ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠬᠠᠤᠯᠢ ᠴᠠᠭᠠᠵᠠ ᠶᠢᠨ | ᠤᠬᠠᠭᠠᠨ ᠲᠠᠢ ᠬᠥᠮᠦᠨ︾ ᠲᠦᠷᠦᠭᠦᠯᠡᠨ ᠬᠠᠤᠯᠢ ᠶᠢ ᠰᠤᠷᠤᠯᠴᠠᠵᠤ ᠬᠠᠤᠯᠢ ᠶᠢ ᠲᠦᠭᠡᠮᠡᠯᠵᠢᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠤᠨ ᠡᠶᠡᠳᠡᠭᠦᠯᠦᠭᠴᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠪᠣᠯᠤᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠠᠤᠯᠢᠵᠢᠯ ᠤᠨ ᠵᠢᠱᠢᠶ᠎ᠡ ᠦᠵᠡᠭᠦᠯᠵᠦ ᠬᠦᠳᠦᠯᠦᠨ | ᠳᠠᠭᠠᠭᠤᠯᠬᠤ ᠦᠢᠯᠡᠳᠦᠯ ᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠠᠶᠢᠬᠤᠰᠤ ᠪᠠᠯᠭᠠᠰᠤ ᠶᠢᠨ ᠠᠷᠠᠳ ᠤᠨ | ᠡᠶᠡᠳᠡᠭᠦᠯᠦᠭᠴᠢ ᠵᠢᠴᠢ ᠲᠣᠰᠬᠤᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾ ᠤ ᠪᠣᠯᠪᠠᠰᠤᠷᠠᠯ ᠤᠨ ᠠᠩᠬᠢ ᠶᠢ | ᠵᠣᠬᠢᠶᠠᠨ ᠪᠠᠶᠢᠭᠤᠯᠵᠤ ᠥᠷᠨᠢᠭᠦᠯᠵᠡᠢ᠃ ᠡᠯ᠎ᠡ ᠭᠠᠴᠠᠭᠠᠨ ᠤ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾᠂ | ᠠᠷᠠᠳ ᠤᠨ ᠡᠶᠡᠳᠡᠭᠦᠯᠦᠭᠴᠢ ᠪᠣᠯᠪᠠᠰᠤᠷᠠᠯ ᠳᠤ ᠣᠷᠣᠯᠴᠠᠵᠠᠶ᠃ | ᠪᠣᠯᠪᠠᠰᠤᠷᠠᠯ ᠤᠨ ᠬᠤᠷᠠᠯ ᠳᠡᠭᠡᠷ᠎ᠡ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ︽ᠬᠠᠤᠯᠢ | ᠴᠠᠭᠠᠵᠠ ᠶᠢᠨ ᠤᠬᠠᠭᠠᠨ ᠲᠠᠢ ᠬᠥᠮᠦᠨ︾ ᠤ ᠭᠤᠣᠯ ᠡᠭᠦᠷᠭᠡ ᠬᠠᠷᠢᠭᠤᠴᠠᠯᠭ᠎ᠠ᠂ ᠠᠷᠠᠳ ᠤᠨ ᠡᠶᠡᠳᠡᠭᠦᠯᠭᠡ ᠶᠢᠨ ᠬᠡᠷᠡᠭ ᠤᠨ | ᠡᠪᠬᠡᠮᠡᠯ ᠢ ᠦᠢᠯᠡᠳᠬᠦ᠂ ᠬᠡᠷᠡᠭ ᠤᠨ ᠵᠢᠱᠢᠶ᠎ᠡ ᠶᠢ ᠪᠢᠴᠢᠬᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠡᠶᠡᠳᠡᠭᠦᠯᠭᠡ ᠶᠢᠨ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠢ ᠣᠷᠣᠭᠤᠯᠬᠤ | ᠵᠡᠷᠭᠡ ᠶᠢᠨ ᠲᠣᠭᠤᠷᠢᠨ ᠳᠤ ᠲᠠᠶᠢᠯᠤᠮᠵᠢ ᠬᠢᠵᠦ᠂ ︽ᠹᠧᠩᠴᠢᠶᠤᠤ ᠶᠢᠨ ᠲᠤᠷᠰᠢᠯᠭ᠎ᠠ︾ ᠶᠢᠨ ᠠᠷᠭ᠎ᠠ ᠬᠢᠳᠡᠯ ᠢ ᠤᠯᠠᠮ | ᠴᠢᠨᠠᠭᠰᠢᠳᠠ ᠲᠠᠶᠢᠯᠪᠤᠷᠢᠯᠠᠪᠠ᠃ ᠡᠭᠦᠨ ᠤ ᠵᠡᠷᠭᠡᠴᠡᠭᠡᠪᠡᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠷᠭᠡᠨ ᠤ ᠬᠠᠤᠯᠢ ᠶᠢᠨ ᠪᠢᠴᠢᠭ︾ ᠲᠠᠬᠢ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠷ᠎ᠡ ᠲᠣᠭᠲᠠᠭᠠᠬᠤ | ᠂ ᠥᠪ ᠵᠠᠯᠭᠠᠮᠵᠢᠯᠠᠬᠤ ᠬᠠᠷᠢᠴᠠᠭ᠎ᠠ᠂ ᠢᠷᠭᠡᠨ ᠤ ᠵᠠᠷᠭᠤ ᠶᠢᠨ ᠬᠦᠴᠦᠨ ᠲᠠᠢ ᠬᠤᠭᠤᠴᠠᠭ᠎ᠠ ᠵᠡᠷᠭᠡ ᠪᠣᠳᠠᠲᠠᠶ | ᠠᠰᠠᠭᠤᠳᠠᠯ ᠤᠳ ᠢ ᠲᠠᠶᠢᠯᠪᠤᠷᠢᠯᠠᠪᠠ᠃ ᠠᠵᠢᠯᠲᠠᠳ ᠪᠠᠰᠠ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ | ᠤᠶᠠᠯᠳᠤᠭᠤᠯᠤᠨ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠳᠠᠯᠤᠨ ᠰᠢᠨᠵᠢᠯᠡᠵᠦ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠣᠳᠣᠷᠬᠠᠶᠢᠯᠠᠵᠤ᠂ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠯᠡᠵᠦ᠂ ᠬᠠᠤᠯᠢ | ᠴᠠᠭᠠᠵᠠ ᠬᠠᠤᠯᠢ ᠲᠣᠭᠲᠠᠭᠠᠯ ᠤᠨ ᠦᠨᠳᠦᠰᠦᠨ ᠱᠠᠲᠤᠨ ᠤ ᠠᠵᠢᠯ ᠳᠠᠬᠢ ᠴᠢᠬᠤᠯᠠ ᠴᠢᠨᠠᠷ ᠢ ᠤᠯᠠᠮ ᠨᠢᠭᠡ ᠠᠯᠬᠤᠮ | ᠲᠠᠨᠢᠵᠤ᠂ ᠡᠭᠦᠨ ᠤ ᠤᠯᠠᠮ ᠠᠴᠠ ︽ᠬᠠᠤᠯᠢ ᠴᠠᠭᠠᠵᠠ ᠶᠢᠨ ᠮᠡᠷᠭᠡᠨ ᠬᠥᠮᠦᠨ︾᠂ ᠠᠷᠠᠳ ᠤᠨ ᠡᠶᠡᠳᠡᠭᠦᠯᠦᠭᠴᠢ ᠶᠢᠨ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠦᠭᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠪᠠᠰᠠ ᠪᠣᠯᠪᠠᠰᠤᠷᠠᠯ ᠳᠤ ᠣᠷᠣᠯᠴᠠᠭᠰᠠᠨ ᠠᠷᠠᠳ ᠤᠨ | ᠡᠶᠡᠳᠡᠭᠦᠯᠦᠭᠴᠢ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠳᠤ ᠢᠷᠭᠡᠨ ᠤ ᠬᠠᠤᠯᠢ ᠶᠢᠨ ᠪᠢᠴᠢᠭ ᠤᠨ ᠤᠭᠤᠲᠠ ᠶᠢᠨ | ᠪᠢᠴᠢᠭ ᠪᠠ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠬᠠᠤᠯᠢ ᠰᠤᠷᠬᠤ ᠤᠩᠰᠢᠬᠤ ᠪᠢᠴᠢᠭ ᠢ ᠲᠠᠷᠬᠠᠭᠠᠪᠠ᠃ | ᠬᠤᠶᠢᠰᠢᠳᠠ ᠰᠠᠶᠢᠬᠤᠰᠤ ᠬᠠᠤᠯᠢ ᠴᠠᠭᠠᠵᠠ ᠶᠢᠨ ᠭᠠᠵᠠᠷ ᠦᠷᠭᠦᠯᠵᠢᠯᠡᠨ ᠰᠦᠯᠵᠢᠶᠡᠨ ᠳᠡᠭᠡᠷ᠎ᠡ᠂ ᠰᠦᠯᠵᠢᠶᠡᠨ | ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ︽ᠬᠠᠤᠯᠢ ᠴᠠᠭᠠᠵᠠ ᠶᠢᠨ ᠤᠬᠠᠭᠠᠨ ᠲᠠᠢ ᠬᠥᠮᠦᠨ︾ ︽ | ᠬᠠᠤᠯᠢ ᠪᠠᠷ ᠵᠠᠰᠠᠬᠤ ᠳᠠᠭᠠᠭᠤᠯᠤᠭᠴᠢ︾ ᠶᠢ ᠵᠣᠷᠢᠭᠵᠢᠭᠤᠯᠤᠨ ᠰᠢᠪᠠᠳᠠᠵᠤ ᠪᠠᠶᠢᠭᠠᠳ ᠬᠠᠤᠯᠢ ᠴᠠᠭᠠᠵᠠ ᠬᠠᠤᠯᠢ | ᠲᠣᠭᠲᠠᠭᠠᠯ ᠢ ᠪᠠᠲᠤ ᠴᠡᠭᠡᠵᠢᠯᠡᠭᠦᠯᠵᠦ᠂ ᠲᠡᠭᠦᠨ ᠤ ᠬᠠᠤᠯᠢᠵᠢᠯ ᠤᠨ ᠰᠡᠳᠬᠢᠬᠦᠢ ᠪᠠ ᠬᠠᠤᠯᠢ ᠶᠢ ᠰᠤᠷᠴᠤ ᠬᠠᠤᠯᠢ ᠶᠢ | ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠤᠬᠠᠭᠤᠯᠬᠤ᠂ ᠬᠠᠤᠯᠢ ᠶᠣᠰᠣᠭᠠᠷ | ᠵᠥᠷᠢᠴᠡᠯ ᠢ ᠨᠠᠮᠳᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠭᠦᠢᠴᠡᠳᠬᠡᠵᠦ᠂ ᠨᠡᠩ ᠤᠯᠠᠨ ᠠᠷᠠᠳ | ᠤᠯᠠᠨ ᠢ ᠬᠠᠤᠯᠢ ᠶᠢ ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠪᠣᠯᠭᠠᠵᠤ᠂ ᠡᠭᠦᠨ ᠤ | ᠤᠯᠠᠮ ᠠᠴᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ | ᠬᠠᠤᠯᠢᠵᠢᠯ ᠤᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠨᠡᠩ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | | ᠵᠤᠬᠢᠶᠠᠭᠴᠢ᠄ ᠰᠠᠶᠢᠬᠤᠰᠤ ᠪᠠᠯᠭᠠᠰᠤ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |