2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠵᠢᠯ︾᠎ ᠤᠨ ᠬᠠᠪᠤᠷ ᠤᠨ ᠤᠯᠠᠷᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠮᠠᠨ ᠤ ᠰᠢᠶᠠᠨ ᠳᠤ ᠬᠦᠷᠴᠦ ᠢᠷᠡᠪᠡ
ᠨᠡᠶᠢᠲᠡᠯᠡᠭᠰᠡᠨ ᠴᠠᠭ᠄
2024/4/23
     4 ᠳ᠋ᠦᠭᠡᠷ ᠰᠠᠷ᠎ᠠ ᠶᠢᠨ 22᠎ ᠠᠴᠠ 23᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠵᠢᠯ︾᠎ ᠤᠨ ᠬᠠᠪᠤᠷ ᠤᠨ ᠤᠯᠠᠷᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠮᠠᠨ ᠤ ᠰᠢᠶᠠᠨ ᠳᠤ ᠬᠦᠷᠴᠦ᠂ ᠮᠠᠨ ᠤ ᠰᠢᠶᠠᠨ ᠤ ᠣᠯᠠᠨ ᠰᠢᠶᠠᠩ ᠪᠠᠯᠭᠠᠰᠤᠨ ᠳᠤ ᠳᠠᠷᠢᠵᠤ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠪᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠪᠡ᠃      ᠪᠣᠯᠪᠠᠰᠤᠷᠠᠭᠤᠯᠤᠯ ᠢ ᠮᠠᠨ ᠤ ᠰᠢᠶᠠᠨ ᠤ ᠣᠳᠣᠬᠠᠨ ᠤ ᠦᠬᠡᠷ᠂ ᠬᠤᠨᠢ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠬᠢᠴᠢᠶᠡᠯ ᠵᠢᠭᠠᠬᠤ ᠪᠠ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠷ ᠶᠠᠪᠤᠭᠳᠠᠭᠤᠯᠤᠨ᠎ᠠ᠃ ᠲᠡᠵᠢᠭᠡᠨ ᠦᠷᠡᠵᠢᠭᠦᠯᠬᠦ ᠤᠶᠢᠯᠡᠰ ᠤᠨ ᠲᠤᠰᠬᠠᠶ ᠮᠡᠷᠭᠡᠵᠢᠯᠲᠡᠨ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠪᠠᠷ ᠲᠣᠰ ᠲᠣᠰ ᠰᠢᠨᠵᠢᠯᠡᠬᠦ ᠤᠬᠠᠭᠠᠨᠴᠢ ᠪᠠᠷ ᠬᠡᠭᠡᠯᠲᠦᠭᠦᠯᠦᠨ ᠪᠤᠶᠢᠵᠢᠭᠤᠯᠬᠤ᠂ ᠠᠯᠠᠰᠢᠨ ᠦᠬᠡᠷ ᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠲᠠᠷᠭᠤᠯᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠡᠭᠡᠯᠢᠯᠡᠭᠡ ᠶᠢᠨ ᠠᠵᠢᠯᠯᠠᠭ᠎ᠠ ᠵᠡᠷᠭᠡ ᠲᠠᠯ᠎ᠠ ᠪᠠᠷ ᠲᠡᠵᠢᠭᠡᠨ ᠦᠷᠡᠵᠢᠭᠦᠯᠬᠦ ᠡᠷᠦᠬᠡ ᠳᠤ ᠪᠣᠳᠠᠲᠠᠶ  ᠤᠶᠢᠯᠡᠳᠪᠤᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠨ ᠥᠭᠴᠡᠶ ︔ ᠲᠠᠷᠢᠮᠠᠯ ᠤᠨ ᠦᠢᠯᠡᠰ ᠤᠨ ᠲᠤᠰᠬᠠᠢ ᠮᠡᠷᠭᠡᠵᠢᠯᠲᠡᠨ ᠤᠰᠤ ᠠᠷᠪᠢᠯᠠᠬᠤ ᠤᠰᠤᠯᠠᠯᠲᠠ᠂ ᠳᠤᠯᠠᠭᠠᠨ ᠤ ᠬᠡᠮᠵᠢᠶ᠎ᠡ ᠴᠢᠬᠢᠭ ᠤᠨ ᠬᠡᠮᠵᠢᠶ᠎ᠡ ᠶᠢᠨ ᠭᠡᠷᠡᠯ ᠤᠨ ᠲᠤᠰᠤᠯᠲᠠ ᠶᠢ ᠡᠵᠡᠮᠳᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠶᠢᠨ ᠲᠣᠭᠤᠷᠢᠨ ᠳᠤ ᠮᠡᠷᠭᠡᠵᠢᠯ ᠤᠨ ᠪᠣᠯᠪᠠᠰᠤᠷᠠᠯ ᠪᠠ ᠵᠢᠯᠤᠭᠤᠳᠤᠯᠭ᠎ᠠ ᠥᠷᠨᠢᠭᠦᠯᠪᠡ︔ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠡᠮᠴᠢᠯᠡᠭᠡᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠡᠯ᠎ᠡ ᠵᠤᠶᠢᠯ ᠤᠨ ᠡᠮᠴᠢᠯᠡᠭᠡᠨ ᠤ ᠪᠠᠶᠢᠴᠠᠭᠠᠯᠲᠠ ᠪᠠ ᠡᠪᠡᠳᠴᠢᠨ ᠡᠮᠭᠡᠭ ᠤᠨ ᠣᠨᠣᠰᠢᠯᠠᠯᠲᠠ ᠬᠢᠵᠦ᠂ ᠲᠣᠰᠬᠤᠨ ᠤ ᠠᠷᠠᠳ ᠤᠨ ᠬᠡᠷ ᠤᠨ ᠡᠭᠦᠳᠡᠨ ᠳᠤ ᠰᠢᠯᠢᠳᠡᠭ ᠡᠮᠴᠢᠯᠡᠭᠡᠨ ᠤ  ᠤᠶᠢᠯᠡᠴᠢᠯᠡᠭᠡ ᠬᠦᠷᠲᠡᠭᠡᠭᠰᠡᠨ ᠪᠠᠶᠢᠨ᠎ᠠ᠃      ᠪᠣᠯᠪᠠᠰᠤᠷᠠᠭᠤᠯᠤᠯ ᠤᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ᠂ ᠡᠮᠬᠢ ᠳᠢᠭᠯᠢᠮ ᠲᠠᠢ᠂ ᠬᠠᠷᠢᠯᠴᠠᠨ ᠰᠣᠯᠢᠯᠴᠠᠵᠤ ᠢᠳᠡᠪᠬᠢᠲᠡᠶ ᠶᠠᠪᠤᠭᠳᠠᠵᠠᠶ᠃ ᠡᠯ᠎ᠡ ᠲᠡᠵᠢᠭᠡᠨ ᠦᠷᠡᠵᠢᠭᠦᠯᠬᠦ ᠡᠷᠦᠬᠡ ᠶᠢᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠬᠠᠭᠤᠷᠠᠶ ᠪᠠᠷᠠᠭ᠎ᠠ ᠪᠠᠷ ᠳᠦᠭᠦᠷᠡᠩ᠂ ᠣᠯᠤᠯᠲᠠ ᠶᠡᠬᠡᠲᠡᠶ᠂ ᠪᠣᠯᠪᠠᠰᠤᠷᠠᠭᠤᠯᠤᠯ ᠤᠨ ᠠᠭᠤᠯᠭ᠎ᠠ ᠨᠢ ᠬᠢᠯᠪᠠᠷ ᠣᠶᠢᠯᠠᠭᠠᠮᠵᠢᠲᠠᠶ ᠪᠣᠯᠬᠤᠷ ᠡᠶᠢᠮᠦᠷᠬᠦ ᠪᠣᠯᠪᠠᠰᠤᠷᠠᠭᠤᠯᠤᠯ ᠤᠨ ᠠᠩᠭᠢ ᠶᠢ ᠢᠯᠡᠭᠦᠬᠡᠨ ᠡᠷᠭᠢᠯᠡᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ ᠪᠠᠶᠠᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠢᠲᠡᠭᠡᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ ᠭᠡᠵᠡᠶ᠃      ᠲᠣᠰ ᠤᠳᠠᠭᠠᠨ ᠤ ᠠᠵᠢᠯᠯᠠᠭ᠎ᠠ ᠨᠢ ᠲᠠᠷᠢᠮᠠᠯ ᠤᠨ ᠡᠷᠦᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠲᠤᠬᠠᠶ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ︽ᠵᠠᠭᠤᠨ ᠲᠤᠰᠬᠠᠶ ᠮᠡᠷᠭᠡᠵᠢᠯᠲᠡᠨ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾᠎ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠯᠠᠮ ᠨᠢᠭᠡ ᠠᠯᠬᠤᠮ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ᠂ ᠲᠠᠷᠢᠶᠠᠯᠠᠩ ᠢ ᠬᠥᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ ᠤᠶᠢᠯᠡᠴᠢᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠬᠥᠳᠡᠭᠡ ᠪᠠᠭᠤᠬᠤ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ ᠤᠶᠢᠯᠡᠴᠢᠯᠡᠭᠡ ᠶᠢᠨ ᠬᠠᠮᠤᠷᠬᠤ ᠬᠡᠪᠴᠢᠶ᠎ᠡ᠂ ᠨᠥᠯᠥᠭᠡᠯᠡᠬᠦ ᠬᠦᠴᠦᠨ ᠪᠠ ᠣᠷᠣᠯᠴᠠᠬᠤ ᠬᠡᠮᠵᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃                          ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ              ᠤᠷᠴᠢᠭᠤᠯᠤᠭᠴᠢ᠄ ᠮᠥᠩᠭᠦᠨᠰᠤᠶᠢᠬᠡ               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3