ᠪᠥᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠴᠢ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠮᠠᠨ ᠤ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/2
     ᠪᠥᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 29᠎ ᠤ ᠡᠳᠦᠷ᠂ ᠪᠥᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠴᠢ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠢ ᠳᠥᠯᠭᠢᠨ ᠠᠬᠢᠭᠤᠯᠬᠤ ᠬᠤᠷᠠᠯ ᠮᠠᠨ ᠤ ᠰᠢᠶᠠᠨ ᠳᠤ ᠬᠤᠷᠠᠯᠳᠤᠪᠠ᠃ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ᠂ ᠡᠯ᠎ᠡ ᠬᠤᠰᠢᠭᠤ ᠰᠢᠶᠠᠨ᠂ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢᠳᠠᠨ ᠬᠠᠮᠢᠶᠠᠷᠬᠤ ᠡᠷᠬᠢᠯᠡᠭᠴᠢ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠤ ᠰᠤᠮᠤ ᠰᠢᠶᠠᠩ ᠪᠠᠯᠭᠠᠰᠤ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠳᠠᠷᠤᠭ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ᠮᠠᠨ ᠤ ᠰᠢᠶᠠᠨ ᠤ ᠣᠷᠳᠣᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠤ ᠥᠷᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠳ᠋ᠠ ᠺᠦ᠋ ᠯᠢᠶᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠼᠤᠤ ᠰᠧ ᠶᠣᠣ ᠡᠷᠡᠭᠦᠯ ᠬᠠᠮᠠᠭᠠᠯᠠᠯ ᠤᠨ ᠬᠤᠷᠢᠶ᠎ᠠ᠂ ᠣᠷᠳᠣᠨ ᠪᠠᠯᠭᠠᠰᠤᠨ ᠤ ᠬᠠᠶ ᠸᠤ᠋ ᠽᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠶᠢ ᠲᠣᠭᠤᠷᠢᠨ ᠦᠵᠡᠪᠡ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠤᠶᠢᠯᠡᠴᠢᠯᠡᠬᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠥᠲᠥᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠰᠢᠯᠢᠳᠡᠭ  ᠤᠶᠢᠯᠡᠴᠢᠯᠡᠭᠡᠨ ᠤ ᠪᠠᠩᠬᠢ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠷᠥᠯ ᠵᠤᠶᠢᠯ᠂ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠵᠡᠷᠭᠡ ᠠᠵᠢᠯ ᠢ ᠪᠠᠶᠢᠷᠢᠯᠠᠭᠤᠯᠬᠤ ᠲᠤᠬᠠᠶ ᠲᠣᠰ ᠲᠣᠰ ᠲᠤᠬᠠᠶ ᠶᠢᠨ ᠲᠠᠯᠠᠪᠤᠷ ᠲᠤ ᠰᠣᠯᠢᠯᠴᠠᠨ ᠰᠤᠷᠤᠯᠴᠠᠪᠠ᠃      ᠬᠤᠷᠠᠯ ᠳᠡᠭᠡᠷ᠎ᠡ ᠪᠦᠬᠦ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ 2023 ᠣᠨ ᠤ ᠪᠥᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠵᠡᠷᠭᠡ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠬᠦ᠂ ᠦᠨᠳᠦᠰᠦᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠡᠷᠭᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠡᠨᠡ ᠵᠢᠯ ᠠᠴᠠ ᠨᠠᠰᠢᠬᠢ ᠪᠦᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠦᠬᠦ ᠲᠠᠯ᠎ᠠ ᠪᠠᠷ ᠵᠠᠳᠠᠯᠵᠤ᠂ ᠪᠦᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠳᠣᠬᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠵᠥᠪ ᠢᠶᠠᠷ ᠲᠠᠨᠢᠨ ᠡᠵᠡᠮᠳᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠨᠠᠷ ᠰᠠᠶᠢᠲᠠᠶ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠦᠨᠳᠦᠰᠦᠨ ᠱᠠᠲᠤ ᠶᠢ ᠴᠢᠩᠭᠠᠳᠬᠠᠬᠤ ᠴᠢᠬᠤᠯᠠ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠵᠠᠷᠤᠳᠠᠯ ᠤᠨ ᠣᠷᠣᠭᠤᠯᠤᠯᠲᠠ᠂ ᠠᠵᠢᠯᠲᠠᠨ ᠤ ᠣᠷᠣᠨ ᠲᠤᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠵᠡᠷᠭᠡ ᠭᠤᠤᠯᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠤᠲᠠᠭᠤᠳᠠᠯ ᠢ ᠨᠥᠬᠦᠪᠥᠷᠢᠯᠡᠬᠦ ᠬᠦᠴᠦᠷᠬᠡᠭ ᠪᠠᠭᠤᠷᠠᠶ ᠶᠢᠨ ᠲᠠᠯ᠎ᠠ ᠪᠠᠷ ᠨᠡᠩ ᠲᠦᠷᠭᠡᠨ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠂ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠠᠬᠢᠴᠠ ᠶᠢ ᠲᠦᠷᠭᠡᠳᠬᠡᠨ ᠂ ᠬᠤᠲᠠ ᠬᠥᠳᠡᠭᠡ ᠶᠢᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠵᠥᠷᠢᠶ᠎ᠡ ᠶᠢ ᠲᠠᠰᠤᠷᠠᠯᠲᠠ ᠥᠬᠡᠶ ᠪᠠᠭᠠᠰᠬᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠨᠢᠭᠡ ᠬᠥᠯᠭᠡ ᠰᠢᠲᠠᠷ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠬᠢ ᠪᠠᠶᠠᠯᠢᠭ ᠢ ᠵᠣᠬᠢᠴᠠᠭᠤᠯᠤᠨ ᠴᠤᠭᠭᠠᠷ ᠠᠳᠬᠤᠵᠤ ᠬᠠᠮᠲᠤᠪᠠᠷ ᠬᠠᠮᠢᠶᠠᠷᠴᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3