4 ᠳ᠋ᠦᠭᠡᠷ ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ︽ᠵᠠᠭᠤᠨ | ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠳᠠᠮᠵᠢᠭᠤᠯᠭ᠎ᠠ ᠶᠢᠨ ᠠᠵᠢᠯ︾ ᠤᠨ ᠬᠠᠪᠤᠷ ᠤᠨ ᠤᠯᠠᠷᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠮᠠᠨ ᠤ ᠰᠢᠶᠠᠨ ᠳᠤ | ᠬᠦᠷᠴᠦ᠂ ᠮᠠᠨ ᠤ ᠰᠢᠶᠠᠨ ᠤ ᠣᠯᠠᠨ ᠰᠢᠶᠠᠩ ᠪᠠᠯᠭᠠᠰᠤᠨ ᠳᠤ ᠳᠠᠷᠢᠵᠤ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ | ᠪᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠪᠡ᠃ | ᠪᠣᠯᠪᠠᠰᠤᠷᠠᠭᠤᠯᠤᠯ ᠢ ᠮᠠᠨ ᠤ ᠰᠢᠶᠠᠨ ᠤ ᠣᠳᠣᠬᠠᠨ ᠤ ᠦᠬᠡᠷ᠂ ᠬᠤᠨᠢ᠂ ᠲᠥᠮᠥᠰᠥ ᠶᠢᠨ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠬᠢᠴᠢᠶᠡᠯ ᠵᠢᠭᠠᠬᠤ ᠪᠠ | ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠷ ᠶᠠᠪᠤᠭᠳᠠᠭᠤᠯᠤᠨ᠎ᠠ᠃ ᠲᠡᠵᠢᠭᠡᠨ ᠦᠷᠡᠵᠢᠭᠦᠯᠬᠦ ᠤᠶᠢᠯᠡᠰ ᠤᠨ | ᠲᠤᠰᠬᠠᠶ ᠮᠡᠷᠭᠡᠵᠢᠯᠲᠡᠨ ᠬᠢᠯᠪᠠᠷ ᠣᠶᠢᠯᠠᠭᠠᠮᠵᠢᠲᠠᠶ ᠦᠭᠡ ᠬᠡᠯᠡ᠂ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠪᠠᠷ | ᠲᠣᠰ ᠲᠣᠰ ᠰᠢᠨᠵᠢᠯᠡᠬᠦ ᠤᠬᠠᠭᠠᠨᠴᠢ ᠪᠠᠷ ᠬᠡᠭᠡᠯᠲᠦᠭᠦᠯᠦᠨ ᠪᠤᠶᠢᠵᠢᠭᠤᠯᠬᠤ᠂ ᠠᠯᠠᠰᠢᠨ ᠦᠬᠡᠷ ᠢ ᠰᠢᠨᠵᠢᠯᠡᠬᠦ | ᠤᠬᠠᠭᠠᠨᠴᠢ ᠪᠠᠷ ᠲᠡᠵᠢᠭᠡᠨ ᠲᠠᠷᠭᠤᠯᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠡᠭᠡᠯᠢᠯᠡᠭᠡ ᠶᠢᠨ | ᠠᠵᠢᠯᠯᠠᠭ᠎ᠠ ᠵᠡᠷᠭᠡ ᠲᠠᠯ᠎ᠠ ᠪᠠᠷ ᠲᠡᠵᠢᠭᠡᠨ ᠦᠷᠡᠵᠢᠭᠦᠯᠬᠦ ᠡᠷᠦᠬᠡ ᠳᠤ ᠪᠣᠳᠠᠲᠠᠶ ᠤᠶᠢᠯᠡᠳᠪᠤᠷᠢᠯᠡᠯ ᠤᠨ ᠶᠠᠪᠤᠴᠠ ᠳᠤ | ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠨ ᠥᠭᠴᠡᠶ | ︔ ᠲᠠᠷᠢᠮᠠᠯ ᠤᠨ ᠦᠢᠯᠡᠰ ᠤᠨ ᠲᠤᠰᠬᠠᠢ ᠮᠡᠷᠭᠡᠵᠢᠯᠲᠡᠨ ᠤᠰᠤ ᠠᠷᠪᠢᠯᠠᠬᠤ ᠤᠰᠤᠯᠠᠯᠲᠠ᠂ ᠳᠤᠯᠠᠭᠠᠨ ᠤ ᠬᠡᠮᠵᠢᠶ᠎ᠡ | ᠴᠢᠬᠢᠭ ᠤᠨ ᠬᠡᠮᠵᠢᠶ᠎ᠡ ᠶᠢᠨ ᠭᠡᠷᠡᠯ ᠤᠨ ᠲᠤᠰᠤᠯᠲᠠ ᠶᠢ ᠡᠵᠡᠮᠳᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠵᠡᠷᠭᠡ ᠶᠢᠨ ᠲᠣᠭᠤᠷᠢᠨ ᠳᠤ ᠮᠡᠷᠭᠡᠵᠢᠯ ᠤᠨ ᠪᠣᠯᠪᠠᠰᠤᠷᠠᠯ ᠪᠠ ᠵᠢᠯᠤᠭᠤᠳᠤᠯᠭ᠎ᠠ ᠥᠷᠨᠢᠭᠦᠯᠪᠡ︔ | ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠡᠮᠴᠢᠯᠡᠭᠡᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠡᠯ᠎ᠡ ᠵᠤᠶᠢᠯ ᠤᠨ ᠡᠮᠴᠢᠯᠡᠭᠡᠨ ᠤ ᠪᠠᠶᠢᠴᠠᠭᠠᠯᠲᠠ ᠪᠠ | ᠡᠪᠡᠳᠴᠢᠨ ᠡᠮᠭᠡᠭ ᠤᠨ ᠣᠨᠣᠰᠢᠯᠠᠯᠲᠠ ᠬᠢᠵᠦ᠂ ᠲᠣᠰᠬᠤᠨ ᠤ ᠠᠷᠠᠳ ᠤᠨ ᠬᠡᠷ ᠤᠨ ᠡᠭᠦᠳᠡᠨ ᠳᠤ ᠰᠢᠯᠢᠳᠡᠭ | ᠡᠮᠴᠢᠯᠡᠭᠡᠨ ᠤ ᠤᠶᠢᠯᠡᠴᠢᠯᠡᠭᠡ ᠬᠦᠷᠲᠡᠭᠡᠭᠰᠡᠨ ᠪᠠᠶᠢᠨ᠎ᠠ᠃ | ᠪᠣᠯᠪᠠᠰᠤᠷᠠᠭᠤᠯᠤᠯ ᠤᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ᠂ ᠡᠮᠬᠢ | ᠳᠢᠭᠯᠢᠮ ᠲᠠᠢ᠂ ᠬᠠᠷᠢᠯᠴᠠᠨ ᠰᠣᠯᠢᠯᠴᠠᠵᠤ ᠢᠳᠡᠪᠬᠢᠲᠡᠶ ᠶᠠᠪᠤᠭᠳᠠᠵᠠᠶ᠃ ᠡᠯ᠎ᠡ ᠲᠡᠵᠢᠭᠡᠨ ᠦᠷᠡᠵᠢᠭᠦᠯᠬᠦ | ᠡᠷᠦᠬᠡ ᠶᠢᠨ ᠬᠢᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠬᠠᠭᠤᠷᠠᠶ ᠪᠠᠷᠠᠭ᠎ᠠ ᠪᠠᠷ | ᠳᠦᠭᠦᠷᠡᠩ᠂ ᠣᠯᠤᠯᠲᠠ ᠶᠡᠬᠡᠲᠡᠶ᠂ ᠪᠣᠯᠪᠠᠰᠤᠷᠠᠭᠤᠯᠤᠯ ᠤᠨ ᠠᠭᠤᠯᠭ᠎ᠠ ᠨᠢ ᠬᠢᠯᠪᠠᠷ ᠣᠶᠢᠯᠠᠭᠠᠮᠵᠢᠲᠠᠶ ᠪᠣᠯᠬᠤᠷ | ᠡᠶᠢᠮᠦᠷᠬᠦ ᠪᠣᠯᠪᠠᠰᠤᠷᠠᠭᠤᠯᠤᠯ ᠤᠨ ᠠᠩᠭᠢ ᠶᠢ ᠢᠯᠡᠭᠦᠬᠡᠨ ᠡᠷᠭᠢᠯᠡᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ | ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ ᠪᠠᠶᠠᠵᠢᠭᠤᠯᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠢᠲᠡᠭᠡᠯ ᠢ ᠨᠡᠮᠡᠭᠳᠡᠭᠦᠯᠬᠦ ᠶᠢ ᠬᠦᠰᠡᠵᠦ | ᠪᠠᠶᠢᠨ᠎ᠠ ᠭᠡᠵᠡᠶ᠃ | ᠲᠣᠰ ᠤᠳᠠᠭᠠᠨ ᠤ ᠠᠵᠢᠯᠯᠠᠭ᠎ᠠ ᠨᠢ ᠲᠠᠷᠢᠮᠠᠯ ᠤᠨ ᠡᠷᠦᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠠᠷᠢᠶᠠᠯᠠᠩ ᠢ ᠬᠥᠭᠵᠢᠭᠦᠯᠬᠦ ᠲᠤᠬᠠᠶ ᠲᠠᠨᠢᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠶᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠬᠢᠨ ︽ᠵᠠᠭᠤᠨ ᠲᠤᠰᠬᠠᠶ ᠮᠡᠷᠭᠡᠵᠢᠯᠲᠡᠨ ᠬᠤᠰᠢᠭᠤ ᠰᠢᠶᠠᠨ ᠳᠤ ᠬᠦᠷᠴᠦ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾ ᠤᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠯᠠᠮ ᠨᠢᠭᠡ ᠠᠯᠬᠤᠮ ᠤᠶᠠᠯᠳᠤᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠳᠡᠮᠵᠢᠬᠦ᠂ ᠲᠠᠷᠢᠶᠠᠯᠠᠩ ᠢ ᠬᠥᠭᠵᠢᠭᠦᠯᠬᠦ᠂ ᠲᠠᠷᠢᠶᠠᠴᠢᠳ ᠲᠤ ᠠᠰᠢᠭ | ᠬᠦᠷᠲᠡᠭᠡᠬᠦ ᠤᠶᠢᠯᠡᠴᠢᠯᠡᠭᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠬᠥᠳᠡᠭᠡ | ᠪᠠᠭᠤᠬᠤ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠷᠢᠶᠠᠴᠢᠳ ᠲᠤ | ᠠᠰᠢᠭ ᠬᠦᠷᠲᠡᠭᠡᠬᠦ ᠤᠶᠢᠯᠡᠴᠢᠯᠡᠭᠡ ᠶᠢᠨ ᠬᠠᠮᠤᠷᠬᠤ ᠬᠡᠪᠴᠢᠶ᠎ᠡ᠂ ᠨᠥᠯᠥᠭᠡᠯᠡᠬᠦ ᠬᠦᠴᠦᠨ ᠪᠠ ᠣᠷᠣᠯᠴᠠᠬᠤ ᠬᠡᠮᠵᠢᠶ᠎ᠡ ᠶᠢ | ᠲᠠᠰᠤᠷᠠᠯᠲᠠ ᠥᠬᠡᠶ ᠥᠷᠭᠡᠳᠬᠡᠨ᠎ᠡ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |