ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠥᠬᠦ | ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾ ᠤᠨ ᠬᠠᠪᠤᠷ ᠤᠨ ᠤᠯᠠᠷᠢᠯ ᠤᠨ | ᠪᠣᠯᠪᠠᠰᠤᠷᠠᠭᠤᠯᠤᠯ ᠤᠨ ᠠᠵᠢᠯᠯᠠᠭ᠎ᠠ ᠬᠤᠲᠠ ᠶᠢᠨ ᠪᠣᠭᠤᠮᠲᠠ ᠪᠠᠯᠭᠠᠰᠤᠨ ᠳᠤ ᠬᠥᠷᠪᠡ᠃ | ᠪᠣᠯᠪᠠᠰᠤᠷᠠᠯ ᠤᠨ ᠬᠤᠷᠠᠯ ᠳᠡᠭᠡᠷ᠎ᠡ᠂ ᠲᠠᠷᠢᠮᠠᠯ ᠤᠨ ᠦᠢᠯᠡᠰ ᠤᠨ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠲᠤ | ᠪᠤᠷᠳᠤᠭᠤᠷ ᠤᠨ ᠮᠡᠷᠭᠡᠵᠢᠯ ᠤᠨ ᠵᠢᠯᠤᠭᠤᠳᠤᠯᠭ᠎ᠠ ᠪᠣᠯᠤᠨ ᠬᠠᠭᠤᠷᠠᠢ ᠲᠠᠷᠢᠶᠠᠨ ᠤ ᠲᠥᠮᠥᠰᠥ ᠲᠠᠷᠢᠬᠤ ᠮᠡᠷᠭᠡᠵᠢᠯ ᠵᠡᠷᠭᠡ | ᠲᠠᠯ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ ᠲᠣᠰᠬᠤᠨ ᠤ ᠠᠷᠠᠳ ᠤᠨ ᠲᠠᠷᠢᠮᠠᠯ ᠤᠨ ᠶᠠᠪᠤᠴᠠ ᠳᠤ | ᠲᠣᠬᠢᠶᠠᠯᠳᠤᠭᠰᠠᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠡᠢ᠃ ᠪᠣᠯᠪᠠᠰᠤᠷᠠᠯ ᠳᠤ | ᠣᠷᠣᠯᠴᠠᠭᠰᠠᠳ ᠤᠨ ᠬᠠᠯᠠᠭᠤᠨ ᠰᠡᠳᠬᠢᠯᠭᠡ ᠣᠷᠭᠢᠯᠵᠤ᠂ ᠪᠣᠯᠪᠠᠰᠤᠷᠠᠯ ᠤᠨ ᠠᠭᠤᠷ ᠠᠮᠢᠰᠬᠤᠯ ᠥᠳᠬᠡᠨ ᠵᠤᠵᠠᠭᠠᠨ ᠪᠠᠶᠢᠵᠤ | ᠂ ᠲᠥᠮᠥᠰᠥ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠬᠤ ᠶᠢ ᠪᠡᠶᠡᠯᠡᠭᠦᠯᠬᠦ ᠳᠤ ᠬᠦᠴᠦᠲᠡᠢ | ᠮᠡᠷᠭᠡᠵᠢᠯ ᠤᠨ ᠪᠠᠲᠤᠯᠠᠭ᠎ᠠ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠪᠠ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠤᠨ ᠳᠠᠷᠢᠵᠤ ᠲᠡᠵᠢᠭᠡᠨ | ᠦᠷᠡᠵᠢᠭᠦᠯᠬᠦ ᠲᠤᠮᠤ ᠡᠷᠦᠬᠡ ᠳᠤ ᠨᠣᠭᠤᠭᠠᠨ ᠳᠠᠷᠤᠰᠢ ᠶᠢᠨ ᠡᠪᠡᠰᠦ ᠪᠣᠷᠳᠤᠭ᠎ᠠ ᠲᠠᠷᠢᠬᠤ ᠵᠢᠴᠢ ᠦᠬᠡᠷ᠂ ᠬᠤᠨᠢ ᠢᠮᠠᠭ᠎ᠠ | ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠦᠬᠡᠷ ᠬᠤᠨᠢᠨ ᠤ ᠡᠭᠦᠯᠳᠡᠷ᠂ ᠲᠡᠵᠢᠭᠡᠨ ᠠᠷᠠᠴᠢᠯᠠᠬᠤ | ᠬᠠᠮᠢᠶᠠᠷᠤᠯᠲᠠ ᠶᠢᠨ ᠮᠡᠷᠭᠡᠵᠢᠯ᠂ ᠲᠡᠵᠢᠭᠡᠯ ᠪᠣᠷᠳᠤᠭ᠎ᠠ ᠡᠳ᠋ᠰᠢᠭᠦᠯᠦᠨ ᠨᠠᠶᠢᠷᠠᠭᠤᠯᠬᠤ ᠮᠡᠷᠭᠡᠵᠢᠯ᠂ ᠦᠬᠡᠷ ᠬᠤᠨᠢᠨ ᠤ ᠪᠠᠶᠢᠩᠭᠤ | ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠵᠡᠷᠭᠡ ᠲᠠᠯ᠎ᠠ ᠶᠢᠨ ᠮᠡᠳᠡᠯᠭᠡ ᠶᠢᠨ ᠲᠣᠭᠤᠷᠢᠨ ᠳᠤ ᠭᠦᠨᠵᠡᠭᠡᠢ | ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠪᠣᠯᠪᠠᠰᠤᠷᠠᠭᠤᠯᠤᠯ ᠢ ᠣᠨᠣᠯ ᠤᠨ ᠲᠠᠶᠢᠯᠤᠮᠵᠢ ᠬᠢᠬᠦ᠂ ᠲᠤᠬᠠᠶ ᠶᠢᠨ | ᠲᠠᠯᠠᠪᠤᠷ ᠲᠤ ᠠᠰᠠᠭᠤᠯᠲᠠ ᠳᠤᠷᠠᠳᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ᠂ ᠲᠤᠬᠠᠶ ᠶᠢᠨ ᠲᠠᠯᠠᠪᠤᠷ ᠲᠤ | ᠠᠵᠢᠯᠯᠠᠭᠤᠯᠤᠨ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠳᠤ ᠣᠷᠣᠯᠴᠠᠬᠤ | ᠡᠲᠡᠭᠡᠳ ᠤᠨ ᠢᠳᠡᠪᠬᠢᠵᠢᠯ᠂ ᠣᠷᠣᠯᠴᠠᠬᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ ᠭᠦᠢᠴᠡᠳ ᠬᠥᠭᠵᠢᠭᠡᠵᠦ᠂ | ᠣᠯᠠᠨ ᠢᠶᠠᠷ ᠢᠶᠠᠨ ᠶᠡᠭᠡ ᠠᠰᠢᠭ ᠭᠥᠷᠳᠡᠭᠰᠡᠨ ᠪᠠᠶᠢᠨ᠎ᠠ᠃ | ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠨᠡᠷ ᠬᠢᠯᠪᠠᠷ ᠣᠶᠢᠯᠠᠭᠠᠮᠵᠢᠲᠠᠶ ᠠᠷᠭ᠎ᠠ | ᠮᠠᠶ᠋ᠢᠭ ᠢᠶᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠡᠷᠡᠭᠦᠯ | ᠮᠡᠨᠳᠦ ᠶᠢ ᠬᠠᠮᠠᠭᠠᠯᠠᠬᠤ ᠪᠠ ᠪᠡᠶ᠎ᠡ ᠰᠤᠪᠢᠯᠠᠬᠤ ᠲᠥᠬᠦᠮ ᠠᠷᠭ᠎ᠠ ᠪᠠ ᠬᠠᠪᠤᠷ ᠤᠨ ᠤᠯᠠᠷᠢᠯ ᠤᠨ ᠠᠮᠠᠷᠬᠠᠨ ᠡᠭᠦᠰᠬᠦ | ᠡᠪᠡᠳᠴᠢᠨ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠵᠡᠷᠭᠡ ᠶᠢ | ᠲᠠᠶᠢᠯᠪᠤᠷᠢᠯᠠᠨ ᠥᠭᠴᠦ ᠪᠠᠶᠢᠨ᠎ᠠ᠃ ᠡᠭᠦᠨ ᠤ ᠬᠠᠮᠲᠤ ᠰᠠᠭᠤᠭᠠᠯᠢ ᠠᠷᠠᠳ ᠤᠨ ᠬᠡᠷᠡᠭᠴᠡᠭᠡ ᠶᠢ ᠦᠨᠳᠦᠰᠦᠯᠡᠨ ᠲᠤᠬᠠᠶ ᠶᠢᠨ | ᠲᠠᠯᠠᠪᠤᠷ ᠲᠤ ᠲᠥᠯᠥᠪᠦᠷᠢ ᠦᠭᠡᠢ ᠠᠯᠪᠠᠨ ᠵᠢᠷᠤᠮ ᠤᠨ ᠡᠮᠴᠢᠯᠡᠭᠡ ᠬᠢᠨ᠎ᠡ᠂ ᠡᠭᠦᠨ ᠳᠤ ᠴᠢᠰᠤᠨ ᠳᠠᠷᠤᠯᠲᠠ ᠶᠢ ᠬᠡᠮᠵᠢᠬᠦ᠂ | ᠰᠤᠳᠠᠯ ᠪᠠᠷᠢᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠵᠡᠷᠭᠡ ᠪᠠᠭᠲᠠᠨ᠎ᠠ᠂ ᠠᠯᠪᠠᠨ ᠵᠢᠷᠤᠮ ᠤᠨ | ᠡᠮᠴᠢᠯᠡᠭᠡ ᠬᠢᠬᠦ ᠶᠠᠪᠤᠴᠠ ᠳᠤ ᠰᠠᠭᠤᠭᠠᠯᠢ ᠠᠷᠠᠳ ᠤᠨ ᠳᠤᠷᠠᠳᠤᠭᠰᠠᠨ ᠡᠷᠡᠭᠦᠯᠵᠢᠯ ᠪᠡᠶ᠎ᠡ ᠰᠤᠪᠢᠯᠠᠯᠲᠠ ᠶᠢᠨ ᠠᠰᠠᠭᠤᠳᠠᠯ ᠳᠤ | ᠨᠢᠭᠡᠳ ᠨᠢᠭᠡ ᠪᠠᠷ ᠬᠠᠷᠢᠭᠤᠯᠲᠠ ᠥᠭᠭᠦᠨ᠎ᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠠᠵᠢᠯᠳᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠠᠴᠠ | ᠲᠤᠬᠠᠢ ᠶᠢᠨ ᠲᠠᠯᠠᠪᠠᠢ ᠳᠤ ᠪᠠᠶᠢᠭᠰᠠᠨ ᠮᠠᠯᠴᠢᠨ ᠲᠠᠷᠢᠶᠠᠴᠢᠨ ᠳᠤ ︽ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ | ᠮᠡᠷᠭᠡᠵᠢᠯ ᠤᠨ ᠭᠠᠷ ᠠᠪᠤᠯᠭ᠎ᠠ︾᠂ ︽ᠲᠠᠷᠢᠮᠠᠯ ᠤᠨ ᠦᠢᠯᠡᠰ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠮᠡᠷᠭᠡᠵᠢᠯ︾ ᠪᠣᠯᠤᠨ ᠬᠢᠵᠢᠭ ᠢ ᠰᠡᠷᠭᠡᠶᠢᠯᠡᠬᠦ ᠮᠡᠳᠡᠯᠭᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ 200 ᠭᠠᠷᠤᠢ | ᠳᠡᠪᠲᠡᠷ ᠲᠠᠷᠬᠠᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠠᠪᠤᠯᠭ᠎ᠠ︾᠂ | ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠠᠭᠠᠰᠤ ᠵᠡᠷᠭᠡ ᠶᠢ ᠨᠡᠶᠢᠳᠡ 150 ᠭᠠᠷᠤᠢ ᠬᠤᠪᠢ ᠲᠠᠷᠬᠠᠭᠠᠵᠠᠢ᠃ | ᠥᠷᠭᠡᠨ ᠣᠯᠠᠨ ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠡᠨᠡ ᠵᠢᠯ ᠤᠨ | ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ᠃ | ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠳᠠᠷᠢᠵᠤ ᠲᠡᠵᠢᠭᠡᠨ ᠦᠷᠡᠵᠢᠭᠦᠯᠬᠦ | ᠮᠡᠳᠡᠯᠭᠡ ᠪᠠ ᠡᠮ ᠡᠮᠨᠡᠯᠭᠡ ᠡᠷᠡᠭᠦᠯ ᠮᠡᠨᠳᠦ ᠶᠢᠨ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠣᠯᠠᠨ ᠢ | ᠬᠠᠪᠰᠤᠷᠤᠨ ᠬᠠᠪᠤᠷ ᠤᠨ ᠤᠯᠠᠷᠢᠯ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ | ᠰᠢᠢᠳᠪᠦᠷᠢᠯᠡᠵᠦ᠂ ᠪᠥᠬᠦ ᠪᠠᠯᠭᠠᠰᠤ ᠪᠠᠷ ᠢᠶᠠᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ | ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠪᠥᠬᠦ ᠪᠠᠯᠭᠠᠰᠤ ᠶᠢᠨ ᠥᠷᠭᠡᠨ ᠣᠯᠠᠨ ᠮᠠᠯᠴᠢᠨ ᠲᠠᠷᠢᠶᠠᠴᠢᠨ ᠤ ᠬᠦᠷᠢᠶᠡᠯᠡᠯ ᠢ ᠣᠯᠤᠭᠰᠠᠨ ᠪᠠᠶᠢᠨ᠎ᠠ᠃ ᠮᠠᠯᠴᠢᠨ | ᠲᠠᠷᠢᠶᠠᠴᠢᠨ ᠨᠠᠶᠢᠵᠢ ᠨᠠᠷ᠂ ᠲᠠᠳᠠ ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠠ ᠲᠣᠬᠢᠶᠠᠯ ᠢ ᠨᠠᠨᠳᠢᠩᠨᠠᠵᠤ᠂ ᠲᠣᠰ | ᠤᠳᠠᠭᠠᠨ ᠤ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠰᠢᠨᠵᠢᠯᠡᠬᠦ ᠤᠬᠠᠭᠠᠨ ᠤ | ᠮᠡᠳᠡᠯᠭᠡ ᠶᠢ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠬᠤ ᠬᠦᠰᠡᠯ ᠢᠶᠠᠨ ᠪᠠᠲᠤᠳᠬᠠᠨ᠎ᠠ ᠭᠡᠵᠦ | ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ | ᠬᠠᠮᠵᠢᠯᠴᠠᠨ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠪᠣᠯᠤᠨ ᠰᠢᠨᠵᠢᠯᠡᠬᠦ ᠤᠬᠠᠭᠠᠨ ᠤ ᠠᠷᠭ᠎ᠠ ᠶᠢ | ᠤᠯᠠᠮᠵᠢᠯᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ | ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |