ᠪᠥᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠤᠯᠠᠮ ᠨᠢᠭᠡ | ᠠᠯᠬᠤᠮ ᠳᠥᠯᠭᠢᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠴᠢ ᠡᠷᠡᠭᠦᠯ ᠮᠡᠨᠳᠦ ᠶᠢ ᠬᠠᠪᠰᠤᠷᠤᠨ ᠲᠡᠳᠬᠦᠬᠦ ᠠᠵᠢᠯ ᠢ ᠳᠥᠯᠭᠢᠨ | ᠠᠬᠢᠭᠤᠯᠬᠤ ᠬᠤᠷᠠᠯ ᠮᠠᠨ ᠤ ᠰᠢᠶᠠᠨ ᠳᠤ ᠬᠤᠷᠠᠯᠳᠤᠪᠠ᠃ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠪᠠᠶᠢᠭᠤᠯᠤᠯᠭ᠎ᠠ ᠶᠢᠨ ᠠᠵᠢᠯᠴᠢᠨ ᠤ | ᠡᠪᠯᠡᠯ ᠤᠨ ᠲᠡᠷᠢᠭᠦᠯᠡᠭᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠵᠣᠣ ᠬᠤᠶ ᠵᠢᠤᠢ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ᠂ ᠡᠯ᠎ᠡ ᠬᠤᠰᠢᠭᠤ ᠰᠢᠶᠠᠨ᠂ ᠬᠤᠲᠠ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢᠳᠠᠨ ᠬᠠᠮᠢᠶᠠᠷᠬᠤ ᠡᠷᠬᠢᠯᠡᠭᠴᠢ᠂ ᠬᠠᠮᠢᠶ᠎ᠠ ᠪᠥᠬᠦᠶ | ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠤ ᠰᠤᠮᠤ ᠰᠢᠶᠠᠩ | ᠪᠠᠯᠭᠠᠰᠤ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠳᠠᠷᠤᠭ᠎ᠠ ᠶᠢᠨ ᠲᠥᠯᠥᠭᠡᠯᠡᠭᠴᠢ ᠬᠤᠷᠠᠯ ᠳᠤ | ᠣᠷᠣᠯᠴᠠᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ᠮᠠᠨ ᠤ ᠰᠢᠶᠠᠨ ᠤ ᠣᠷᠳᠣᠨ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠤ ᠥᠷᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠳ᠋ᠠ ᠺᠦ᠋ | ᠯᠢᠶᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠼᠤᠤ ᠰᠧ ᠶᠣᠣ ᠡᠷᠡᠭᠦᠯ ᠬᠠᠮᠠᠭᠠᠯᠠᠯ ᠤᠨ ᠬᠤᠷᠢᠶ᠎ᠠ᠂ ᠣᠷᠳᠣᠨ | ᠪᠠᠯᠭᠠᠰᠤᠨ ᠤ ᠬᠠᠶ ᠸᠤ᠋ ᠽᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠶᠢ ᠲᠣᠭᠤᠷᠢᠨ ᠦᠵᠡᠪᠡ᠃ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠤᠶᠢᠯᠡᠴᠢᠯᠡᠬᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠥᠲᠥᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠰᠢᠯᠢᠳᠡᠭ | ᠤᠶᠢᠯᠡᠴᠢᠯᠡᠭᠡᠨ ᠤ ᠪᠠᠩᠬᠢ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ᠂ | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠷᠥᠯ ᠵᠤᠶᠢᠯ᠂ ᠡᠷᠡᠭᠦᠯ | ᠮᠡᠨᠳᠦ ᠶᠢᠨ ᠬᠠᠪᠰᠤᠷᠤᠨ ᠲᠡᠳᠬᠦᠬᠦ ᠵᠡᠷᠭᠡ ᠠᠵᠢᠯ ᠢ ᠪᠠᠶᠢᠷᠢᠯᠠᠭᠤᠯᠬᠤ ᠲᠤᠬᠠᠶ ᠲᠣᠰ ᠲᠣᠰ ᠲᠤᠬᠠᠶ ᠶᠢᠨ ᠲᠠᠯᠠᠪᠤᠷ ᠲᠤ | ᠰᠣᠯᠢᠯᠴᠠᠨ ᠰᠤᠷᠤᠯᠴᠠᠪᠠ᠃ | ᠬᠤᠷᠠᠯ ᠳᠡᠭᠡᠷ᠎ᠡ ᠪᠦᠬᠦ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ 2023 ᠣᠨ ᠤ ᠪᠥᠬᠦ ᠬᠤᠲᠠ ᠶᠢᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠵᠢᠴᠢ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠵᠡᠷᠭᠡ ᠠᠵᠢᠯ ᠤᠨ ᠪᠠᠶᠢᠳᠠᠯ ᠢ | ᠵᠠᠷᠯᠠᠨ ᠮᠡᠳᠡᠭᠳᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠥᠷᠨᠢᠭᠦᠯᠬᠦ᠂ ᠦᠨᠳᠦᠰᠦᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠵᠡᠷᠭᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠳᠡᠭᠡᠷ᠎ᠡ᠂ ᠡᠨᠡ ᠵᠢᠯ ᠠᠴᠠ ᠨᠠᠰᠢᠬᠢ ᠪᠦᠬᠦ ᠬᠤᠲᠠ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠪᠦᠬᠦ ᠲᠠᠯ᠎ᠠ ᠪᠠᠷ ᠵᠠᠳᠠᠯᠵᠤ᠂ ᠪᠦᠬᠦ ᠬᠤᠲᠠ ᠶᠢᠨ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠣᠳᠣᠬᠠᠨ ᠤ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ | ᠵᠥᠪ ᠢᠶᠠᠷ ᠲᠠᠨᠢᠨ ᠡᠵᠡᠮᠳᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠨᠠᠷ ᠰᠠᠶᠢᠲᠠᠶ ᠬᠥᠭᠵᠢᠯᠲᠡ ᠳᠤ | ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠦᠨᠳᠦᠰᠦᠨ ᠱᠠᠲᠤ ᠶᠢ ᠴᠢᠩᠭᠠᠳᠬᠠᠬᠤ | ᠴᠢᠬᠤᠯᠠ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠪᠠᠷ | ᠴᠢᠷᠮᠠᠶᠢᠵᠤ᠂ ᠵᠠᠷᠤᠳᠠᠯ ᠤᠨ ᠣᠷᠣᠭᠤᠯᠤᠯᠲᠠ᠂ ᠠᠵᠢᠯᠲᠠᠨ ᠤ ᠣᠷᠣᠨ ᠲᠤᠭ᠎ᠠ᠂ ᠡᠮ ᠡᠮᠨᠡᠯᠭᠡ ᠶᠢᠨ ᠳᠠᠭᠠᠳᠬᠠᠯ ᠤᠨ | ᠲᠠᠩᠰᠠ ᠲᠠᠶᠢᠯᠬᠤ ᠵᠡᠷᠭᠡ ᠭᠤᠤᠯᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ︔ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠳᠤᠲᠠᠭᠤᠳᠠᠯ ᠢ | ᠨᠥᠬᠦᠪᠥᠷᠢᠯᠡᠬᠦ ᠬᠦᠴᠦᠷᠬᠡᠭ ᠪᠠᠭᠤᠷᠠᠶ ᠶᠢᠨ ᠲᠠᠯ᠎ᠠ ᠪᠠᠷ ᠨᠡᠩ ᠲᠦᠷᠭᠡᠨ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ | ᠂ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠠᠬᠢᠴᠠ ᠶᠢ ᠲᠦᠷᠭᠡᠳᠬᠡᠨ | ᠂ ᠬᠤᠲᠠ ᠬᠥᠳᠡᠭᠡ ᠶᠢᠨ ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠵᠥᠷᠢᠶ᠎ᠡ ᠶᠢ ᠲᠠᠰᠤᠷᠠᠯᠲᠠ ᠥᠬᠡᠶ ᠪᠠᠭᠠᠰᠬᠠᠵᠤ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠨᠢᠭᠡ ᠬᠥᠯᠭᠡ ᠰᠢᠲᠠᠷ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠢ ᠨᠠᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠬᠢ | ᠪᠠᠶᠠᠯᠢᠭ ᠢ ᠵᠣᠬᠢᠴᠠᠭᠤᠯᠤᠨ ᠴᠤᠭᠭᠠᠷ ᠠᠳᠬᠤᠵᠤ ᠬᠠᠮᠲᠤᠪᠠᠷ ᠬᠠᠮᠢᠶᠠᠷᠴᠤ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |