠢᠢᠳᠪᠦᠷᠢᠯᠡᠬᠦ ᠳᠡᠰ ᠳᠠᠷᠠᠭᠠᠯᠠᠯ      1. ᠬᠢᠷᠢ ᠭᠡᠮ ᠤᠨ ᠠᠩᠬᠠᠨ ᠤ ᠬᠢᠨᠠᠯᠲᠠ᠃ ᠠᠵᠢᠯᠲᠠᠳ ᠲᠤᠬᠠᠶ ᠶᠢᠨ ᠲᠠᠯᠠᠪᠤᠷ ᠲᠤ ᠭᠤᠶᠤᠴᠢᠯᠠᠭᠴᠢ ᠶᠢᠨ ᠨᠥᠬᠦᠴᠡᠯ ᠳᠤ ᠠᠩᠬᠠᠨ ᠤ ᠬᠢᠨᠠᠯᠲᠠ ᠬᠢᠵᠦ᠂ ᠠᠩᠬᠠᠨ ᠤ ᠬᠢᠨᠠᠯᠲᠠ ᠳᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠬᠤ ᠬᠡᠷᠡᠭᠲᠡᠶ᠃      ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠬᠤᠯᠪᠣᠭᠳᠠᠯ ᠪᠥᠬᠦᠶ ᠮᠡᠳᠡᠭᠡ ᠵᠠᠩᠭᠢ ᠶᠢ ︽ᠬᠥᠳᠡᠯᠮᠦᠷᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠣᠷᠣᠭᠤᠯᠵᠤ᠂ ᠰᠢᠰᠲ᠋ᠧᠮ ᠤᠨ ᠳ᠋ᠠᠶᠢᠲ᠋ᠠ ᠬᠥᠮᠥᠷᠭᠡ ᠯᠦᠭᠡ ᠬᠠᠷᠢᠴᠠᠭᠤᠯᠤᠨ ᠬᠢᠨᠠᠨ ᠲᠣᠳᠣᠯᠠᠬᠤ ᠬᠡᠷᠡᠭᠲᠡᠶ᠃ ᠨᠥᠬᠦᠴᠡᠯ ᠳᠤ ᠨᠡᠢᠴᠡᠬᠦ ᠦᠭᠡᠢ ᠪᠣᠯ ᠲᠤᠬᠠᠢ ᠶᠢᠨ ᠭᠠᠵᠠᠷ ᠲᠤᠨᠢ ᠱᠢᠯᠲᠠᠭᠠᠨ ᠢ ᠨᠢ ᠡᠳᠡᠭᠳᠡᠨ᠎ᠡ᠃      2. ᠬᠦᠯᠢᠶᠡᠨ ᠠᠪᠴᠤ ᠪᠦᠷᠢᠳᠬᠡᠨ ᠳᠠᠩᠰᠠᠯᠠᠨ᠎ᠠ᠃ ᠨᠥᠬᠦᠴᠡᠯ ᠳᠤ ᠨᠡᠶᠢᠴᠡᠪᠡᠯ᠂ ︽ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠵᠤ ᠳᠠᠩᠰᠠᠯᠠᠬᠤ ᠬᠦᠰᠦᠨᠦᠭᠲᠦ︾ ᠶᠢ ᠠᠪᠴᠤ ᠲᠠᠭᠯᠠᠵᠤ᠂ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠦᠭᠰᠡᠨ ᠤ ᠳᠠᠷᠠᠭ᠎ᠠ ︽ᠰᠢᠩ ᠾᠧ ᠰᠢᠶᠠᠨ ᠤ ᠠᠵᠢᠯ ᠤᠯᠬᠤ ᠳᠤ ᠬᠦᠴᠢᠷᠲᠡᠶ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠳᠡᠩᠰᠡᠯᠡᠯᠲᠡ ᠶᠢᠨ ᠬᠦᠰᠦᠨᠦᠭᠲᠦ︾ ᠶᠢ ᠲᠠᠭᠯᠠᠬᠤ ᠶᠢᠨ ᠬᠠᠮᠲᠤ ᠲᠣᠭᠲᠠᠭᠰᠠᠨ ᠲᠠᠰ ᠳᠠᠷᠠᠭᠠᠯᠠᠯ ᠤᠨ ᠶᠣᠰᠣᠭᠠᠷ ᠭᠤᠶᠤᠴᠢᠯᠠᠨ ᠮᠡᠳᠡᠭᠦᠯᠦᠨ᠎ᠡ᠃      3. ᠰᠠᠯᠠᠭ᠎ᠠ ᠮᠥᠴᠢᠷ ᠤᠳ ᠬᠠᠮᠵᠢᠯᠴᠠᠨ ᠪᠠᠶᠢᠴᠠᠭᠠᠵᠤ᠂ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠶ᠃ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠬᠤᠷᠢᠶᠠᠩᠭᠤᠶᠢᠯᠠᠨ ᠡᠮᠬᠢᠯᠡᠵᠦ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠰᠡᠨ ᠳ᠋ᠠᠶᠢᠲ᠋ᠠ ᠬᠥᠮᠥᠷᠭᠡ᠂ ᠠᠵᠤ ᠠᠬᠤᠶᠢᠯᠠᠯ ᠠᠵᠢᠯ ᠦᠢᠯᠡᠰ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳ᠋ᠠᠶᠢᠲ᠋ᠠ ᠬᠥᠮᠥᠷᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳ᠋ᠠᠶᠢᠲ᠋ᠠ ᠬᠥᠮᠥᠷᠭᠡ ᠯᠦᠭᠡ ᠲᠣᠰ ᠲᠣᠰ ᠬᠠᠷᠢᠴᠠᠭᠤᠯᠵᠤ᠂ ᠬᠤᠪᠢ ᠬᠥᠮᠦᠨ ᠤ ᠠᠵᠢᠯ ᠣᠯᠭᠤᠯᠲᠠ ᠠᠵᠢᠯ ᠠᠯᠳᠠᠯᠲᠠ ᠶᠢᠨ ᠳᠡᠩᠰᠡᠯᠡᠯᠲᠡ ᠶᠢᠨ ᠮᠡᠳᠡᠭᠡ ᠵᠠᠩᠭᠢ᠂ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠭᠰᠠᠨ ᠮᠡᠳᠡᠭᠡ ᠵᠠᠩᠭᠢ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠮᠡᠳᠡᠭᠡ ᠵᠠᠩᠭᠢ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ᠂ ᠲᠡᠭᠦᠰᠬᠡᠭᠰᠡᠨ ᠳᠡᠩᠰᠡᠯᠡᠯᠲᠡ ᠶᠢᠨ ᠮᠡᠳᠡᠭᠡ ᠵᠠᠩᠭᠢ ᠶᠢ ᠬᠢᠨᠠᠨ ᠲᠣᠳᠣᠯᠠᠨ᠎ᠠ᠃      4. ᠨᠥᠬᠦᠪᠥᠷᠢ ᠣᠯᠭᠤᠬᠤ ᠬᠡᠷᠡᠭᠲᠡᠶ᠃ ᠨᠥᠬᠦᠴᠡᠯ ᠳᠤ ᠨᠡᠶᠢᠴᠡᠬᠦ ᠶᠢ ᠨᠢ ᠨᠡᠶᠢᠭᠡᠮ ᠳᠤ ᠵᠠᠷᠯᠠᠨ ᠨᠡᠶᠢᠲᠡᠯᠡᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ᠂ ᠣᠨᠳᠣᠣ ᠰᠠᠨᠠᠯ ᠦᠭᠡᠢ ᠪᠣᠯ᠂ ᠳᠡᠰ ᠳᠠᠷᠠᠭᠠᠯᠠᠯ ᠶᠣᠰᠣᠭᠠᠷ ᠪᠠᠩᠬᠢ ᠪᠠᠷ ᠳᠠᠮᠵᠢᠨ ᠨᠥᠬᠦᠪᠦᠷᠢ ᠶᠢᠨ ᠪᠡᠯᠡ ᠮᠥᠩᠭᠦ ᠶᠢ ᠭᠤᠶᠤᠴᠢᠯᠠᠭᠴᠢ ᠶᠢᠨ ᠳᠠᠩᠰᠠᠨ ᠳᠤ ᠰᠠᠯᠭᠠᠨ ᠥᠭᠭᠦᠨ᠎ᠡ᠃      ᠳᠥᠷᠪᠡ᠂ ᠮᠡᠳᠡᠭᠦᠯᠬᠦ ᠮᠠᠲ᠋ᠧᠷᠢᠶᠠᠯ      ᠭᠤᠶᠤᠴᠢᠯᠠᠭᠴᠢ ᠶᠢᠨ ᠬᠠᠩᠬᠠᠬᠤ ᠬᠡᠷᠡᠭᠲᠡᠢ ᠮᠠᠲ᠋ᠠᠷᠢᠶᠠᠯ :      1. ᠭᠤᠶᠤᠴᠢᠯᠠᠭᠴᠢ ᠶᠢᠨ ᠬᠤᠶᠠᠷ ᠢᠮᠠᠬᠤ ᠬᠥᠬᠡ ᠰᠠᠭᠤᠷᠢ ᠬᠡᠷᠡᠯ ᠵᠢᠷᠤᠭ 4᠂ ᠪᠡᠶ᠎ᠡ ᠶᠢᠨ ᠦᠨᠡᠮᠯᠡᠯ ︵ᠵᠥᠪ ᠪᠤᠷᠤᠭᠤ ᠲᠠᠯ᠎ᠠ︶᠂ ᠡᠷᠦᠬᠡ ᠠᠮᠠ ᠶᠢᠨ ᠳᠡᠪᠲᠡᠷ ᠤᠨ ᠡᠬᠡ ᠮᠠᠲ᠋ᠧᠷᠢᠶᠠᠯ ᠪᠠ ᠬᠠᠭᠤᠯᠪᠤᠷᠢ᠂ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ ᠨᠢ ᠡᠷᠬᠡᠪᠰᠢ ᠲᠡᠷᠢᠭᠦᠨ ᠬᠠᠭᠤᠳᠠᠰᠤ ᠪᠠ ᠬᠤᠪᠢ ᠬᠥᠮᠥᠨ ᠤ ᠬᠠᠭᠤᠳᠠᠰᠤ ᠶᠢ ᠬᠠᠩᠭᠠᠬᠤ ᠬᠡᠷᠡᠭᠲᠡᠢ︔      2. ᠲᠤᠰ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠤᠭ ᠮᠠᠲ᠋ᠧᠷᠢᠶᠠᠯ ᠪᠣᠯᠣᠨ ᠬᠠᠭᠤᠯᠪᠤᠷᠢ ᠮᠠᠲ᠋ᠧᠷᠢᠶᠠᠯ ︵ᠳᠠᠷᠤᠮᠠᠯᠯᠠᠯ ᠪᠢᠴᠢᠭ ᠮᠠᠲ᠋ᠧᠷᠢᠶᠠᠯ ᠳᠡᠭᠡᠷ᠎ᠡ ᠺᠠᠷᠲ ᠤᠨ ᠳ᠋ᠤᠭᠠᠷ ᠪᠠ ᠲᠤᠰ ᠬᠥᠮᠥᠨ ᠤ ᠬᠠᠷᠢᠯᠴᠠᠬᠤ ᠤᠲᠠᠰᠤ︶      3. ︽ᠠᠵᠢᠯ ᠣᠯᠤᠭᠰᠠᠨ ᠪᠠ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︔      4.2023 ᠣᠨ ᠳᠤ ᠰᠢᠩ ᠾᠧ ᠰᠢᠶᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ᠃   ᠲᠠᠪᠤ᠂ ᠨᠥᠬᠦᠪᠥᠷᠢ ᠥᠭᠬᠦ ᠪᠠᠷᠢᠮᠵᠢᠶ᠎ᠠ᠂ ᠬᠤᠭᠤᠴᠠᠭ᠎ᠠ ᠬᠢᠵᠠᠭᠠᠷ      ᠨᠥᠬᠦᠪᠥᠷᠢ ᠶᠢᠨ ᠪᠠᠷᠢᠮᠵᠢᠶ᠎ᠠ᠄ ᠮᠠᠨ ᠤ ᠰᠢᠶᠠᠨ ᠤ ᠲᠤᠬᠠᠶ ᠶᠢᠨ ᠵᠢᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠬᠠᠮᠤᠭ ᠤᠨ ᠳᠣᠤᠷ᠎ᠠ ᠪᠠᠷᠢᠮᠵᠢᠶ᠎ᠠ ᠪᠠᠷ ᠬᠡᠷᠡᠭᠵᠢᠭᠦᠯᠵᠦ᠂ ᠬᠠᠮᠤᠭ ᠤᠨ ᠳᠣᠤᠷ᠎ᠠ ᠰᠦᠢᠳᠭᠡᠯ ᠲᠤᠰᠢᠶᠠᠬᠤ 2/3 ᠠᠴᠠ ᠬᠡᠲᠦᠷᠡᠭᠦᠯᠵᠦ ᠪᠣᠯᠬᠤ ᠥᠬᠡᠶ︔      ᠨᠥᠬᠦᠪᠥᠷᠢ ᠥᠭᠬᠦ ᠬᠤᠭᠤᠴᠠᠭ᠎ᠠ ᠬᠢᠵᠠᠭᠠᠷ᠄ ᠨᠥᠬᠦᠪᠥᠷᠢ ᠥᠭᠬᠦ ᠬᠤᠭᠤᠴᠠᠭ᠎ᠠ ᠬᠢᠵᠠᠭᠠᠷ ᠢ ᠨᠡᠶᠢᠲᠡ ᠭᠤᠷᠪᠠᠨ ᠵᠢᠯ ᠠᠴᠠ ᠬᠡᠲᠦᠷᠡᠭᠦᠯᠵᠦ ᠪᠣᠯᠬᠤ ᠥᠬᠡᠶ᠂ ᠭᠤᠶᠤᠴᠢᠯᠠᠭᠴᠢ ᠨᠢ ︽ᠬᠥᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠤᠨ ᠳᠣᠲᠣᠷᠠᠬᠢ ᠠᠵᠢᠯ ᠠᠯᠳᠠᠭᠰᠠᠳ ᠤᠨ ᠪᠠᠶᠢᠳᠠᠯ ᠳᠤ ᠪᠠᠶᠢᠬᠤ ᠪᠥᠭᠡᠳ ᠠᠵᠢᠯ ᠤᠯᠬᠤ ᠳᠤ ᠬᠦᠴᠢᠷᠲᠡᠶ ᠬᠥᠮᠦᠨ ᠢᠶᠠᠷ ᠨᠤᠲᠠᠯᠠᠭᠰᠠᠨ ᠪᠥᠭᠡᠳ ᠨᠢᠭᠡᠨᠲᠡ ᠳᠠᠩᠰᠠᠯᠠᠭᠤᠯᠤᠭᠰᠠᠨ ᠠᠮᠢᠳᠤᠯᠢᠭ ᠢᠶᠠᠷ ᠠᠵᠢᠯ ᠣᠯᠤᠭᠰᠠᠨ ᠡᠳᠦᠷ ᠠᠴᠠ ᠡᠬᠢᠯᠡᠵᠦ ᠪᠣᠳᠣᠨ᠎ᠠ᠃      ᠳᠣᠣᠷᠠᠬᠢ ᠪᠠᠶᠢᠳᠠᠯ ᠢ ᠡᠳ᠋ᠯᠡᠬᠦ ᠬᠡᠪᠴᠢᠶᠡᠨ ᠳᠤ ᠪᠠᠭᠲᠠᠬᠤ ᠦᠭᠡᠢ᠄      1. ᠭᠤᠶᠤᠴᠢᠯᠠᠭᠴᠢ ᠶᠢᠨ ᠨᠡᠷ᠎ᠡ ᠳᠣᠤᠷ᠎ᠠ ᠦᠢᠯᠡᠳᠪᠦᠷᠢ ᠬᠤᠳᠠᠯᠳᠤᠭᠠᠨ ᠤ ᠦᠨᠡᠮᠯᠡᠯ ᠪᠤᠶᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ ᠳᠠᠩᠰᠠᠯᠠᠭᠤᠯᠤᠨ᠎ᠠ᠃      2. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠦᠯᠦᠭᠴᠢ ᠶᠢ ᠭᠤᠶᠤᠴᠢᠯᠠᠨ ᠮᠡᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠤᠶᠤᠴᠢᠯᠠᠨ ᠮᠡᠳᠡᠭᠦᠯᠦᠭᠴᠢ᠂ ᠠᠵᠢᠯ ᠠᠴᠠ ᠪᠠᠨ ᠠᠮᠠᠷᠠᠭᠰᠠᠳ ᠢ ᠨᠢᠭᠡᠨᠲᠡ ᠭᠦᠢᠴᠡᠳᠬᠡᠭᠰᠡᠨ ᠵᠢᠴᠢ ᠨᠢᠭᠡᠴᠡ ᠠᠴᠠ ᠨᠡᠶᠢᠭᠡᠮ ᠤᠨ ᠳᠠᠭᠠᠳᠬᠠᠯ ᠤᠨ ᠠᠵᠢᠯᠲᠠᠨ ᠲᠤᠰᠢᠶᠠᠵᠤ ᠪᠠᠶᠢᠨ᠎ᠠ︔      3. ᠬᠥᠮᠦᠨ ᠬᠡᠷᠡᠭᠯᠡᠬᠦ ᠨᠢᠭᠡᠴᠡ ᠡᠯᠰᠡᠨ ᠬᠡᠷᠡᠭᠯᠡᠭᠰᠡᠨ ᠪᠥᠭᠡᠳ ᠬᠥᠳᠡᠯᠮᠦᠷᠢ ᠶᠢᠨ ᠭᠡᠷ᠎ᠡ ᠲᠣᠭᠲᠠᠭᠰᠠᠨ ᠪᠣᠯ᠃      4. ᠪᠤᠰᠤᠳ ᠭᠠᠵᠠᠷ ᠣᠷᠣᠨ ᠳᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠭᠥᠷᠳᠡᠵᠦ ᠥᠩᠭᠡᠷᠡᠭᠰᠡᠨ ᠪᠠ ᠶᠠᠭ ᠰᠠᠶᠢᠬᠠᠨ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠬᠦᠷᠲᠡᠵᠦ ᠪᠠᠶᠢᠭ᠎ᠠ ᠬᠥᠮᠦᠰ ︵ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠭᠲᠠᠨ᠎ᠠ︶︔      5. ᠠᠮᠢᠳᠤᠯᠢᠭ ᠢᠶᠠᠷ ᠠᠵᠢᠯ ᠣᠯᠬᠤ ᠶᠢ ᠵᠣᠭᠰᠣᠭᠠᠬᠤ᠃      6᠂ ᠶᠠᠭ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠯᠲᠠ ᠶᠢᠨ ᠨᠥᠬᠦᠪᠥᠷᠢ ᠮᠥᠩᠭᠦ ᠶᠢ ᠬᠦᠷᠲᠡᠵᠦ ᠪᠠᠶᠢᠭ᠎ᠠ ᠬᠥᠮᠦᠰ︔      7. ᠭᠤᠶᠤᠴᠢᠯᠠᠬᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠨ᠎ᠠ︔      8. ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠢᠨᠠᠨ ᠪᠠᠶᠢᠴᠠᠭᠠᠬᠤ ᠠᠵᠢᠯ ᠪᠣᠯᠤᠨ ᠠᠵᠢᠯ ᠣᠯᠭᠤᠬᠤ ᠦᠢᠯᠡᠴᠢᠯᠡᠭᠡᠨ ᠬᠠᠩᠭᠠᠬᠤ ᠶᠢ ᠲᠡᠪᠴᠢᠭᠰᠡᠨ ᠪᠠᠶᠢᠬᠤ᠃      ᠵᠢᠷᠭᠤᠭ᠎ᠠ᠂ ᠴᠢᠩᠭ᠎ᠠ ᠬᠠᠮᠢᠶᠠᠷᠬᠤ      ᠮᠡᠳᠡᠭᠦᠯᠬᠦ ᠬᠥᠮᠦᠰ ᠦᠨᠡᠨ ᠢ ᠪᠠᠷᠢᠮᠲᠠᠯᠠᠨ᠂ ᠬᠤᠪᠢ ᠬᠥᠮᠦᠨ ᠤ ᠠᠮᠠᠯᠠᠯᠲᠠ ᠶᠢ ᠢᠲᠡᠭᠡᠯ ᠲᠠᠢ ᠪᠠᠶᠢᠯᠭᠠᠵᠤ᠂ ᠬᠤᠳᠠᠯ ᠬᠠᠭᠤᠷᠮᠠᠭ ᠢᠶᠠᠷ ᠵᠣᠬᠢᠶᠠᠬᠤ᠂ ᠨᠥᠬᠦᠪᠥᠷᠢ ᠪᠡᠯᠡ ᠮᠥᠩᠭᠦ ᠶᠢ ᠮᠡᠬᠡᠯᠡᠨ ᠠᠪᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠠᠬᠢᠯᠭ᠎ᠠ ᠪᠠᠲᠤ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠮᠡᠬᠡᠯᠡᠨ ᠠᠪᠤᠭᠰᠠᠨ ᠨᠥᠬᠦᠪᠥᠷᠢ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠠᠴᠠ ᠭᠠᠳᠠᠨ᠎ᠠ᠂ ᠬᠠᠮᠲᠤ ᠳᠤᠨᠢ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠬᠦ ᠬᠡᠷᠡᠭᠲᠡᠶ᠃      ᠲᠤᠯᠤᠭ᠎ᠠ᠂ ᠮᠡᠳᠡᠭᠦᠯᠬᠦ ᠴᠠᠭ ᠤᠨ ᠬᠢᠵᠠᠭᠠᠷ᠂ ᠭᠠᠵᠠᠷ ᠵᠢᠴᠢ ᠳ᠋ᠢᠶᠠᠩᠬᠤᠸᠠ      ᠮᠡᠳᠡᠭᠦᠯᠬᠦ ᠴᠠᠭ ᠤᠨ ᠬᠢᠵᠠᠭᠠᠷ᠄ 2024 ᠣᠨ ᠤ 4 ᠰᠠᠷ᠎ᠠ ᠶᠢᠨ 22 ᠤᠨ ᠡᠳᠦᠷ ᠠᠴᠠ 2024 ᠣᠨ ᠤ 6 ᠰᠠᠷ᠎ᠠ ᠶᠢᠨ 21 ᠤ ᠡᠳᠦᠷ ᠪᠣᠯᠲᠠᠯ᠎ᠠ᠃ 7 ᠰᠠᠷ᠎ᠠ ᠶᠢᠨ 1 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ ᠭᠥᠯᠢᠶᠡᠨ ᠠᠪᠴᠤ ᠰᠢᠢᠳᠪᠦᠷᠢᠯᠡᠬᠦ ᠶᠢ ᠬᠢᠨᠠᠨ ᠬᠠᠷᠭᠤᠭᠤᠯᠬᠤ᠂ ᠪᠠᠶᠢᠴᠠᠭᠠᠨ ᠰᠢᠯᠭᠠᠵᠤ ᠢᠯᠡ ᠨᠡᠶᠢᠲᠡᠯᠡᠬᠦ᠂ ᠪᠠᠯᠠ ᠮᠥᠩᠭᠦ ᠮᠡᠳᠡᠭᠦᠯᠬᠦ ᠵᠢᠴᠢ ᠰᠠᠯᠭᠠᠨ ᠥᠭᠬᠦ ᠵᠡᠷᠭᠡ ᠠᠵᠢᠯ ᠪᠣᠯᠤᠨ᠎ᠠ᠃ ᠡᠷᠬᠡ ᠲᠡᠭᠰᠢ ᠲᠥᠪ ᠭᠤᠣᠯᠴᠢ ᠵᠠᠷᠴᠢᠮ ᠶᠣᠰᠣᠭᠠᠷ ᠬᠤᠭᠤᠴᠠᠭ᠎ᠠ ᠥᠩᠭᠡᠷᠡᠲᠡᠯ᠎ᠡ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠠᠰᠠᠭᠤᠨ ᠯᠠᠪᠯᠠᠬᠤ ᠤᠲᠠᠰᠤ᠄ 0474 - 7588182ᠰᠤᠷᠤᠭᠴᠢᠳ ᠢ ᠵᠢᠭᠠᠵᠤ ᠪᠤᠶ︶᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3