ᠰᠢᠩ ᠾᠧ ᠰᠢᠶᠠᠨ᠄ ᠨᠣᠭᠤᠭᠠᠷᠠᠭᠤᠯᠤᠯᠲᠠ ᠳᠤ ︽ᠮᠣᠳᠣ ᠳᠠᠷᠢᠵᠤ︾ ᠬᠠᠮᠲᠤ ᠪᠠᠷ ᠢᠷᠡᠭᠡᠳᠦᠶ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2024/4/19
      ᠵᠢᠯ ᠤᠨ ᠠᠵᠢᠯ ᠬᠠᠪᠤᠷ ᠲᠠᠭᠠᠨ᠂ ᠮᠣᠳᠣ ᠳᠠᠷᠢᠵᠤ ᠨᠣᠭᠤᠭᠠᠷᠠᠬᠤ ᠨᠢ ᠶᠠᠭ ᠴᠠᠭ ᠲᠠᠭᠠᠨ ᠪᠠᠶᠢᠳᠠᠭ᠃ 4 ᠰᠠᠷ᠎ᠠ ᠶᠢᠨ 18 ᠤ ᠡᠳᠦᠷ᠂ ᠰᠢᠩ ᠡᡁᠧ ᠰᠢᠶᠠᠨ ᠤ ᠬᠢᠨ ᠡᠷᠳᠡᠨᠢ ᠪᠠᠯᠭᠠᠰᠤ ᠶᠢᠨ ᠳ᠋ᠠ ᠫᠦᠸᠧ ᠳ᠋ᠢ ᠲᠣᠰᠬᠤᠨ ᠳᠤ ︽ᠰᠢᠩ ᠡᡁᠧ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠣᠶᠢᠵᠢᠭᠤᠯᠵᠤ ᠨᠣᠭᠤᠭᠠᠷᠠᠭᠤᠯᠬᠤ ᠦᠢᠯᠡᠳᠦᠯᠭᠡ ᠶᠢᠨ ᠬᠥᠮᠦᠵᠢᠯ︾ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠡᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ  ᠬᠦᠳᠡᠯᠭᠡᠭᠡᠨ ᠳᠤ ᠣᠷᠣᠯᠴᠠᠪᠠ᠃      ᠮᠣᠳᠣ ᠲᠠᠷᠢᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠦᠬᠦ ᠰᠢᠶᠠᠨ ᠤ ᠺᠠᠳ᠋ᠷ ᠠᠵᠢᠯᠳᠠᠨ ᠠᠵᠢᠯᠴᠢᠨ ᠤ ᠬᠠᠯᠠᠭᠤᠨ ᠰᠡᠳᠬᠢᠯᠭᠡ ᠣᠷᠭᠢᠯᠵᠤ᠂ ᠡᠷᠴᠢ ᠵᠣᠷᠢᠭ ᠲᠡᠭᠦᠯᠳᠡᠷ ᠪᠠᠶᠢᠯ᠎ᠠ᠃ ᠨᠦᠭᠡ ᠮᠠᠯᠲᠠᠬᠤ᠂ ᠴᠢᠬᠢ ᠶᠢ ᠲᠡᠳᠬᠦᠬᠦ᠂ ᠰᠢᠷᠣᠶ ᠨᠡᠮᠡᠬᠦ᠂ ᠤᠰᠤᠯᠠᠬᠤ ᠳᠤ ᠭᠤᠭᠴᠤᠭ᠎ᠠ ᠨᠢᠭᠡᠪᠦᠷᠢ ᠳᠤ ᠴᠥᠮ ᠬᠢᠨᠠᠮᠠᠭᠠᠶ ᠬᠠᠨᠳᠤᠵᠤ᠂ ︽ᠨᠢᠭᠡ ᠰᠠᠭᠤᠷᠢ ᠲᠠᠷᠢᠪᠠᠯ ᠨᠢᠭᠡ ᠰᠠᠭᠤᠷᠢ ᠤᠷᠭᠤᠵᠤ᠂ ᠨᠢᠭᠡ ᠬᠡᠰᠡᠭ ᠲᠠᠷᠢᠪᠠᠯ ᠨᠢᠭᠡ ᠬᠡᠰᠡᠭ ᠨᠣᠭᠤᠭᠠᠨ ᠪᠣᠯᠭᠠᠬᠤ ︾ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠰ ᠤᠳᠠᠭᠠᠨ ᠤ ᠳᠠᠷᠢᠵᠤ ᠤᠷᠭᠤᠭᠤᠯᠤᠭᠰᠠᠨ ᠮᠣᠳᠣᠨ ᠤ ᠲᠥᠷᠥᠯ ᠨᠢ ᠭᠤᠤᠯᠳᠠᠭᠤ ᠵᠢᠭᠠᠷᠲᠤ ᠨᠠᠷᠠᠰᠤ᠂ ᠭᠠᠴᠤᠷ᠎ᠠ ᠵᠡᠷᠭᠡ ᠮᠥᠩᠬᠡ ᠨᠣᠭᠤᠭᠠᠨ ᠮᠣᠳᠣᠨ ᠤ ᠲᠥᠷᠥᠯ ᠢᠶᠠᠷ ᠭᠤᠤᠯᠯᠠᠵᠤ᠂ 11200 ᠰᠠᠭᠤᠷᠢ ᠳᠠᠷᠢᠵᠤ᠂ 200 ᠮᠥ ᠨᠣᠭᠤᠭᠠᠷᠠᠭᠤᠯᠤᠭᠰᠠᠨ ᠲᠠᠯᠠᠪᠠᠶ ᠲᠠᠢ᠃ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠣᠬᠢᠷᠠᠮᠵᠢᠲᠠᠶ ᠭᠠᠵᠠᠷ ᠲᠤ ᠲᠣᠬᠢᠷᠠᠮᠵᠢᠲᠠᠶ ᠮᠣᠳᠣ ᠳᠠᠷᠢᠬᠤ ᠵᠠᠷᠴᠢᠮ ᠢ ᠪᠠᠷᠢᠮᠲᠠᠯᠠᠬᠤ ᠮᠥᠷᠲᠡᠭᠡᠨ ᠪᠠᠰᠠ ᠴᠡᠴᠡᠷᠯᠢᠭ ᠤᠨ ᠦᠵᠡᠮᠵᠢ ᠶᠢᠨ ᠦᠷ᠎ᠡ ᠪᠦᠲᠦᠮᠵᠢ ᠶᠢ ᠨᠢᠭᠡᠳᠦᠯᠲᠡᠶ ᠲᠥᠯᠥᠪᠯᠡᠵᠦ᠂ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠥᠯᠥᠪᠵᠢᠭᠦᠯᠦᠨ ᠵᠢᠷᠤᠵᠤ ᠲᠥᠯᠥᠪᠯᠡᠬᠦ ᠶᠢᠨ ᠬᠠᠮᠲᠤ ᠭᠠᠵᠠᠷ ᠲᠡᠭᠰᠢᠯᠡᠨ ᠨᠦᠬᠡ ᠮᠠᠯᠲᠠᠬᠤ᠂ ᠵᠠᠮ ᠵᠠᠰᠠᠬᠤ᠂ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠪᠤᠶᠢᠵᠢᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃      ᠣᠶᠢᠷ᠎ᠠ ᠶᠢᠨ ᠵᠢᠯ ᠳᠤ᠂ ᠰᠢᠩ ᠾᠧ ᠰᠢᠶᠠᠨ ᠤ ᠬᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲᠧᠮ ᠲᠠᠢ ᠵᠠᠰᠠᠬᠤ ᠶᠢ ᠪᠠᠷᠢᠮᠲᠠᠯᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠨᠣᠭᠤᠭᠠᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠣᠳᠣ ᠲᠠᠷᠢᠵᠤ ᠣᠶᠢᠵᠢᠭᠤᠯᠬᠤ ᠠᠵᠢᠯ ᠢ ᠵᠢᠯ ᠲᠤᠷᠰᠢ ᠴᠥᠬᠦᠷᠡᠰᠢ ᠦᠭᠡᠢ ᠥᠷᠨᠢᠭᠦᠯᠬᠦ ᠪᠠᠷ ᠳᠠᠮᠵᠢᠨ ᠭᠠᠵᠠᠷ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠠᠶᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃      ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃                                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3