3 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠠᠶᠤᠯᠭᠦᠶ ᠤᠶᠢᠯᠡᠳᠪᠤᠷᠢᠯᠡᠯ᠂ ᠲᠥᠷᠥᠯ ᠵᠦᠶ᠋ᠯ ᠤᠨ | ᠪᠥᠲᠥᠭᠡᠨ ᠪᠠᠶᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ | ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠯᠢ ᠺᠠᠢ ᠳ᠋ᠦᠩ ᠨᠡᠷ ᠮᠠᠨ ᠤ ᠰᠢᠶᠠᠨ ᠤ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠵᠢᠱᠢᠶ᠎ᠡ ᠦᠵᠡᠭᠦᠯᠬᠦ ᠲᠦᠷᠦᠯ ᠵᠦᠢᠯ ᠳᠤ ᠬᠦᠷᠴᠦ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ | ᠪᠣᠯᠤᠨ ᠪᠠᠷᠢᠯᠭ᠎ᠠ ᠶᠢᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ | ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠮᠢ ᠨᠠᠰᠤᠨ ᠤ ᠱᠤᠭᠤᠮ᠂ ᠥᠨᠳᠥᠷ ᠳᠠᠷᠤᠯᠲᠠᠲᠤ ᠱᠤᠭᠤᠮ᠂ ᠰᠡᠷᠭᠡᠶᠢᠯᠡᠯᠲᠡ ᠶᠢᠨ ᠱᠤᠭᠤᠮ | ᠮᠥᠨ᠂ ᠠᠯᠢᠪᠠ ᠠᠵᠢᠯ ᠢ ᠰᠠᠶᠢᠲᠤᠷ ᠠᠳᠬᠤᠬᠤ ᠶᠢᠨ ᠬᠤᠷᠢᠭ᠎ᠠ ᠱᠤᠭᠤᠮ ᠪᠠ ᠪᠠᠲᠤᠯᠠᠭ᠎ᠠ ᠮᠥᠨ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠤᠨ ᠴᠢᠳᠠᠪᠤᠷᠢ ᠪᠠ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ | ᠬᠠᠷᠢᠭᠤᠴᠠᠯᠭ᠎ᠠ᠂ ᠰᠢᠶᠠᠩ ᠪᠠᠯᠭᠠᠰᠤ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ | ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢ ᠴᠢᠩᠭ᠎ᠠ ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠬᠤᠯᠠ ᠶᠡᠭᠡ ᠲᠦᠷᠦᠯ ᠵᠦᠢᠯ ᠤᠨ ᠥᠨᠳᠥᠷ | ᠪᠦᠲᠦᠮᠵᠢᠲᠡᠢ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ᠃ | ᠰᠤᠮᠤ ᠶᠢᠨ ᠠᠭᠤᠯᠠᠨ ᠤᠢ ᠰᠢᠭᠤᠢ ᠶᠢᠨ ᠲᠠᠯᠠᠪᠠᠢ ᠳᠤ᠂ ᠯᠢ ᠺᠠᠢ ᠳ᠋ᠦᠩ ᠨᠡᠷ ᠤᠢ ᠰᠢᠭᠤᠢ ᠶᠢᠨ ᠭᠠᠯ | ᠰᠡᠷᠭᠡᠶᠢᠯᠡᠬᠦ ᠭᠠᠯ ᠤᠨᠲᠠᠷᠠᠭᠠᠬᠤ ᠪᠠᠶᠢᠴᠠᠭᠠᠯᠲᠠ ᠶᠢᠨ ᠬᠤᠷᠢᠭ᠎ᠠ ᠴᠡᠭ᠂ ᠤᠢ ᠰᠢᠭᠤᠢ ᠶᠢᠨ ᠭᠠᠯ ᠤᠨᠲᠠᠷᠠᠭᠠᠬᠤ | ᠠᠩᠬᠢ ᠶᠢᠨ ᠪᠣᠯᠪᠠᠰᠤᠷᠠᠯ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠳᠤᠬᠢᠷᠠᠭᠤᠯᠤᠯᠳᠠ ᠵᠡᠷᠭᠡ ᠪᠠᠶᠢᠳᠠᠯ ᠢ | ᠪᠠᠶᠢᠴᠠᠭᠠᠨ ᠦᠵᠡᠭᠰᠡᠨ ᠪᠥᠭᠡᠳ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠡᠢ᠃ ᠯᠢ ᠺᠠᠢ | ᠳ᠋ᠦᠩ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ︔ | ᠭᠠᠯ ᠤᠨ ᠢᠷᠡᠯᠲᠡ ᠶᠢ ᠴᠢᠩᠭ᠎ᠠ ᠬᠠᠮᠢᠶᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠨ᠂ ᠠᠭᠤᠯᠠᠨ ᠳᠤ | ᠭᠠᠷᠬᠤ ᠬᠥᠮᠦᠨ᠂ ᠲᠡᠷᠭᠡ ᠬᠥᠰᠬᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠭᠠᠯ ᠤᠨ ᠲᠥᠷᠥᠯ ᠢ ᠠᠭᠤᠯᠠᠨ | ᠣᠶ ᠳᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠢᠮᠠᠭᠲᠠ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠵᠤ᠂ | ᠬᠡᠭᠡᠷ᠎ᠡ ᠭᠠᠳᠠᠨ᠎ᠠ ᠬᠠᠤᠯᠢ ᠶᠢ ᠵᠥᠷᠢᠴᠡᠨ ᠭᠠᠯ ᠬᠡᠷᠡᠭᠯᠡᠬᠦ ᠦᠶ᠋ᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠬᠦ ᠬᠡᠷᠡᠭᠲᠡᠶ᠂ ᠢᠯᠠᠩᠭᠤᠶ᠎ᠠ ᠬᠠᠩᠰᠢ ᠬᠦᠷᠴᠦ ᠢᠷᠡᠬᠦ ᠭᠡᠵᠦ ᠪᠠᠶᠢᠭ᠎ᠠ ᠦᠶ᠎ᠡ ᠳᠤ᠂ ᠭᠠᠯ ᠢ ᠰᠡᠷᠭᠡᠶᠢᠯᠡᠬᠦ | ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠭᠠᠯ ᠢ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠶ︔ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |