4 ᠰᠠᠷ᠎ᠠ ᠶᠢᠨ 23 ᠤ ᠡᠳᠦᠷ᠂ ᠰᠢᠩ ᠡᡁᠧ ᠰᠢᠶᠠᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ | ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠵᠢᠴᠢ ︽ᠤᠮᠠᠷᠠᠲᠤ ᠬᠢᠯᠢ ᠶᠢ ᠦᠵᠡᠵᠦ᠂ ᠪᠢᠴᠢᠭ ᠤᠨ | ᠰᠤᠷᠪᠤᠯᠵᠢ ᠶᠢ ᠬᠠᠮᠲᠤᠪᠠᠷ ᠪᠦᠳᠦᠭᠡᠨ ᠪᠠᠶᠢᠭᠤᠯᠵᠤ ᠡᡁᠧ ᠡᡁᠧ ᠶᠢ ᠬᠥᠭᠵᠢᠭᠦᠯᠬᠦ︾ ᠲᠥᠪᠯᠡᠷᠡᠭᠦᠯᠦᠨ ᠦᠢᠯᠡᠴᠢᠯᠡᠬᠦ | ᠬᠦᠳᠡᠯᠭᠡᠭᠡᠨ ᠶᠡᠭᠡ ᠬᠦᠷᠢᠶ᠎ᠡ ᠰᠢᠶᠠᠩ ᠳᠤ ᠶᠠᠪᠤᠭᠳᠠᠪᠠ᠃ | ᠠᠵᠢᠯᠯᠠᠭ᠎ᠠ ᠨᠢ ᠡᠬᠢᠯᠡᠯᠲᠡ ᠶᠢᠨ ᠪᠥᠵᠢᠭ ︽ᠮᠠᠭᠲᠠᠭᠠᠯ ᠳᠠᠭᠤᠤ︾ ᠳᠤᠮᠳᠠ ᠬᠥᠰᠢᠭᠡ ᠪᠠᠨ ᠰᠡᠬᠦᠵᠦ᠂ | ᠰᠣᠶᠣᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ | ᠪᠣᠯᠤᠭᠰᠠᠨ ᠤ ᠬᠤᠪᠢ ᠳᠤ᠂ ᠲᠤᠬᠠᠢ ᠶᠢᠨ ᠲᠠᠯᠠᠪᠠᠢ ᠶᠢᠨ ᠰᠣᠶᠣᠯ ᠤᠷᠠᠯᠢᠭ ᠤᠨ ᠬᠠᠮᠲᠤᠷᠠᠭᠰᠠᠨ ᠲᠣᠭᠯᠠᠯᠲᠠ ᠨᠢ | ᠲᠤᠰ ᠨᠤᠲᠤᠭ ᠤᠨ ᠣᠨᠴᠠᠯᠢᠭ ᠲᠠᠢ ᠲᠣᠭᠯᠠᠯᠲᠠ ᠪᠠᠷ ᠭᠤᠣᠯ ᠪᠣᠯᠭᠠᠭᠰᠠᠨ ᠪᠠᠶᠢᠨ᠎ᠠ᠃ ᠭᠤᠴᠣᠯᠠᠯ ᠳᠠᠭᠤᠤ ︽ᠵᠣᠯ | ᠵᠢᠷᠭᠠᠯᠲᠤ ᠳᠤᠮᠳᠠᠳᠤ ᠤᠯᠤᠰ ᠬᠠᠮᠲᠤ ᠶᠠᠪᠤᠶ᠎ᠠ︾᠂ ︽ᠤᠤᠯ ᠤᠨ ᠳᠠᠭᠤᠤ ᠶᠢ ᠲᠤᠭᠤᠷᠪᠢᠬᠤ︾᠂ ᠮᠤᠷᠢᠨ | ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ ᠳᠠᠪᠬᠢᠯᠭᠠ︾ ᠁ ᠪᠥᠵᠢᠭ᠂ ᠰᠢ ᠵᠦᠴᠦᠭᠡ᠂ | ᠤᠯᠠᠭᠠᠨ ᠳᠠᠭᠤᠤ ᠶᠢᠨ ᠬᠠᠮᠲᠤᠷᠠᠭᠰᠠᠨ ᠳᠠᠭᠤᠤ ᠵᠡᠷᠭᠡ ᠲᠣᠭᠯᠠᠯᠲᠠ ᠡᠭᠡᠯᠵᠢᠯᠡᠨ ᠲᠣᠭᠯᠠᠵᠤ᠂ ᠤᠯᠠᠨ ᠲᠦᠮᠡᠨ ᠤ | ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠭᠡᠷ ᠤᠨ ᠢᠶᠠᠨ ᠡᠭᠦᠳᠡᠨ ᠳᠤ ︽ᠰᠣᠶᠣᠯ ᠤᠨ ᠦᠪᠡᠳᠡᠭᠰᠢ ᠳᠠᠶᠢᠯᠠᠯᠭ᠎ᠠ | ︾ ᠶᠢ ᠠᠪᠴᠢᠷᠠᠵᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ | ᠪᠠᠶᠢᠯ᠎ᠠ᠃ | ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ᠂ ᠰᠣᠶᠣᠯ ᠤᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠬᠠᠤᠯᠢ | ᠴᠠᠭᠠᠵᠠ ᠶᠢᠨ ᠤᠬᠠᠭᠤᠯᠭ᠎ᠠ ᠁ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠤᠪᠴᠢᠶ᠎ᠡ᠂ ᠬᠠᠤᠯᠢ ᠴᠠᠭᠠᠵᠠ ᠶᠢᠨ ᠲᠤᠪᠴᠢᠶ᠎ᠡ᠂ ᠬᠥᠳᠡᠭᠡ ᠠᠵᠤ ᠠᠬᠤᠢ ᠶᠢᠨ ᠰᠢᠨᠵᠢᠯᠡᠬᠦ | ᠤᠬᠠᠭᠠᠨ ᠤ ᠲᠤᠪᠴᠢᠶ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠪᠯᠡᠯ ᠤᠨ ᠬᠤᠷᠢᠶ᠎ᠡ ᠵᠡᠷᠭᠡ ᠬᠠᠮᠢᠶ᠎ᠠ ᠪᠦᠬᠦᠢ | ᠨᠢᠭᠡᠴᠡ ᠶᠢᠨ ᠬᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠳᠡᠯᠭᠡᠨ ᠳᠡᠯᠭᠡᠵᠦ ᠴᠢᠬ ᠭᠠᠷᠭᠠᠵᠤ︾᠂ | ᠯᠠᠪᠯᠠᠯᠭ᠎ᠠ ᠶᠢᠨ ᠲᠠᠪᠴᠠᠩ ᠪᠠ ᠦᠢᠯᠡᠴᠢᠯᠡᠭᠡᠨ ᠤ ᠦᠵᠡᠭᠦᠯᠦᠯᠭᠡ ᠶᠢᠨ ᠰᠠᠮᠪᠠᠷ᠎ᠠ ᠭᠠᠷᠭᠠᠬᠤ ᠪᠠᠷ ᠳᠠᠮᠵᠢᠭᠤᠯᠤᠨ | ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠡᠮ ᠡᠮᠨᠡᠯᠭᠡ᠂ ᠲᠠᠷᠢᠶᠠᠯᠠᠩ ᠤᠨ | ᠵᠢᠯᠤᠭᠤᠳᠤᠯᠭ᠎ᠠ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠤᠬᠠᠢ ᠶᠢᠨ ᠲᠠᠯᠠᠪᠤᠷ ᠤᠨ ᠠᠵᠢᠯᠲᠠᠳ | ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ ᠵᠡᠷᠭᠡ ᠬᠤᠯᠪᠣᠭᠳᠠᠯ ᠪᠦᠬᠦᠢ ᠮᠡᠳᠡᠯᠭᠡ ᠶᠢ | ᠲᠦᠭᠡᠮᠡᠯᠵᠢᠭᠦᠯᠬᠦ ᠶᠢᠨ ᠬᠠᠮᠲᠤ ᠯᠠᠪᠯᠠᠯᠭ᠎ᠠ ᠶᠢ ᠬᠦᠯᠢᠶᠡᠪᠡ᠃ | ᠡᠭᠦᠨ ᠤ ᠬᠠᠮᠲᠤ᠂ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠶ ᠦᠢᠯᠡᠴᠢᠯᠡᠭᠡᠨ ᠤ | ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠲᠡᠷᠡᠴᠢᠯᠡᠨ 29 ᠳ᠋ᠦᠭᠡᠷ ︽ᠳᠡᠯᠡᠬᠡᠶ ᠶᠢᠨ ᠨᠣᠮ ᠤᠩᠰᠢᠬᠤ ᠡᠳᠦᠷ︾ | ᠲᠠᠢ ᠤᠶᠠᠯᠳᠤᠭᠤᠯᠤᠨ᠂ ᠶᠡᠭᠡ ᠬᠦᠷᠢᠶ᠎ᠡ ᠰᠢᠶᠠᠩ ᠤᠨ ᠭᠤᠣᠯ ᠨᠣᠮ ᠤᠨ ᠥᠷᠥᠭᠡᠨ ᠳᠤ ︽ᠤᠮᠠᠷᠠᠲᠤ ᠬᠢᠯᠢ ᠳᠤ | ᠪᠢᠴᠢᠭ ᠤᠨ ᠰᠤᠷᠪᠤᠯᠵᠢ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠵᠡᠶ᠎ᠡ︾ ᠭᠡᠬᠦ ᠨᠢᠭᠡᠳᠦᠭᠡᠷ ᠬᠤᠭᠤᠴᠠᠭᠠᠨ ᠤ | ᠨᠣᠮ ᠤᠩᠰᠢᠬᠤ ᠬᠠᠮᠲᠤ ᠪᠠᠷ ᠡᠳ᠋ᠯᠡᠬᠦ ᠬᠤᠷᠠᠯ ᠢ ᠡᠷᠭᠢᠯᠡᠵᠦ᠂ ᠤᠩᠰᠢᠯᠭ᠎ᠠ ᠳᠤ ᠪᠠᠭ᠋ᠠᠲᠠᠢ ᠬᠥᠮᠦᠰ ᠥᠪᠡᠷ ᠥᠪᠡᠷ ᠤᠨ | ᠳᠤᠷᠠᠲᠠᠢ ᠨᠣᠮ ᠢᠶᠠᠨ ᠨᠢᠭᠡᠳ ᠨᠢᠭᠡ ᠪᠠᠷ ᠬᠤᠪᠢᠶᠠᠯᠴᠠᠨ᠎ᠠ᠂ ᠡᠭᠦᠨ ᠳᠤ ᠠᠮᠢᠳᠤᠷᠠᠯ ᠤᠨ ᠤᠷᠮ᠎ᠠ ᠪᠠᠬ᠎ᠠ ᠲᠠᠢ | ᠭᠤᠶᠢᠳᠠ ᠰᠠᠶᠢᠬᠠᠨ ᠨᠠᠶᠢᠷᠠᠭᠤᠯᠤᠯ ᠪᠠᠶᠢᠬᠤ ᠪᠠᠷ ᠪᠠᠷᠠᠬᠤ ᠦᠭᠡᠢ᠂ ᠰᠡᠳᠬᠢᠯ ᠤᠨ ᠭᠦᠨ ᠳᠠᠬᠢ ᠰᠣᠩᠭᠤᠳᠠᠭ | ᠥᠭᠦᠯᠡᠯᠭᠡ ᠴᠦ ᠪᠤᠢ᠂ ᠨᠡᠩ ᠴᠤ ᠪᠢᠳᠡᠨ ᠢ ᠵᠣᠷᠢᠭᠵᠢᠭᠤᠯᠤᠨ ᠲᠠᠰᠤᠷᠠᠯᠲᠠ ᠦᠭᠡᠢ ᠤᠷᠤᠭᠰᠢᠯᠠᠭᠤᠯᠬᠤ | ᠬᠤᠪᠢᠰᠬᠠᠯ ᠤᠨ ᠲᠡᠦᠬᠡ ᠶᠢᠨ ᠨᠣᠮ ᠴᠤ ᠪᠤᠢ᠂ ᠬᠤᠪᠢᠶᠠᠯᠴᠠᠨ ᠡᠳ᠋ᠯᠡᠭᠴᠢ ᠪᠦᠬᠦᠨ ᠭᠤᠶᠢᠳᠠ ᠰᠠᠶᠢᠬᠠᠨ | ᠲᠣᠭᠠᠴᠢᠯᠲᠠ ᠪᠠᠷ ᠢᠶᠠᠨ ᠤᠯᠠᠨ ᠤ ᠰᠡᠳᠬᠢᠯ ᠢ ᠶᠡᠬᠡᠳᠡ ᠳᠣᠭᠳᠣᠯᠤᠭᠤᠯᠵᠠᠢ᠃ ᠨᠣᠮ ᠤᠩᠰᠢᠵᠤ ᠰᠠᠨᠠᠯ ᠢᠶᠠᠨ | ᠰᠣᠯᠢᠯᠴᠠᠨ ᠬᠤᠪᠢᠶᠠᠯᠴᠠᠬᠤ ᠪᠠᠷ ᠳᠠᠮᠵᠢᠨ ᠰᠣᠷᠣᠭᠰᠠᠨ ᠰᠡᠳᠬᠢᠭᠰᠡᠨ᠂ ᠤᠬᠠᠭᠠᠷᠠᠭᠰᠠᠨ ᠵᠦᠢᠯ ᠢᠶᠠᠨ ᠬᠤᠪᠢᠶᠠᠯᠴᠠᠵᠤ | ᠂ ᠨᠣᠮ ᠤᠨ ᠦᠨᠦᠷ ᠠᠮᠲᠠ ᠶᠢᠨ ᠢᠳᠡᠪᠬᠢ ᠬᠦᠴᠦᠨ ᠢ ᠳᠠᠮᠵᠢᠭᠤᠯᠵᠤ᠂ ᠨᠣᠮ ᠤᠩᠰᠢᠬᠤ ᠳᠤᠷᠠᠲᠠᠢ᠂ ᠰᠠᠶᠢᠨ ᠨᠣᠮ | ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠪᠠ ᠤᠶᠤᠨ | ᠰᠠᠨᠠᠭᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠲᠤᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ | ᠂ ᠰᠢᠨ᠎ᠡ ᠴᠠᠭ ᠦᠶ᠎ᠡ ᠂ ᠰᠢᠨ᠎ᠡ ᠡᠭᠦᠷᠭᠡ ᠲᠠᠢ ᠨᠢᠭᠲᠠ ᠤᠶᠠᠯᠳᠤᠭᠤᠯᠤᠨ᠂ ᠲᠠᠷᠢᠶᠠᠯᠠᠩ ᠤᠨ ᠬᠡᠷᠡᠭᠴᠡᠭᠡ᠂ ᠬᠥᠳᠡᠭᠡ | ᠲᠣᠰᠬᠤᠨ ᠤ ᠬᠡᠷᠡᠭᠴᠡᠭᠡ᠂ ᠲᠠᠷᠢᠶᠠᠴᠢᠳ ᠤᠨ ᠬᠦᠰᠡᠯ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠰᠡᠳᠬᠢᠯ | ᠰᠠᠨᠠᠭ᠎ᠠ ᠪᠠᠨ ᠲᠠᠷᠢᠶᠠᠴᠢᠳ ᠤᠨ ᠪᠡᠶ᠎ᠡ ᠳᠡᠭᠡᠷ᠎ᠡ ᠲᠠᠯᠪᠢᠵᠤ᠂ ᠡᠷᠳᠡᠮ ᠴᠢᠳᠠᠪᠤᠷᠢ ᠪᠠᠨ ᠠᠵᠢᠯ ᠶᠠᠪᠤᠳᠠᠯ ᠬᠢᠬᠦ ᠳᠡᠭᠡᠷ᠎ᠡ | ᠢᠯᠡᠷᠡᠭᠦᠯᠵᠦ᠂ ᠲᠠᠷᠢᠶᠠᠴᠢᠳ ᠤᠨ ᠣᠶᠣᠨ ᠤ ᠪᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ | ᠂ ᠠᠵᠢᠯᠯᠠᠭ᠎ᠠ ᠶᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ︽ᠭᠤᠷᠪᠠ ᠶᠢ ᠬᠥᠳᠡᠭᠡ ᠪᠠᠭᠤᠯᠭᠠᠬᠤ︾ ᠶᠢ | ᠦᠨᠡᠨ ᠬᠦ ᠭᠦᠨᠵᠡᠭᠡᠶᠢᠷᠡᠭᠦᠯᠦᠨ ᠪᠠᠷᠢᠮᠲᠠᠯᠠᠵᠤ᠂ ᠣᠯᠠᠨ ᠲᠦᠮᠡᠨ ᠢ ᠦᠨᠡᠨ ᠬᠦ ᠬᠠᠪᠰᠤᠷᠤᠨ ᠦᠢᠯᠡᠳᠪᠦᠷᠢᠯᠡᠯ | ᠠᠮᠢᠳᠤᠷᠠᠯ ᠤᠨ ᠳᠤᠮᠳᠠᠬᠢ ᠪᠣᠳᠠᠲᠠᠶ ᠠᠰᠠᠭᠤᠳᠠᠯ ᠢ ᠨᠢ ᠦᠨᠡᠨ ᠬᠦ ᠰᠢᠢᠳᠪᠦᠷᠢᠯᠡᠵᠦ᠂ ᠦᠨᠡᠨ ᠪᠣᠳᠠᠲᠠᠶ ᠳᠥᠭᠦᠮ | ᠳᠥᠲᠡ ᠪᠠ ᠪᠣᠳᠠᠲᠤ ᠠᠰᠢᠭ ᠲᠤᠰᠠ ᠬᠦᠷᠲᠡᠭᠡᠵᠦ᠂ ︽ᠭᠤᠷᠪᠠ ᠶᠢ ᠬᠥᠳᠡᠭᠡ ᠪᠠᠭᠤᠯᠭᠠᠬᠤ︾ ᠶᠢ ᠲᠠᠰᠤᠷᠠᠯᠲᠠ | ᠦᠭᠡᠢ ᠪᠠᠶᠢᠩᠭᠤ ᠬᠥᠳᠡᠭᠡ ᠪᠠᠭᠤᠯᠭᠠᠬᠤ ᠪᠣᠯᠭᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ | |