ᠯᠢ ᠺᠠᠢ ᠳ᠋ᠦᠩ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/2
     3 ᠰᠠᠷ᠎ᠠ ᠶᠢᠨ 29᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠠᠶᠤᠯᠭᠦᠶ ᠤᠶᠢᠯᠡᠳᠪᠤᠷᠢᠯᠡᠯ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠢ ᠳ᠋ᠦᠩ ᠨᠡᠷ ᠮᠠᠨ ᠤ ᠰᠢᠶᠠᠨ ᠤ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ  ᠵᠢᠱᠢᠶ᠎ᠡ ᠦᠵᠡᠭᠦᠯᠬᠦ ᠲᠦᠷᠦᠯ ᠵᠦᠢᠯ ᠳᠤ ᠬᠦᠷᠴᠦ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠪᠣᠯᠤᠨ ᠪᠠᠷᠢᠯᠭ᠎ᠠ ᠶᠢᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠢ ᠨᠠᠰᠤᠨ ᠤ ᠱᠤᠭᠤᠮ᠂ ᠥᠨᠳᠥᠷ ᠳᠠᠷᠤᠯᠲᠠᠲᠤ ᠱᠤᠭᠤᠮ᠂ ᠰᠡᠷᠭᠡᠶᠢᠯᠡᠯᠲᠡ ᠶᠢᠨ ᠱᠤᠭᠤᠮ ᠮᠥᠨ᠂ ᠠᠯᠢᠪᠠ ᠠᠵᠢᠯ ᠢ ᠰᠠᠶᠢᠲᠤᠷ ᠠᠳᠬᠤᠬᠤ ᠶᠢᠨ ᠬᠤᠷᠢᠭ᠎ᠠ ᠱᠤᠭᠤᠮ ᠪᠠ ᠪᠠᠲᠤᠯᠠᠭ᠎ᠠ ᠮᠥᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠪᠠ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠢᠶᠠᠩ ᠪᠠᠯᠭᠠᠰᠤ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠬᠤᠯᠠ ᠶᠡᠭᠡ ᠲᠦᠷᠦᠯ ᠵᠦᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ᠃     ᠰᠤᠮᠤ ᠶᠢᠨ ᠠᠭᠤᠯᠠᠨ ᠤᠢ ᠰᠢᠭᠤᠢ ᠶᠢᠨ ᠲᠠᠯᠠᠪᠠᠢ ᠳᠤ᠂ ᠯᠢ ᠺᠠᠢ ᠳ᠋ᠦᠩ ᠨᠡᠷ ᠤᠢ ᠰᠢᠭᠤᠢ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠴᠠᠭᠠᠯᠲᠠ ᠶᠢᠨ ᠬᠤᠷᠢᠭ᠎ᠠ ᠴᠡᠭ᠂ ᠤᠢ ᠰᠢᠭᠤᠢ ᠶᠢᠨ ᠭᠠᠯ ᠤᠨᠲᠠᠷᠠᠭᠠᠬᠤ ᠠᠩᠬᠢ ᠶᠢᠨ ᠪᠣᠯᠪᠠᠰᠤᠷᠠᠯ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠳᠤᠬᠢᠷᠠᠭᠤᠯᠤᠯᠳᠠ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠡᠢ᠃ ᠯᠢ ᠺᠠᠢ ᠳ᠋ᠦᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ︔ ᠭᠠᠯ ᠤᠨ ᠢᠷᠡᠯᠲᠡ ᠶᠢ ᠴᠢᠩᠭ᠎ᠠ ᠬᠠᠮᠢᠶᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠨ᠂ ᠠᠭᠤᠯᠠᠨ ᠳᠤ ᠭᠠᠷᠬᠤ ᠬᠥᠮᠦᠨ᠂ ᠲᠡᠷᠭᠡ ᠬᠥᠰᠬᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨ ᠲᠥᠷᠥᠯ ᠢ ᠠᠭᠤᠯᠠᠨ ᠣᠶ ᠳᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠢᠮᠠᠭᠲᠠ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠵᠤ᠂ ᠬᠡᠭᠡᠷ᠎ᠡ ᠭᠠᠳᠠᠨ᠎ᠠ ᠬᠠᠤᠯᠢ ᠶᠢ ᠵᠥᠷᠢᠴᠡᠨ ᠭᠠᠯ ᠬᠡᠷᠡᠭᠯᠡᠬᠦ ᠦᠶ᠋ᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠂ ᠢᠯᠠᠩᠭᠤᠶ᠎ᠠ ᠬᠠᠩᠰᠢ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠭᠠᠯ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ︔ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3