ᠰᠡᠳᠬᠢᠯ ᠳᠣᠲᠣᠷ᠎ᠠ ᠪᠠᠨ ᠣᠯᠠᠨ ᠲᠦᠮᠡᠨ ᠬᠤᠲᠠ ᠶᠢᠨ ᠥᠨᠴᠥᠭ ᠪᠤᠯᠤᠩ ᠢ ᠭᠡᠷᠡᠯᠲᠦᠭᠦᠯᠦᠨ᠎ᠡ ᠭᠡᠵᠦ ᠪᠣᠳᠣᠵᠤ ᠪᠠᠶᠢᠨ᠎ᠠ
ᠨᠡᠶᠢᠲᠡᠯᠡᠭᠰᠡᠨ ᠴᠠᠭ᠄
2024/4/22
     ᠣᠶᠢᠷ᠎ᠠ ᠳᠤ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠡᠷᠬᠢᠨ ᠲᠣᠭᠤᠷᠢᠨ᠂ ᠬᠤᠲᠠ ᠶᠢᠨ ᠭᠠᠷᠠᠮ ᠢᠶᠠᠷ ᠣᠷᠣᠵᠤ ᠭᠠᠷᠬᠤ ᠵᠡᠷᠭᠡ ᠵᠠᠩᠭᠢᠯᠠᠭ᠎ᠠ ᠶᠢᠨ ᠴᠡᠭ ᠤᠨ ᠵᠠᠮ ᠤᠨ ᠳ᠋ᠧᠩ ᠤᠨ ᠠᠰᠠᠭᠠᠬᠤ᠂ ᠬᠠᠭᠠᠬᠤ ᠴᠠᠭ ᠢ ᠰᠢᠨ᠎ᠡ ᠪᠠᠷ ᠲᠣᠬᠢᠷᠠᠭᠤᠯᠵᠤ᠂ ᠣᠯᠠᠨ ᠲᠦᠮᠡᠨ ᠳᠤ ᠲᠦᠢᠯ ᠤᠨ ᠶᠡᠭᠡ ᠲᠥᠬᠦᠮ ᠦᠵᠡᠭᠦᠯᠪᠡ᠃      ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠡ ᠮᠠᠨ ᠤ ᠰᠢᠶᠠᠨ ᠤ ᠰᠢᠨ᠎ᠡ ᠬᠠᠭᠤᠴᠢᠨ ᠬᠤᠳᠠ ᠶᠢᠨ ᠲᠣᠭᠤᠷᠢᠭ ᠤᠨ ᠵᠠᠮ ᠤᠨ ᠳ᠋ᠧᠩ ᠤᠨ ᠪᠠᠶᠢᠳᠠᠯ ᠳᠤ ᠨᠠᠷᠢᠨ ᠨᠢᠭᠲᠠ ᠪᠠᠶᠢᠴᠠᠭᠠᠨ ᠰᠤᠳᠤᠯᠤᠯᠲᠠ ᠬᠢᠵᠦ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠬᠡᠰᠡᠭ ᠵᠡᠭᠡᠯᠢ ᠠᠷᠤ ᠶᠢᠨ ᠵᠢᠵᠢᠭ ᠭᠤᠳᠤᠮᠵᠢ ᠳᠤ ᠵᠠᠮ ᠤᠨ ᠳ᠋ᠧᠩ ᠲᠠᠭᠠᠷᠠᠭᠤᠯᠤᠭᠰᠠᠨ ᠦᠭᠡᠢ᠂ ᠣᠨᠴᠠᠭᠠᠶᠢᠯᠠᠨ ᠰᠢᠩ ᠹᠠ ᠨᠡᠶᠢᠭᠡᠮ ᠲᠣᠭᠤᠷᠢᠭ ᠤᠨ ᠬᠤᠶᠢᠲᠤ ᠬᠡᠰᠡᠭ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠬᠤᠶᠢᠲᠤ ᠬᠡᠰᠡᠭ᠂ ᠬᠠᠭᠤᠴᠢᠨ ᠬᠤᠳᠠ ᠶᠢᠨ ᠲᠣᠭᠤᠷᠢᠭ ᠤᠨ ᠰᠢᠨ ᠬᠤᠸᠠ ᠭᠤᠳᠤᠮᠵᠢ ᠵᠡᠷᠭᠡ ᠬᠥᠮᠦᠨ ᠠᠮᠠ ᠨᠡᠯᠢᠶᠡᠳ ᠲᠥᠪᠯᠡᠷᠡᠭᠰᠡᠨ 9 ᠵᠡᠭᠡᠯᠢ ᠠᠷᠤ ᠶᠢᠨ ᠵᠢᠵᠢᠭ ᠭᠤᠳᠤᠮᠵᠢ ᠳᠤ ᠵᠠᠮ ᠤᠨ ᠳ᠋ᠧᠩ ᠲᠠᠭᠠᠷᠠᠭᠤᠯᠬᠤ ᠴᠢᠬᠤᠯᠠᠲᠠᠢ ᠪᠠᠶᠢᠬᠤ ᠶᠢ ᠣᠯᠵᠤ ᠮᠡᠳᠡᠪᠡ᠃ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠮ ᠤᠨ ᠳ᠋ᠧᠩ ᠤᠭᠰᠠᠷᠠᠬᠤ ᠲᠥᠯᠥᠪᠯᠡᠭᠡ ᠶᠢ ᠦᠳᠲᠡᠷ ᠲᠦᠷᠭᠡᠨ ᠲᠣᠭᠲᠠᠭᠠᠵᠤ᠂ ᠵᠠᠮ ᠱᠤᠭᠤᠮ ᠳᠡᠪᠢᠰᠬᠦ᠂ ᠰᠠᠭᠤᠷᠢ ᠲᠠᠯᠪᠢᠬᠤ᠂ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠳᠠᠭᠤᠰᠤᠭᠰᠠᠨ ᠤ ᠳᠠᠷᠠᠭ᠎ᠠ᠂ ᠣᠶᠢᠷ᠎ᠠ ᠶᠢᠨ ᠬᠤᠭᠤᠴᠠᠭᠠᠨ ᠳᠤ ᠵᠠᠮ ᠤᠨ ᠳ᠋ᠧᠩ ᠤᠭᠰᠠᠷᠠᠬᠤ ᠠᠵᠢᠯ ᠵᠢᠩᠬᠢᠨᠢ ᠪᠠᠷ ᠡᠬᠢᠯᠡᠪᠡ᠃
    ᠲᠣᠰ ᠤᠳᠠᠭ᠎ᠠ ᠳᠤ ᠨᠡᠶᠢᠲᠡ 67 ᠰᠠᠭᠤᠷᠢ ᠵᠠᠮ ᠤᠨ ᠳ᠋ᠧᠩ ᠢ ᠤᠭᠰᠠᠷᠠᠵᠤ᠂ ᠭᠡᠷᠡᠯᠲᠦᠭᠦᠯᠭᠡ ᠶᠢᠨ ᠣᠷᠳᠣ ᠶᠢᠨ ᠬᠡᠮᠵᠢᠶ᠎ᠡ ᠶᠢ 3300 ᠭᠠᠷᠤᠶ ᠮᠧᠲᠷ ᠨᠡᠮᠡᠭᠳᠡᠭᠦᠯᠵᠦ᠂ ︽ᠠᠷᠪᠢᠯᠠᠨ ᠭᠠᠮᠨᠠᠬᠤ᠂ ᠠᠷᠪᠢᠯᠠᠨ ᠭᠠᠮᠨᠠᠬᠤ︾ ᠵᠠᠷᠴᠢᠮ ᠶᠣᠰᠣᠭᠠᠷ᠂ ᠪᠦᠬᠦᠨ ᠢᠶᠠᠷ ᠢᠶᠠᠨ LED ᠡᠨᠧᠷᠭᠢ ᠠᠷᠪᠢᠯᠠᠬᠤ ᠳ᠋ᠧᠩ ᠤᠨ ᠦᠵᠦᠭᠦᠷ ᠢ ᠬᠡᠷᠡᠭᠯᠡᠵᠦ᠂ ᠥᠪᠡᠷ ᠤᠨ ᠥᠷᠲᠡᠭ ᠢ ᠠᠷᠪᠢᠯᠠᠵᠤ ᠂ ᠡᠨᠧᠷᠭᠢ ᠶᠢᠨ ᠬᠤᠷᠣᠭᠳᠠᠯ ᠢ ᠪᠠᠭᠠᠰᠬᠠᠪᠠ᠃                 ᠢᠷᠡᠯᠲᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3