ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠲᠠ ᠶᠢᠨ ᠪᠣᠭᠤᠮᠲᠠ ᠪᠠᠯᠭᠠᠰᠤᠨ ᠳᠤ ᠭᠦᠨᠵᠡᠭᠡᠶᠢᠷᠡᠨ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾ ᠤᠨ ᠬᠠᠪᠤᠷ ᠤᠨ ᠤᠯᠠᠷᠢᠯ ᠤᠨ ᠪᠣᠯᠪᠠᠰᠤᠷᠠᠭᠤᠯᠤᠯ ᠤᠨ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/4/24
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾ ᠤᠨ ᠬᠠᠪᠤᠷ ᠤᠨ ᠤᠯᠠᠷᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠬᠤᠲᠠ ᠶᠢᠨ ᠪᠣᠭᠤᠮᠲᠠ ᠪᠠᠯᠭᠠᠰᠤᠨ ᠳᠤ ᠬᠥᠷᠪᠡ᠃      ᠪᠣᠯᠪᠠᠰᠤᠷᠠᠯ ᠤᠨ ᠬᠤᠷᠠᠯ ᠳᠡᠭᠡᠷ᠎ᠡ᠂ ᠲᠠᠷᠢᠮᠠᠯ ᠤᠨ ᠦᠢᠯᠡᠰ ᠤᠨ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠲᠤ ᠪᠤᠷᠳᠤᠭᠤᠷ ᠤᠨ ᠮᠡᠷᠭᠡᠵᠢᠯ ᠤᠨ ᠵᠢᠯᠤᠭᠤᠳᠤᠯᠭ᠎ᠠ ᠪᠣᠯᠤᠨ ᠬᠠᠭᠤᠷᠠᠢ ᠲᠠᠷᠢᠶᠠᠨ ᠤ ᠲᠥᠮᠥᠰᠥ ᠲᠠᠷᠢᠬᠤ ᠮᠡᠷᠭᠡᠵᠢᠯ ᠵᠡᠷᠭᠡ ᠲᠠᠯ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ ᠲᠣᠰᠬᠤᠨ ᠤ ᠠᠷᠠᠳ ᠤᠨ ᠲᠠᠷᠢᠮᠠᠯ ᠤᠨ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠡᠢ᠃ ᠪᠣᠯᠪᠠᠰᠤᠷᠠᠯ ᠳᠤ ᠣᠷᠣᠯᠴᠠᠭᠰᠠᠳ ᠤᠨ ᠬᠠᠯᠠᠭᠤᠨ ᠰᠡᠳᠬᠢᠯᠭᠡ ᠣᠷᠭᠢᠯᠵᠤ᠂ ᠪᠣᠯᠪᠠᠰᠤᠷᠠᠯ ᠤᠨ ᠠᠭᠤᠷ ᠠᠮᠢᠰᠬᠤᠯ ᠥᠳᠬᠡᠨ ᠵᠤᠵᠠᠭᠠᠨ ᠪᠠᠶᠢᠵᠤ ᠂ ᠲᠥᠮᠥᠰᠥ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠬᠤ ᠶᠢ ᠪᠡᠶᠡᠯᠡᠭᠦᠯᠬᠦ ᠳᠤ ᠬᠦᠴᠦᠲᠡᠢ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠤᠨ ᠳᠠᠷᠢᠵᠤ ᠲᠡᠵᠢᠭᠡᠨ ᠦᠷᠡᠵᠢᠭᠦᠯᠬᠦ ᠲᠤᠮᠤ ᠡᠷᠦᠬᠡ ᠳᠤ ᠨᠣᠭᠤᠭᠠᠨ ᠳᠠᠷᠤᠰᠢ ᠶᠢᠨ ᠡᠪᠡᠰᠦ ᠪᠣᠷᠳᠤᠭ᠎ᠠ ᠲᠠᠷᠢᠬᠤ ᠵᠢᠴᠢ ᠦᠬᠡᠷ᠂ ᠬᠤᠨᠢ ᠢᠮᠠᠭ᠎ᠠ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠦᠬᠡᠷ ᠬᠤᠨᠢᠨ ᠤ ᠡᠭᠦᠯᠳᠡᠷ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠮᠡᠷᠭᠡᠵᠢᠯ᠂ ᠲᠡᠵᠢᠭᠡᠯ ᠪᠣᠷᠳᠤᠭ᠎ᠠ ᠡᠳ᠋ᠰᠢᠭᠦᠯᠦᠨ ᠨᠠᠶᠢᠷᠠᠭᠤᠯᠬᠤ ᠮᠡᠷᠭᠡᠵᠢᠯ᠂ ᠦᠬᠡᠷ ᠬᠤᠨᠢᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠵᠡᠷᠭᠡ ᠲᠠᠯ᠎ᠠ ᠶᠢᠨ ᠮᠡᠳᠡᠯᠭᠡ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠪᠣᠯᠪᠠᠰᠤᠷᠠᠭᠤᠯᠤᠯ ᠢ ᠣᠨᠣᠯ ᠤᠨ ᠲᠠᠶᠢᠯᠤᠮᠵᠢ ᠬᠢᠬᠦ᠂ ᠲᠤᠬᠠᠶ ᠶᠢᠨ ᠲᠠᠯᠠᠪᠤᠷ ᠲᠤ ᠠᠰᠠᠭᠤᠯᠲᠠ ᠳᠤᠷᠠᠳᠬᠤ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠬᠦ᠂ ᠲᠤᠬᠠᠶ ᠶᠢᠨ ᠲᠠᠯᠠᠪᠤᠷ ᠲᠤ ᠠᠵᠢᠯᠯᠠᠭᠤᠯᠤᠨ ᠵᠢᠱᠢᠶ᠎ᠡ ᠦᠵᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠳᠤ ᠣᠷᠣᠯᠴᠠᠬᠤ ᠡᠲᠡᠭᠡᠳ ᠤᠨ ᠢᠳᠡᠪᠬᠢᠵᠢᠯ᠂ ᠣᠷᠣᠯᠴᠠᠬᠤ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ ᠭᠦᠢᠴᠡᠳ ᠬᠥᠭᠵᠢᠭᠡᠵᠦ᠂ ᠣᠯᠠᠨ ᠢᠶᠠᠷ ᠢᠶᠠᠨ ᠶᠡᠭᠡ ᠠᠰᠢᠭ ᠭᠥᠷᠳᠡᠭᠰᠡᠨ ᠪᠠᠶᠢᠨ᠎ᠠ᠃      ᠬᠤᠲᠠ ᠶᠢᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠨᠡᠷ ᠬᠢᠯᠪᠠᠷ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠡᠷᠡᠭᠦᠯ ᠮᠡᠨᠳᠦ ᠶᠢ ᠬᠠᠮᠠᠭᠠᠯᠠᠬᠤ ᠪᠠ ᠪᠡᠶ᠎ᠡ ᠰᠤᠪᠢᠯᠠᠬᠤ ᠲᠥᠬᠦᠮ ᠠᠷᠭ᠎ᠠ ᠪᠠ ᠬᠠᠪᠤᠷ ᠤᠨ ᠤᠯᠠᠷᠢᠯ ᠤᠨ ᠠᠮᠠᠷᠬᠠᠨ ᠡᠭᠦᠰᠬᠦ ᠡᠪᠡᠳᠴᠢᠨ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠵᠡᠷᠭᠡ ᠶᠢ ᠲᠠᠶᠢᠯᠪᠤᠷᠢᠯᠠᠨ ᠥᠭᠴᠦ ᠪᠠᠶᠢᠨ᠎ᠠ᠃ ᠡᠭᠦᠨ ᠤ ᠬᠠᠮᠲᠤ ᠰᠠᠭᠤᠭᠠᠯᠢ ᠠᠷᠠᠳ ᠤᠨ ᠬᠡᠷᠡᠭᠴᠡᠭᠡ ᠶᠢ ᠦᠨᠳᠦᠰᠦᠯᠡᠨ ᠲᠤᠬᠠᠶ ᠶᠢᠨ ᠲᠠᠯᠠᠪᠤᠷ ᠲᠤ ᠲᠥᠯᠥᠪᠦᠷᠢ ᠦᠭᠡᠢ ᠠᠯᠪᠠᠨ ᠵᠢᠷᠤᠮ ᠤᠨ ᠡᠮᠴᠢᠯᠡᠭᠡ ᠬᠢᠨ᠎ᠡ᠂ ᠡᠭᠦᠨ ᠳᠤ ᠴᠢᠰᠤᠨ ᠳᠠᠷᠤᠯᠲᠠ ᠶᠢ ᠬᠡᠮᠵᠢᠬᠦ᠂ ᠰᠤᠳᠠᠯ ᠪᠠᠷᠢᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠵᠡᠷᠭᠡ ᠪᠠᠭᠲᠠᠨ᠎ᠠ᠂ ᠠᠯᠪᠠᠨ ᠵᠢᠷᠤᠮ ᠤᠨ ᠡᠮᠴᠢᠯᠡᠭᠡ ᠬᠢᠬᠦ ᠶᠠᠪᠤᠴᠠ ᠳᠤ ᠰᠠᠭᠤᠭᠠᠯᠢ ᠠᠷᠠᠳ ᠤᠨ ᠳᠤᠷᠠᠳᠤᠭᠰᠠᠨ ᠡᠷᠡᠭᠦᠯᠵᠢᠯ ᠪᠡᠶ᠎ᠡ ᠰᠤᠪᠢᠯᠠᠯᠲᠠ ᠶᠢᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠭᠦᠨ᠎ᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯᠳᠠᠨ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠠᠴᠠ ᠲᠤᠬᠠᠢ ᠶᠢᠨ ᠲᠠᠯᠠᠪᠠᠢ ᠳᠤ ᠪᠠᠶᠢᠭᠰᠠᠨ ᠮᠠᠯᠴᠢᠨ ᠲᠠᠷᠢᠶᠠᠴᠢᠨ ᠳᠤ ︽ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠭᠠᠷ ᠠᠪᠤᠯᠭ᠎ᠠ︾᠂ ︽ᠲᠠᠷᠢᠮᠠᠯ ᠤᠨ ᠦᠢᠯᠡᠰ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯ︾ ᠪᠣᠯᠤᠨ ᠬᠢᠵᠢᠭ ᠢ ᠰᠡᠷᠭᠡᠶᠢᠯᠡᠬᠦ ᠮᠡᠳᠡᠯᠭᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ 200 ᠭᠠᠷᠤᠢ ᠳᠡᠪᠲᠡᠷ ᠲᠠᠷᠬᠠᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠠᠪᠤᠯᠭ᠎ᠠ︾᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠠᠭᠠᠰᠤ ᠵᠡᠷᠭᠡ ᠶᠢ ᠨᠡᠶᠢᠳᠡ 150 ᠭᠠᠷᠤᠢ ᠬᠤᠪᠢ ᠲᠠᠷᠬᠠᠭᠠᠵᠠᠢ᠃ ᠥᠷᠭᠡᠨ ᠣᠯᠠᠨ ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠎ᠡ᠃      ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠨᠢ ᠳᠠᠷᠢᠵᠤ ᠲᠡᠵᠢᠭᠡᠨ ᠦᠷᠡᠵᠢᠭᠦᠯᠬᠦ ᠮᠡᠳᠡᠯᠭᠡ ᠪᠠ ᠡᠮ ᠡᠮᠨᠡᠯᠭᠡ ᠡᠷᠡᠭᠦᠯ ᠮᠡᠨᠳᠦ ᠶᠢᠨ ᠮᠡᠳᠡᠯᠭᠡ ᠶᠢ ᠣᠯᠠᠨ ᠲᠦᠮᠡᠨ ᠤ ᠳᠡᠷᠭᠡᠳᠡ ᠬᠦᠷᠭᠡᠵᠦ᠂ ᠣᠯᠠᠨ ᠢ ᠬᠠᠪᠰᠤᠷᠤᠨ ᠬᠠᠪᠤᠷ ᠤᠨ ᠤᠯᠠᠷᠢᠯ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷ ᠠᠰᠠᠭᠤᠳᠠᠯ ᠢ  ᠰᠢᠢᠳᠪᠦᠷᠢᠯᠡᠵᠦ᠂ ᠪᠥᠬᠦ ᠪᠠᠯᠭᠠᠰᠤ ᠪᠠᠷ ᠢᠶᠠᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤ ᠶᠢᠨ ᠥᠷᠭᠡᠨ ᠣᠯᠠᠨ ᠮᠠᠯᠴᠢᠨ ᠲᠠᠷᠢᠶᠠᠴᠢᠨ ᠤ ᠬᠦᠷᠢᠶᠡᠯᠡᠯ ᠢ ᠣᠯᠤᠭᠰᠠᠨ ᠪᠠᠶᠢᠨ᠎ᠠ᠃ ᠮᠠᠯᠴᠢᠨ ᠲᠠᠷᠢᠶᠠᠴᠢᠨ ᠨᠠᠶᠢᠵᠢ ᠨᠠᠷ᠂ ᠲᠠᠳᠠ ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠠ ᠲᠣᠬᠢᠶᠠᠯ ᠢ ᠨᠠᠨᠳᠢᠩᠨᠠᠵᠤ᠂ ᠲᠣᠰ ᠤᠳᠠᠭᠠᠨ ᠤ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠬᠤ ᠬᠦᠰᠡᠯ ᠢᠶᠠᠨ ᠪᠠᠲᠤᠳᠬᠠᠨ᠎ᠠ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠲᠠᠢ ᠬᠠᠮᠵᠢᠯᠴᠠᠨ ᠰᠠᠭᠤᠭᠠᠯᠢ ᠠᠷᠠᠳ ᠲᠤ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠪᠣᠯᠤᠨ ᠰᠢᠨᠵᠢᠯᠡᠬᠦ ᠤᠬᠠᠭᠠᠨ ᠤ ᠠᠷᠭ᠎ᠠ ᠶᠢ ᠤᠯᠠᠮᠵᠢᠯᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3