ᠯᠢ ᠺᠠᠶ ᠳ᠋ᠦᠩ ︽ᠭᠤᠷᠪᠠᠨ ᠬᠥᠪᠡᠭᠡ ᠲᠤᠯᠤᠭᠠᠨ ᠣᠷᠣᠨ︾ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠵᠠᠰᠠᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/2
     4 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ︽ᠭᠤᠷᠪᠠᠨ ᠬᠦᠪᠡᠭᠡ ᠲᠤᠯᠤᠭᠠᠨ ᠲᠣᠭᠤᠷᠢᠭ︾ ᠤᠨ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠵᠠᠰᠠᠬᠤ᠂ ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠩ ᠯᠢᠶᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠢ ᠳ᠋ᠦᠩ ᠨᠡᠷ ᠤᠷᠢᠳ ᠬᠤᠵᠢᠳ ᠲᠦᠷᠭᠡᠨ ᠤ ᠲᠡᠮᠦᠷ ᠵᠠᠮ ᠤᠨ ᠦᠷᠳᠡᠭᠡ ᠳᠠᠭᠠᠤ᠂ ᠪᠦᠯᠬᠦᠮᠳᠡᠯ ᠰᠢᠶᠠᠩ ᠤᠨ ᠲᠠᠶᠢᠵᠢ ᠰᠦᠮ᠎ᠡ ᠶᠢᠨ ᠰᠢᠩ ᠪᠠ ᠲᠦᠷᠭᠡᠨ ᠤ ᠵᠠᠰᠠᠮᠠᠯ ᠵᠠᠮ ᠤᠨ ᠱᠤᠭᠤᠮ ᠳᠠᠭᠠᠤ ᠵᠡᠷᠭᠡ ︽ᠭᠤᠷᠪᠠᠨ ᠬᠦᠪᠡᠭᠡ ᠲᠤᠯᠤᠭᠠᠨ ᠲᠣᠭᠤᠷᠢᠭ︾ ᠤᠨ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠵᠢᠴᠢ ᠳᠠᠯᠠᠨ ᠬᠠᠷ᠎ᠠ ᠠᠭᠤᠯᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠰᠢᠨ᠎ᠡ ᠰᠤᠷᠲᠠᠯ ᠢ ᠪᠤᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠬᠤᠲᠠ ᠬᠥᠳᠡᠭᠡ ᠶᠢᠨ ᠣᠷᠴᠢᠨ ᠨᠥᠬᠦᠴᠡᠯ ᠢ ᠳᠡᠭᠡᠭᠰᠢᠯᠡᠭᠦᠯᠬᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠷᠡ ᠴᠢᠬᠤᠯᠠᠴᠢᠯᠠᠭᠰᠠᠨ ᠨᠢ  ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠵᠠᠰᠠᠬᠤ ᠪᠠ ᠨᠡᠶᠢᠲᠡ ᠶᠢᠨ ᠪᠤᠩᠬᠤᠨ ᠤ ᠪᠦᠳᠦᠬᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ  ᠃ ᠬᠠᠩᠰᠢ ᠠᠴᠠ ᠡᠮᠦᠨᠡᠬᠢ ᠠᠰᠢᠭᠲᠠᠶ ᠴᠠᠭ ᠲᠣᠬᠢᠶᠠᠯ ᠢ ᠭᠦᠢᠴᠡᠳ ᠠᠰᠢᠭᠯᠠᠨ᠂ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠪᠠ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ᠂ ᠪᠣᠯᠪᠠᠰᠤᠨ᠂ ᠠᠷᠪᠢᠲᠠᠶ ᠣᠷᠣᠰᠢᠭᠤᠯᠭ᠎ᠠ ᠶᠢᠨ ᠦᠵᠡᠯᠲᠡ ᠶᠢ ᠪᠤᠢ ᠪᠣᠯᠭᠠᠵᠤ᠂ ᠪᠦᠬᠦ ᠰᠢᠶᠠᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃      ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠳᠠᠭᠠᠯᠠᠮᠵᠢ ᠶᠢᠨ ᠬᠥᠮᠥᠷᠭᠡ ᠳᠤ᠂ ᠯᠢ ᠺᠠᠢ ᠳ᠋ᠦᠩ ᠨᠡᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠳᠠᠭᠠᠯᠠᠮᠵᠢ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢ ᠰᠠᠶᠢᠲᠤᠷ ᠬᠢᠬᠦ ᠶᠠᠪᠤᠳᠠᠯ ᠪᠣᠯᠤᠨ᠎ᠠ᠃ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠮᠥᠨ᠂ ᠡᠯ᠎ᠡ ᠰᠢᠶᠠᠩ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠬᠡᠮᠵᠢᠶ᠎ᠡ ᠭᠦᠢᠴᠡᠳ᠂ ᠶᠠᠰᠤ ᠴᠢᠨᠠᠷ ᠰᠢᠯᠢᠳᠡᠭ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠶ᠃      ᠯᠢ ᠺᠠᠶ ᠳ᠋ᠦᠩ ᠨᠡᠷ ᠳ᠋ᠢᠶᠠᠨ ᠽᠢ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠤᠬᠠᠶ ᠶᠢᠨ ᠲᠠᠯᠠᠪᠤᠷ ᠲᠤ᠂ ᠰᠢᠶᠠᠩ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠠᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠲᠡᠷᠡ ᠴᠢᠬᠤᠯᠠᠴᠢᠯᠠᠭᠰᠠᠨ ᠨᠢ᠂ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠲᠥᠷᠥᠯ ᠵᠤᠶᠢᠯ ᠤᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠪᠠᠲᠤ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨ ᠬᠦ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠠᠴᠢᠶᠠᠯᠠᠪᠤᠷᠢ ᠪᠠ ᠬᠦᠴᠦᠲᠡᠶ ᠪᠠᠲᠤᠯᠠᠭ᠎ᠠ ᠪᠣᠯᠭᠠᠵᠤ᠂ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃       ᠳ᠋ᠠ ᠲᠥᠩ ᠶᠣᠣ ᠰᠢᠶᠠᠩ ᠤᠨ ᠢᠳᠡᠰᠢᠨ ᠨᠣᠭᠤᠭ᠎ᠠ ᠲᠠᠷᠢᠬᠤ ᠲᠤᠬᠠᠢ ᠶᠢᠨ ᠲᠠᠯᠠᠪᠠᠢ ᠳᠤ᠂ ᠯᠢ ᠺᠠᠢ ᠳ᠋ᠦᠩ ᠨᠡᠷ ᠢᠳᠡᠰᠢᠨ ᠨᠣᠭᠤᠭ᠎ᠠ ᠲᠠᠷᠢᠬᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ ᠃ ᠲᠡᠷᠡ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠬᠥᠲᠥᠯᠥᠨ ᠵᠢᠯᠣᠭᠤᠳᠬᠤ ᠠᠵᠢᠯ ᠢ ᠴᠢᠩᠭᠠᠳᠬᠠᠵᠤ᠂ ᠤᠯᠠᠨ ᠲᠦᠮᠡᠨ ᠤ ᠲᠠᠷᠢᠶᠠᠯᠠᠩ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠬᠡᠷᠡᠭᠯᠡᠭᠡᠨ ᠤ ᠮᠡᠷᠭᠡᠵᠢᠯ ᠢ ᠯᠠᠪᠳᠠᠭᠤᠨ ᠪᠠᠲᠤᠲᠠᠶ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠢ ᠬᠢᠨᠠᠨ ᠬᠠᠮᠢᠶᠠᠷᠬᠤ ᠪᠠ ᠨᠠᠷᠢᠯᠢᠬᠵᠢᠭᠤᠯᠤᠨ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠠᠵᠤ ᠦᠢᠯᠡᠰ ᠤᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠪᠦᠬᠦ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠰᠢᠰᠲ᠋ᠧᠮ ᠤᠨ ᠶᠠᠰᠤ ᠴᠢᠨᠠᠷ ᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3