ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ 2024 ᠣᠨ ᠤ ᠰᠠᠶᠢᠬᠤᠰᠤ ᠪᠠᠯᠭᠠᠰᠤᠨ ᠤ ᠠᠷᠠᠳ ᠤᠨ ᠡᠶᠡᠳᠡᠭᠦᠯᠦᠭᠴᠢ ᠵᠢᠴᠢ ᠲᠣᠰᠬᠤᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠰ︾᠎ ᠤᠨ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠤ ᠥᠷᠨᠢᠭᠦᠯᠵᠡᠢ
ᠨᠡᠶᠢᠲᠡᠯᠡᠭᠰᠡᠨ ᠴᠠᠭ᠄
2024/4/23
     ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾ ᠲᠦᠷᠦᠭᠦᠯᠡᠨ ᠬᠠᠤᠯᠢ ᠶᠢ ᠰᠤᠷᠤᠯᠴᠠᠵᠤ ᠬᠠᠤᠯᠢ ᠶᠢ ᠲᠦᠭᠡᠮᠡᠯᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠡᠶᠡᠳᠡᠭᠦᠯᠦᠭᠴᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠣᠯᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠠᠤᠯᠢᠵᠢᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠠᠶᠢᠬᠤᠰᠤ ᠪᠠᠯᠭᠠᠰᠤ ᠶᠢᠨ ᠠᠷᠠᠳ ᠤᠨ ᠡᠶᠡᠳᠡᠭᠦᠯᠦᠭᠴᠢ ᠵᠢᠴᠢ ᠲᠣᠰᠬᠤᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾᠎ ᠤ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃ ᠡᠯ᠎ᠡ ᠭᠠᠴᠠᠭᠠᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾᠂ ᠠᠷᠠᠳ ᠤᠨ ᠡᠶᠡᠳᠡᠭᠦᠯᠦᠭᠴᠢ ᠪᠣᠯᠪᠠᠰᠤᠷᠠᠯ ᠳᠤ ᠣᠷᠣᠯᠴᠠᠵᠠᠶ᠃      ᠪᠣᠯᠪᠠᠰᠤᠷᠠᠯ ᠤᠨ ᠬᠤᠷᠠᠯ ᠳᠡᠭᠡᠷ᠎ᠡ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾᠎ ᠤ ᠭᠤᠣᠯ ᠡᠭᠦᠷᠭᠡ ᠬᠠᠷᠢᠭᠤᠴᠠᠯᠭ᠎ᠠ᠂ ᠠᠷᠠᠳ ᠤᠨ ᠡᠶᠡᠳᠡᠭᠦᠯᠭᠡ ᠶᠢᠨ ᠬᠡᠷᠡᠭ ᠤᠨ ᠡᠪᠬᠡᠮᠡᠯ ᠢ ᠦᠢᠯᠡᠳᠬᠦ᠂ ᠬᠡᠷᠡᠭ ᠤᠨ ᠵᠢᠱᠢᠶ᠎ᠡ ᠶᠢ ᠪᠢᠴᠢᠬᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠶᠡᠳᠡᠭᠦᠯᠭᠡ ᠶᠢᠨ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠢ ᠣᠷᠣᠭᠤᠯᠬᠤ ᠵᠡᠷᠭᠡ ᠶᠢᠨ ᠲᠣᠭᠤᠷᠢᠨ ᠳᠤ ᠲᠠᠶᠢᠯᠤᠮᠵᠢ ᠬᠢᠵᠦ᠂ ︽ᠹᠧᠩᠴᠢᠶᠤᠤ ᠶᠢᠨ ᠲᠤᠷᠰᠢᠯᠭ᠎ᠠ︾᠎ ᠶᠢᠨ ᠠᠷᠭ᠎ᠠ ᠬᠢᠳᠡᠯ ᠢ ᠤᠯᠠᠮ ᠴᠢᠨᠠᠭᠰᠢᠳᠠ ᠲᠠᠶᠢᠯᠪᠤᠷᠢᠯᠠᠪᠠ᠃ ᠡᠭᠦᠨ ᠤ ᠵᠡᠷᠭᠡᠴᠡᠭᠡᠪᠡᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠲᠠᠬᠢ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠷ᠎ᠡ ᠲᠣᠭᠲᠠᠭᠠᠬᠤ ᠂ ᠥᠪ ᠵᠠᠯᠭᠠᠮᠵᠢᠯᠠᠬᠤ ᠬᠠᠷᠢᠴᠠᠭ᠎ᠠ᠂ ᠢᠷᠭᠡᠨ ᠤ ᠵᠠᠷᠭᠤ ᠶᠢᠨ ᠬᠦᠴᠦᠨ ᠲᠠᠢ ᠬᠤᠭᠤᠴᠠᠭ᠎ᠠ ᠵᠡᠷᠭᠡ ᠪᠣᠳᠠᠲᠠᠶ ᠠᠰᠠᠭᠤᠳᠠᠯ ᠤᠳ ᠢ ᠲᠠᠶᠢᠯᠪᠤᠷᠢᠯᠠᠪᠠ᠃ ᠠᠵᠢᠯᠲᠠᠳ ᠪᠠᠰᠠ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠵᠦ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠣᠳᠣᠷᠬᠠᠶᠢᠯᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠨ ᠱᠠᠲᠤᠨ ᠤ ᠠᠵᠢᠯ ᠳᠠᠬᠢ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠵᠤ᠂ ᠡᠭᠦᠨ ᠤ ᠤᠯᠠᠮ ᠠᠴᠠ ︽ᠬᠠᠤᠯᠢ ᠴᠠᠭᠠᠵᠠ ᠶᠢᠨ ᠮᠡᠷᠭᠡᠨ ᠬᠥᠮᠦᠨ︾᠂ ᠠᠷᠠᠳ ᠤᠨ ᠡᠶᠡᠳᠡᠭᠦᠯᠦᠭᠴᠢ ᠶᠢᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠪᠠᠰᠠ ᠪᠣᠯᠪᠠᠰᠤᠷᠠᠯ ᠳᠤ ᠣᠷᠣᠯᠴᠠᠭᠰᠠᠨ ᠠᠷᠠᠳ ᠤᠨ ᠡᠶᠡᠳᠡᠭᠦᠯᠦᠭᠴᠢ᠂ ︽ᠬᠠᠤᠯᠢ ᠴᠠᠭᠠᠵᠠ ᠶᠢᠨ ᠮᠡᠷᠭᠡᠨ ᠬᠥᠮᠦᠨ︾᠎ ᠳᠤ ᠢᠷᠭᠡᠨ ᠤ ᠬᠠᠤᠯᠢ ᠶᠢᠨ ᠪᠢᠴᠢᠭ ᠤᠨ ᠤᠭᠤᠲᠠ ᠶᠢᠨ ᠪᠢᠴᠢᠭ ᠪᠠ ︽ᠬᠠᠤᠯᠢ ᠴᠠᠭᠠᠵᠠ ᠶᠢᠨ ᠮᠡᠷᠭᠡᠨ ᠬᠥᠮᠦᠨ︾᠎ ᠤ ᠬᠠᠤᠯᠢ ᠰᠤᠷᠬᠤ ᠤᠩᠰᠢᠬᠤ ᠪᠢᠴᠢᠭ ᠢ ᠲᠠᠷᠬᠠᠭᠠᠪᠠ᠃      ᠬᠤᠶᠢᠰᠢᠳᠠ ᠰᠠᠶᠢᠬᠤᠰᠤ ᠬᠠᠤᠯᠢ ᠴᠠᠭᠠᠵᠠ ᠶᠢᠨ ᠭᠠᠵᠠᠷ ᠦᠷᠭᠦᠯᠵᠢᠯᠡᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾ ︽ᠬᠠᠤᠯᠢ ᠪᠠᠷ ᠵᠠᠰᠠᠬᠤ ᠳᠠᠭᠠᠭᠤᠯᠤᠭᠴᠢ︾᠎ ᠶᠢ ᠵᠣᠷᠢᠭᠵᠢᠭᠤᠯᠤᠨ ᠰᠢᠪᠠᠳᠠᠵᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠪᠠᠲᠤ ᠴᠡᠭᠡᠵᠢᠯᠡᠭᠦᠯᠵᠦ᠂ ᠲᠡᠭᠦᠨ ᠤ ᠬᠠᠤᠯᠢᠵᠢᠯ ᠤᠨ ᠰᠡᠳᠬᠢᠬᠦᠢ ᠪᠠ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠤᠬᠠᠭᠤᠯᠬᠤ᠂ ᠬᠠᠤᠯᠢ ᠶᠣᠰᠣᠭᠠᠷ ᠵᠥᠷᠢᠴᠡᠯ ᠢ ᠨᠠᠮᠳᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠭᠦᠢᠴᠡᠳᠬᠡᠵᠦ᠂ ᠨᠡᠩ ᠤᠯᠠᠨ ᠠᠷᠠᠳ ᠤᠯᠠᠨ ᠢ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠪᠣᠯᠭᠠᠵᠤ᠂ ᠡᠭᠦᠨ ᠤ ᠤᠯᠠᠮ ᠠᠴᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢᠵᠢᠯ ᠤᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃                 ᠵᠤᠬᠢᠶᠠᠭᠴᠢ᠄ ᠰᠠᠶᠢᠬᠤᠰᠤ ᠪᠠᠯᠭᠠᠰᠤ               ᠤᠷᠴᠢᠭᠤᠯᠤᠭᠴᠢ᠄ ᠮᠥᠩᠭᠦᠨᠰᠤᠶᠢᠬᠡ               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3