ᠮᠠᠨ ᠤ ᠰᠢᠶᠠᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠵᠢᠴᠢ ︽ᠤᠮᠠᠷᠠᠲᠤ ᠬᠢᠯᠢ ᠶᠢ ᠦᠵᠡᠵᠦ ᠪᠢᠴᠢᠭ ᠤᠨ ᠰᠤᠷᠪᠤᠯᠵᠢ ᠶᠢ ᠬᠠᠮᠲᠤ ᠪᠠᠷ ᠪᠠᠶᠢᠭᠤᠯᠬᠤ︾ ᠲᠥᠪᠯᠡᠷᠡᠩᠭᠦᠶ ᠦᠢᠯᠡᠴᠢᠯᠡᠭᠡᠨ ᠤ ᠬᠦᠳᠡᠯᠭᠡᠭᠡᠨ ᠢ ᠡᠷᠭᠢᠯᠡᠪᠡ
ᠨᠡᠶᠢᠲᠡᠯᠡᠭᠰᠡᠨ ᠴᠠᠭ᠄
2024/4/24
      4 ᠰᠠᠷ᠎ᠠ ᠶᠢᠨ 23 ᠤ ᠡᠳᠦᠷ᠂ ᠰᠢᠩ ᠡᡁᠧ ᠰᠢᠶᠠᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠵᠢᠴᠢ ︽ᠤᠮᠠᠷᠠᠲᠤ ᠬᠢᠯᠢ ᠶᠢ ᠦᠵᠡᠵᠦ᠂ ᠪᠢᠴᠢᠭ ᠤᠨ ᠰᠤᠷᠪᠤᠯᠵᠢ ᠶᠢ ᠬᠠᠮᠲᠤᠪᠠᠷ ᠪᠦᠳᠦᠭᠡᠨ ᠪᠠᠶᠢᠭᠤᠯᠵᠤ ᠡᡁᠧ ᠡᡁᠧ ᠶᠢ ᠬᠥᠭᠵᠢᠭᠦᠯᠬᠦ︾ ᠲᠥᠪᠯᠡᠷᠡᠭᠦᠯᠦᠨ ᠦᠢᠯᠡᠴᠢᠯᠡᠬᠦ  ᠬᠦᠳᠡᠯᠭᠡᠭᠡᠨ ᠶᠡᠭᠡ ᠬᠦᠷᠢᠶ᠎ᠡ ᠰᠢᠶᠠᠩ ᠳᠤ ᠶᠠᠪᠤᠭᠳᠠᠪᠠ᠃      ᠠᠵᠢᠯᠯᠠᠭ᠎ᠠ ᠨᠢ ᠡᠬᠢᠯᠡᠯᠲᠡ ᠶᠢᠨ ᠪᠥᠵᠢᠭ ︽ᠮᠠᠭᠲᠠᠭᠠᠯ ᠳᠠᠭᠤᠤ︾ ᠳᠤᠮᠳᠠ ᠬᠥᠰᠢᠭᠡ ᠪᠠᠨ ᠰᠡᠬᠦᠵᠦ᠂ ᠰᠣᠶᠣᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠤᠬᠠᠢ ᠶᠢᠨ ᠲᠠᠯᠠᠪᠠᠢ ᠶᠢᠨ ᠰᠣᠶᠣᠯ ᠤᠷᠠᠯᠢᠭ ᠤᠨ ᠬᠠᠮᠲᠤᠷᠠᠭᠰᠠᠨ ᠲᠣᠭᠯᠠᠯᠲᠠ ᠨᠢ ᠲᠤᠰ ᠨᠤᠲᠤᠭ ᠤᠨ ᠣᠨᠴᠠᠯᠢᠭ ᠲᠠᠢ ᠲᠣᠭᠯᠠᠯᠲᠠ ᠪᠠᠷ ᠭᠤᠣᠯ ᠪᠣᠯᠭᠠᠭᠰᠠᠨ ᠪᠠᠶᠢᠨ᠎ᠠ᠃ ᠭᠤᠴᠣᠯᠠᠯ ᠳᠠᠭᠤᠤ ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠶᠠᠪᠤᠶ᠎ᠠ︾᠂ ︽ᠤᠤᠯ ᠤᠨ ᠳᠠᠭᠤᠤ ᠶᠢ ᠲᠤᠭᠤᠷᠪᠢᠬᠤ︾᠂ ᠮᠤᠷᠢᠨ ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ ᠳᠠᠪᠬᠢᠯᠭ᠎ᠠ︾ ᠁ ᠪᠥᠵᠢᠭ᠂ ᠰᠢ ᠵᠦᠴᠦᠭᠡ᠂ ᠤᠯᠠᠭᠠᠨ ᠳᠠᠭᠤᠤ ᠶᠢᠨ ᠬᠠᠮᠲᠤᠷᠠᠭᠰᠠᠨ ᠳᠠᠭᠤᠤ ᠵᠡᠷᠭᠡ ᠲᠣᠭᠯᠠᠯᠲᠠ ᠡᠭᠡᠯᠵᠢᠯᠡᠨ ᠲᠣᠭᠯᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠭᠡᠷ ᠤᠨ ᠢᠶᠠᠨ ᠡᠭᠦᠳᠡᠨ ᠳᠤ ︽ᠰᠣᠶᠣᠯ ᠤᠨ ᠦᠪᠡᠳᠡᠭᠰᠢ ᠳᠠᠶᠢᠯᠠᠯᠭ᠎ᠠ ︾ ᠶᠢ ᠠᠪᠴᠢᠷᠠᠵᠤ᠂ ᠲᠤᠬᠠᠢ ᠶᠢᠨ ᠲᠠᠯᠠᠪᠠᠢ ᠳᠤ ᠪᠠᠶᠢᠨ ᠪᠠᠶᠢᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ ᠪᠠᠶᠢᠯ᠎ᠠ᠃      ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠰᠣᠶᠣᠯ ᠤᠨ ᠦᠢᠯᠡᠴᠢᠯᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠤᠬᠠᠭᠤᠯᠭ᠎ᠠ ᠁ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠡ᠂ ᠬᠠᠤᠯᠢ ᠴᠠᠭᠠᠵᠠ ᠶᠢᠨ ᠲᠤᠪᠴᠢᠶ᠎ᠡ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠤᠪᠴᠢᠶ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠪᠯᠡᠯ ᠤᠨ ᠬᠤᠷᠢᠶ᠎ᠡ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠳᠡᠯᠭᠡᠨ ᠳᠡᠯᠭᠡᠵᠦ ᠴᠢᠬ ᠭᠠᠷᠭᠠᠵᠤ︾᠂ ᠯᠠᠪᠯᠠᠯᠭ᠎ᠠ ᠶᠢᠨ ᠲᠠᠪᠴᠠᠩ ᠪᠠ ᠦᠢᠯᠡᠴᠢᠯᠡᠭᠡᠨ ᠤ ᠦᠵᠡᠭᠦᠯᠦᠯᠭᠡ ᠶᠢᠨ ᠰᠠᠮᠪᠠᠷ᠎ᠠ ᠭᠠᠷᠭᠠᠬᠤ ᠪᠠᠷ ᠳᠠᠮᠵᠢᠭᠤᠯᠤᠨ ᠲᠦᠷᠦ ᠶᠢᠨ ᠪᠤᠳᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠡᠮ ᠡᠮᠨᠡᠯᠭᠡ᠂ ᠲᠠᠷᠢᠶᠠᠯᠠᠩ ᠤᠨ ᠵᠢᠯᠤᠭᠤᠳᠤᠯᠭ᠎ᠠ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠤᠬᠠᠢ ᠶᠢᠨ ᠲᠠᠯᠠᠪᠤᠷ ᠤᠨ ᠠᠵᠢᠯᠲᠠᠳ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠯᠠᠪᠯᠠᠯᠭ᠎ᠠ ᠶᠢ ᠬᠦᠯᠢᠶᠡᠪᠡ᠃      ᠡᠭᠦᠨ ᠤ ᠬᠠᠮᠲᠤ᠂ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠶ ᠦᠢᠯᠡᠴᠢᠯᠡᠭᠡᠨ ᠤ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠲᠡᠷᠡᠴᠢᠯᠡᠨ 29 ᠳ᠋ᠦᠭᠡᠷ ︽ᠳᠡᠯᠡᠬᠡᠶ ᠶᠢᠨ ᠨᠣᠮ ᠤᠩᠰᠢᠬᠤ ᠡᠳᠦᠷ︾ ᠲᠠᠢ ᠤᠶᠠᠯᠳᠤᠭᠤᠯᠤᠨ᠂  ᠶᠡᠭᠡ ᠬᠦᠷᠢᠶ᠎ᠡ ᠰᠢᠶᠠᠩ ᠤᠨ ᠭᠤᠣᠯ ᠨᠣᠮ ᠤᠨ ᠥᠷᠥᠭᠡᠨ ᠳᠤ ︽ᠤᠮᠠᠷᠠᠲᠤ ᠬᠢᠯᠢ ᠳᠤ ᠪᠢᠴᠢᠭ ᠤᠨ ᠰᠤᠷᠪᠤᠯᠵᠢ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠵᠡᠶ᠎ᠡ︾ ᠭᠡᠬᠦ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠬᠠᠮᠲᠤ ᠪᠠᠷ ᠡᠳ᠋ᠯᠡᠬᠦ ᠬᠤᠷᠠᠯ ᠢ ᠡᠷᠭᠢᠯᠡᠵᠦ᠂ ᠤᠩᠰᠢᠯᠭ᠎ᠠ ᠳᠤ ᠪᠠᠭ᠋ᠠᠲᠠᠢ ᠬᠥᠮᠦᠰ ᠥᠪᠡᠷ ᠥᠪᠡᠷ ᠤᠨ ᠳᠤᠷᠠᠲᠠᠢ ᠨᠣᠮ ᠢᠶᠠᠨ ᠨᠢᠭᠡᠳ ᠨᠢᠭᠡ ᠪᠠᠷ ᠬᠤᠪᠢᠶᠠᠯᠴᠠᠨ᠎ᠠ᠂ ᠡᠭᠦᠨ ᠳᠤ ᠠᠮᠢᠳᠤᠷᠠᠯ ᠤᠨ ᠤᠷᠮ᠎ᠠ ᠪᠠᠬ᠎ᠠ ᠲᠠᠢ ᠭᠤᠶᠢᠳᠠ ᠰᠠᠶᠢᠬᠠᠨ ᠨᠠᠶᠢᠷᠠᠭᠤᠯᠤᠯ ᠪᠠᠶᠢᠬᠤ ᠪᠠᠷ ᠪᠠᠷᠠᠬᠤ ᠦᠭᠡᠢ᠂ ᠰᠡᠳᠬᠢᠯ ᠤᠨ ᠭᠦᠨ ᠳᠠᠬᠢ ᠰᠣᠩᠭᠤᠳᠠᠭ ᠥᠭᠦᠯᠡᠯᠭᠡ ᠴᠦ ᠪᠤᠢ᠂ ᠨᠡᠩ ᠴᠤ ᠪᠢᠳᠡᠨ ᠢ ᠵᠣᠷᠢᠭᠵᠢᠭᠤᠯᠤᠨ ᠲᠠᠰᠤᠷᠠᠯᠲᠠ ᠦᠭᠡᠢ ᠤᠷᠤᠭᠰᠢᠯᠠᠭᠤᠯᠬᠤ ᠬᠤᠪᠢᠰᠬᠠᠯ ᠤᠨ ᠲᠡᠦᠬᠡ ᠶᠢᠨ ᠨᠣᠮ ᠴᠤ ᠪᠤᠢ᠂ ᠬᠤᠪᠢᠶᠠᠯᠴᠠᠨ ᠡᠳ᠋ᠯᠡᠭᠴᠢ ᠪᠦᠬᠦᠨ ᠭᠤᠶᠢᠳᠠ ᠰᠠᠶᠢᠬᠠᠨ ᠲᠣᠭᠠᠴᠢᠯᠲᠠ ᠪᠠᠷ ᠢᠶᠠᠨ ᠤᠯᠠᠨ ᠤ ᠰᠡᠳᠬᠢᠯ ᠢ ᠶᠡᠬᠡᠳᠡ ᠳᠣᠭᠳᠣᠯᠤᠭᠤᠯᠵᠠᠢ᠃ ᠨᠣᠮ ᠤᠩᠰᠢᠵᠤ ᠰᠠᠨᠠᠯ ᠢᠶᠠᠨ ᠰᠣᠯᠢᠯᠴᠠᠨ ᠬᠤᠪᠢᠶᠠᠯᠴᠠᠬᠤ ᠪᠠᠷ ᠳᠠᠮᠵᠢᠨ ᠰᠣᠷᠣᠭᠰᠠᠨ ᠰᠡᠳᠬᠢᠭᠰᠡᠨ᠂ ᠤᠬᠠᠭᠠᠷᠠᠭᠰᠠᠨ ᠵᠦᠢᠯ ᠢᠶᠠᠨ ᠬᠤᠪᠢᠶᠠᠯᠴᠠᠵᠤ ᠂ ᠨᠣᠮ ᠤᠨ ᠦᠨᠦᠷ ᠠᠮᠲᠠ ᠶᠢᠨ ᠢᠳᠡᠪᠬᠢ ᠬᠦᠴᠦᠨ ᠢ ᠳᠠᠮᠵᠢᠭᠤᠯᠵᠤ᠂ ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠪᠠ ᠤᠶᠤᠨ ᠰᠠᠨᠠᠭᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃      ᠲᠤᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠂ ᠰᠢᠨ᠎ᠡ ᠴᠠᠭ ᠦᠶ᠎ᠡ  ᠂ ᠰᠢᠨ᠎ᠡ ᠡᠭᠦᠷᠭᠡ ᠲᠠᠢ ᠨᠢᠭᠲᠠ ᠤᠶᠠᠯᠳᠤᠭᠤᠯᠤᠨ᠂ ᠲᠠᠷᠢᠶᠠᠯᠠᠩ ᠤᠨ ᠬᠡᠷᠡᠭᠴᠡᠭᠡ᠂ ᠬᠥᠳᠡᠭᠡ ᠲᠣᠰᠬᠤᠨ ᠤ ᠬᠡᠷᠡᠭᠴᠡᠭᠡ᠂ ᠲᠠᠷᠢᠶᠠᠴᠢᠳ ᠤᠨ ᠬᠦᠰᠡᠯ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠰᠡᠳᠬᠢᠯ ᠰᠠᠨᠠᠭ᠎ᠠ ᠪᠠᠨ ᠲᠠᠷᠢᠶᠠᠴᠢᠳ ᠤᠨ ᠪᠡᠶ᠎ᠡ ᠳᠡᠭᠡᠷ᠎ᠡ ᠲᠠᠯᠪᠢᠵᠤ᠂ ᠡᠷᠳᠡᠮ ᠴᠢᠳᠠᠪᠤᠷᠢ ᠪᠠᠨ ᠠᠵᠢᠯ ᠶᠠᠪᠤᠳᠠᠯ ᠬᠢᠬᠦ ᠳᠡᠭᠡᠷ᠎ᠡ ᠢᠯᠡᠷᠡᠭᠦᠯᠵᠦ᠂ ᠲᠠᠷᠢᠶᠠᠴᠢᠳ ᠤᠨ ᠣᠶᠣᠨ ᠤ ᠪᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ ᠂ ᠠᠵᠢᠯᠯᠠᠭ᠎ᠠ ᠶᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ︽ᠭᠤᠷᠪᠠ ᠶᠢ ᠬᠥᠳᠡᠭᠡ ᠪᠠᠭᠤᠯᠭᠠᠬᠤ︾ ᠶᠢ ᠦᠨᠡᠨ ᠬᠦ ᠭᠦᠨᠵᠡᠭᠡᠶᠢᠷᠡᠭᠦᠯᠦᠨ ᠪᠠᠷᠢᠮᠲᠠᠯᠠᠵᠤ᠂ ᠣᠯᠠᠨ ᠲᠦᠮᠡᠨ ᠢ ᠦᠨᠡᠨ ᠬᠦ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠶ ᠠᠰᠠᠭᠤᠳᠠᠯ ᠢ ᠨᠢ ᠦᠨᠡᠨ ᠬᠦ ᠰᠢᠢᠳᠪᠦᠷᠢᠯᠡᠵᠦ᠂ ᠦᠨᠡᠨ ᠪᠣᠳᠠᠲᠠᠶ ᠳᠥᠭᠦᠮ ᠳᠥᠲᠡ ᠪᠠ ᠪᠣᠳᠠᠲᠤ ᠠᠰᠢᠭ ᠲᠤᠰᠠ ᠬᠦᠷᠲᠡᠭᠡᠵᠦ᠂ ︽ᠭᠤᠷᠪᠠ ᠶᠢ ᠬᠥᠳᠡᠭᠡ ᠪᠠᠭᠤᠯᠭᠠᠬᠤ︾ ᠶᠢ ᠲᠠᠰᠤᠷᠠᠯᠲᠠ ᠦᠭᠡᠢ ᠪᠠᠶᠢᠩᠭᠤ ᠬᠥᠳᠡᠭᠡ ᠪᠠᠭᠤᠯᠭᠠᠬᠤ ᠪᠣᠯᠭᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3