ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2024/4/25
ᠪᠠᠶᠢᠭᠤᠯᠤᠮᠵᠢ ᠶᠢᠨ ᠡᠷᠬᠡ ᠴᠢᠳᠠᠪᠤᠷᠢ      ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠰᠢᠶᠠᠨ ᠤ ᠵᠠᠰᠠᠭ ᠤᠨ ᠣᠷᠳᠣᠨ ᠤ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠬᠤ ᠡᠭᠦᠷᠭᠡ ᠴᠢᠳᠠᠪᠬᠢ ᠶᠢᠨ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠂ 2019 ᠣᠨ ᠤ 4 ᠰᠠᠷ᠎ᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠡᠷ᠎ᠡ ᠶᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠡᠵᠦ ᠬᠠᠯᠠᠪᠠ᠃ ᠰᠢᠩ ᠡᡁᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠰᠢᠩ ᠡᡁᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭ᠎ᠠ ᠶᠢᠨ ᠳᠡᠰ ᠲᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠪᠴᠢᠶ᠎ᠡ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠤᠪᠴᠢᠶ᠎ᠡ ᠶᠢᠨ ᠫᠠᠶᠢᠰᠠ ᠶᠢ ᠨᠡᠮᠡᠵᠦ ᠡᠯᠭᠦᠨ᠎ᠡ᠃      ᠰᠢᠩ ᠾᠧ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠢ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠪᠣᠳᠠᠲᠠᠢ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠤᠨ ᠰᠢᠪᠠᠳᠠᠵᠤ ᠪᠠᠶᠢᠭᠠᠳ ᠰᠢᠶᠠᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠣᠭᠲᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠤᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠪᠠᠶᠢᠯᠳᠤᠬᠤ ᠪᠤᠳᠤᠯᠭ᠎ᠠ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠤᠷᠳᠤ ᠰᠢᠭ᠋ ᠬᠤᠭᠤᠴᠠᠭᠠᠨ ᠤ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦ ᠰᠢᠶᠠᠨ ᠤ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ᠂ ᠦᠨ᠎ᠡ ᠬᠠᠩᠰᠢ ᠶᠢᠨ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠪᠠ ᠴᠢᠬᠤᠯᠠ ᠶᠡᠭᠡ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ ᠪᠤᠳᠤᠯᠭ᠎ᠠ ᠶᠢ ᠳᠤᠷᠠᠳᠤᠨ ᠭᠠᠷᠭᠠᠪᠠ︔ ᠡᠯ᠎ᠡ ᠵᠦᠢᠯ ᠤᠨ ᠠᠵᠤ ᠠᠬᠤᠶ ᠶᠢᠨ ᠠᠷᠭ᠎ᠠ ᠬᠡᠷᠡᠭᠯᠡᠭᠦᠷ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠬᠦ ᠲᠤᠬᠠᠶ ᠰᠠᠨᠠᠭᠤᠯᠭ᠎ᠠ ᠳᠤᠷᠠᠳᠤᠨ᠎ᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ᠳᠡᠪᠰᠢᠭᠦᠯᠦᠨ᠎ᠡ᠃      2. ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠬᠠᠷᠢᠭᠤᠴᠠᠵᠤ ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠦᠨ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠰᠢᠶᠠᠨ ᠤ ᠬᠤᠷᠸ᠎ᠠ ᠠᠵᠤ ᠠᠬᠤᠶ ᠶᠢᠨ ᠠᠵᠢᠯᠯᠠᠭ᠎ᠠ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ᠂ ᠠᠵᠤ ᠠᠬᠤᠶ ᠶᠢᠨ ᠠᠮᠤᠷ ᠲᠦᠪᠰᠢᠨ ᠪᠠ ᠶᠡᠷᠦᠩᠬᠡᠶ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠵᠤ᠂ ᠠᠶᠤᠯᠭᠦᠶ ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠬᠤᠷᠸ᠎ᠠ ᠲᠤᠬᠢᠷᠠᠭᠤᠯᠤᠯ ᠡᠵᠡᠮᠳᠡᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠬᠤ ᠶᠢ ᠬᠠᠷᠢᠭᠤᠴᠠᠨ᠎ᠠ᠃ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠲᠡᠭᠡᠭᠡᠪᠦᠷᠢ ᠶᠢ ᠵᠣᠬᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃      3. ᠪᠦᠬᠦ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠨ ᠵᠠᠳᠠᠯᠬᠤ ᠶᠢ ᠬᠠᠷᠢᠭᠤᠴᠠᠨ᠎ᠠ᠃ ᠪᠦᠬᠦ ᠰᠢᠶᠠᠨ ᠤ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠶᠡᠷᠦᠩᠬᠡᠶᠢᠯᠡᠨ ᠵᠠᠳᠠᠯᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠦᠬᠦ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃      4. ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠢᠩ ᠾᠧ ᠰᠢᠶᠠᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠪᠠ︔ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠰᠢᠶᠠᠨ ᠤ ᠨᠠᠮ ᠤᠨ ᠬᠤᠷᠢᠶ᠎ᠠ ᠳᠤ ᠨᠠᠶᠢᠳᠠᠨ ᠬᠠᠮᠢᠶᠠᠷᠤᠭᠤᠯᠤᠭᠰᠠᠨ ᠲᠠᠸᠠᠷ ᠤᠨ  ᠦᠢᠯᠡᠴᠢᠯᠡᠭᠡ ᠪᠠ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ ᠳᠣᠭᠢᠷᠠᠭᠤᠯᠤᠨ᠎ᠠ᠃      5. ᠪᠦᠬᠦ ᠰᠢᠶᠠᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠵᠦᠢᠯ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠰᠠᠶᠢᠲᠤᠷ ᠵᠣᠯᠭᠠᠭᠤᠯᠬᠤ ᠬᠡᠷᠡᠭᠲᠡᠶ᠃ ᠠᠵᠤ ᠠᠬᠤᠶ ᠶᠢᠨ ᠪᠠᠶᠢᠭᠤᠯᠤᠮᠵᠢ ᠶᠢ ᠥᠭᠡᠷᠡᠴᠢᠯᠡᠬᠦ ᠲᠤᠷᠰᠢᠯᠲᠠ ᠪᠠ ᠲᠤᠷᠰᠢᠯᠲᠠ ᠶᠢᠨ ᠣᠷᠣᠨ ᠢ ᠥᠭᠡᠷᠡᠴᠢᠯᠡᠬᠦ ᠠᠵᠢᠯ ᠢ ᠵᠢᠯᠣᠭᠤᠳᠤᠨ᠎ᠠ᠃      6. ᠪᠦᠬᠦ ᠰᠢᠶᠠᠨ ᠤ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠡᠯᠠ ᠣᠷᠣᠭᠤᠯᠤᠯᠲᠠ ᠶᠢᠨ ᠪᠦᠲᠦᠴᠡ ᠶᠢᠨ ᠲᠤᠬᠢᠷᠡᠭᠤᠯᠦᠯ ᠡᠵᠡᠮᠳᠡᠯ ᠤᠨ ᠬᠠᠷᠠᠯᠲᠠ᠂ ᠲᠦᠷᠦ ᠶᠢᠨ ᠪᠤᠳᠦᠯᠭ᠎ᠠ ᠵᠢᠴᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠶᠢ ᠱᠠᠭᠠᠷᠳᠠᠬᠤ ᠪᠠ ᠴᠢᠬᠤᠯᠠ ᠶᠡᠭᠡ ᠪᠦᠳᠦᠭᠡᠠ ᠪᠠᠶᠢᠭᠤᠯᠤᠯᠲᠠ ᠶᠢᠨ ᠵᠦᠢᠯᠡᠰ ᠲᠤ ᠬᠤᠯᠪᠣᠭᠳᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠠᠪᠴᠠᠯᠳᠤᠭᠤᠯᠤᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠢᠨᠠᠨ ᠵᠥᠪᠰᠢᠶᠡᠷᠡᠭᠰᠡᠨ ︵ᠬᠢᠨᠠᠨ ᠵᠥᠪᠰᠢᠶᠡᠷᠡᠭᠰᠡᠨ︶ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠲᠥᠷᠥᠯ ᠵᠦᠢᠯ ᠪᠣᠯᠤᠨ ᠶᠡᠭᠡ ᠲᠣᠭᠠᠨ ᠤ ᠭᠤᠪᠢᠭᠤᠯᠭ᠎ᠠ ᠬᠡᠷᠡᠭᠯᠡᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠬᠤ ᠬᠡᠷᠡᠭᠲᠡᠶ᠃      7. ᠠᠵᠤ ᠠᠬᠤᠶ ᠶᠢᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠲᠤᠬᠢᠷᠠᠭᠤᠯᠤᠯᠳᠠ ᠶᠢ ᠠᠬᠢᠭᠤᠯᠤᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠬᠠᠷᠢᠭᠤᠴᠠᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠰᠠᠶᠢᠲᠤᠷ ᠬᠢᠨ᠎ᠡ︔ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠬᠤ ᠴᠢᠬᠤᠯᠠ ᠶᠡᠭᠡ ᠠᠰᠠᠭᠤᠳᠠᠯ︔ ᠪᠦᠬᠦ ᠰᠢᠶᠠᠨ ᠤ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠳᠡᠭᠡᠳᠦ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ ᠲᠧᠭᠨᠢᠭ ᠮᠡᠷᠭᠡᠵᠢᠯ ᠤᠨ ᠲᠡᠪᠰᠢᠯᠳᠠ ᠶᠢᠨ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠴᠢᠬᠤᠯᠠ ᠶᠡᠭᠡ ᠲᠧᠭᠨᠢᠭ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      8. ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠲᠤᠬᠠᠶ ᠲᠦᠷᠦ ᠶᠢᠨ ᠪᠤᠳᠤᠯᠭ᠎ᠠ ᠲᠣᠭᠲᠠᠭᠠᠯ ᠢ ᠲᠤᠭᠤᠷᠪᠢᠨ ᠪᠢᠴᠢᠬᠦ︔ ᠡᠨᠧᠷᠭᠢ ᠶᠢᠨ ᠰᠤᠷᠪᠤᠯᠵᠢ ᠶᠢᠨ ᠨᠡᠭᠡᠭᠡᠨ ᠠᠰᠢᠭᠯᠠᠯᠲᠠ ᠶᠢ ᠪᠦᠷᠢᠳᠬᠡᠨ ᠲᠣᠬᠢᠷᠠᠭᠤᠯᠬᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠡᠨᠧᠷᠭᠢ ᠶᠢᠨ ᠰᠤᠷᠪᠤᠯᠵᠢ ᠶᠢᠨ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠠᠵᠢᠯᠯᠠᠭᠠᠨ ᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠵᠤ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ᠂ ᠢᠵᠢ ᠪᠦᠷᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃      9. ᠪᠥᠬᠦ ᠰᠢᠶᠠᠨ ᠤ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ᠂ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠠᠮᠢᠶ᠎ᠠ ᠪᠥᠬᠦᠶ ᠵᠣᠬᠢᠶᠠᠨ ᠪᠠᠶᠢᠭᠤᠯᠤᠯᠲᠠ ᠶᠢᠨ ᠭᠤᠶᠤᠴᠢᠯᠠᠨ ᠮᠡᠳᠡᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠪᠠ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠣᠯᠭᠠᠭᠤᠯᠬᠤ︔ ᠮᠠᠯᠵᠢᠬᠤ ᠲᠠᠷᠢᠶᠠᠯᠠᠬᠤ ᠣᠷᠣᠨ ᠤ ᠡᠨᠧᠷᠭᠢ ᠶᠢᠨ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔  ᠴᠥᠮ᠎ᠡ ᠶᠢᠨ ᠴᠠᠬᠢᠯᠭᠠᠨ ᠤ ᠬᠠᠮᠢᠶ᠎ᠠ ᠪᠦᠬᠦᠢ ᠠᠵᠢᠯ ᠢ ᠬᠠᠮᠵᠢᠨ᠎ᠠ᠃      10. ᠤᠯᠤᠰ ᠤᠨ ᠴᠢᠯᠠᠭᠤᠨ ᠲᠤᠰᠤ ᠨᠥᠭᠡᠴᠡᠯᠡᠬᠦ ᠲᠥᠯᠥᠪᠵᠢᠭᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠰᠢᠶᠠᠨ ᠤ ᠳᠣᠲᠣᠷ᠎ᠠ ᠭᠠᠳᠠᠨᠠᠬᠢ ᠴᠢᠯᠠᠭᠤᠨ ᠲᠤᠰᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠡᠵᠡᠮᠳᠡᠵᠦ᠂ ᠰᠢᠶᠠᠨ ᠤ ᠳᠣᠲᠣᠷᠠᠬᠢ ᠴᠢᠯᠠᠭᠤᠨ ᠲᠤᠰᠤᠨ ᠤ ᠨᠥᠭᠡᠴᠡ ᠶᠢᠨ ᠪᠠᠷᠠᠭ᠎ᠠ ᠵᠠᠬᠢᠶᠠᠯᠠᠬᠤ᠂ ᠡᠭᠡᠯᠵᠢᠯᠡᠨ ᠰᠣᠯᠢᠬᠤ ᠪᠠ ᠬᠡᠷᠡᠭᠯᠡᠬᠦ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠯᠠᠭᠤᠨ ᠲᠣᠰᠣ ᠨᠥᠭᠡᠴᠡᠯᠡᠬᠦ ᠪᠡᠯᠡᠳᠬᠡᠮᠵᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠵᠤ᠂ ᠬᠤᠳᠠᠯᠳᠤᠭᠠᠨ ᠤ ᠴᠢᠯᠠᠭᠤᠨ ᠲᠣᠰᠣ ᠨᠥᠭᠡᠴᠡᠯᠡᠬᠦ ᠶᠢ ᠬᠢᠨᠠᠨ ᠬᠠᠮᠢᠶᠠᠷᠬᠤ ᠬᠡᠷᠡᠭᠲᠡᠶ᠃      11. ᠪᠦᠬᠦ ᠰᠢᠶᠠᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠪᠤᠴᠠ ᠶᠢ ᠬᠠᠷᠢᠭᠤᠴᠠᠵᠤ᠂ ᠮᠡᠳᠡᠭᠡ ᠵᠠᠩᠭᠢ ᠶᠢ ᠴᠤᠭᠯᠠᠭᠤᠯᠵᠤ ᠳᠡᠭᠡᠭᠰᠢ ᠮᠡᠳᠡᠭᠦᠯᠬᠦ᠂ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠬᠢᠬᠦ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ᠂ ᠲᠥᠷᠥᠯ ᠵᠦᠢᠯ ᠢ ᠵᠥᠪᠳᠡᠯᠴᠡᠨ ᠶᠠᠷᠢᠯᠴᠠᠬᠤ᠂ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠵᠣᠬᠢᠶᠠᠨ ᠪᠠᠶᠢᠭᠤᠯᠵᠤ ᠭᠡᠷ᠎ᠡ ᠲᠣᠭᠲᠠᠬᠤ᠂ ᠶᠡᠷᠦᠩᠬᠡᠶᠢᠯᠡᠨ ᠬᠢᠨᠠᠨ ᠵᠥᠪᠰᠢᠶᠡᠷᠡᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠬᠢᠬᠦ ᠵᠡᠷᠭᠡ ᠠᠵᠢᠯ ᠢ ᠬᠢᠨ᠎ᠠ︔ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠤᠶᠤᠴᠢᠯᠠᠨ ᠭᠦᠢᠴᠡᠳᠭᠡᠬᠦ ᠪᠠ ᠣᠯᠠᠨ ᠨᠡᠶᠢᠲᠡ ᠶᠢᠨ  ᠦᠢᠯᠡᠴᠢᠯᠡᠭᠡᠨ ᠤ ᠵᠦᠢᠯᠡᠰ ᠤᠨ ᠪᠥᠬᠦ ᠶᠠᠪᠤᠴᠠ ᠶᠢ ᠣᠷᠣᠯᠠᠨ ᠭᠦᠢᠴᠡᠳᠭᠡᠬᠦ ᠪᠠ ᠦᠢᠯᠡᠴᠢᠯᠡᠭᠡᠨ ᠤ ᠪᠣᠳᠠᠲᠠᠶ ᠠᠵᠢᠯ ᠢ ᠡᠭᠦᠷᠭᠡᠯᠡᠨ᠎ᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠣᠬᠢᠷᠠᠭᠤᠯᠵᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠢᠯᠭᠡᠨ᠎ᠡ︔ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠢᠯᠡᠰ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠨᠡᠭᠡᠭᠡᠨ ᠬᠥᠭᠵᠢᠭᠦᠯᠬᠦ ᠣᠷᠣᠨ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃      12. ᠪᠦᠬᠦ ᠰᠢᠶᠠᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠳᠤᠬᠢᠷᠠᠭᠤᠯᠤᠯ ᠡᠵᠡᠮᠳᠡᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶᠡᠨ ᠤ ᠲᠥᠯᠥᠪᠯᠡᠭᠡ ᠳᠤ ᠳᠤᠬᠢᠷᠠᠭᠤᠯᠤᠯᠳᠠ ᠬᠢᠵᠦ᠂ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠶᠢ ᠲᠤᠭᠤᠷᠪᠢᠨ ᠪᠦᠬᠦ ᠰᠢᠶᠠᠨ ᠤ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠢ ᠬᠤᠳᠠᠯᠳᠤᠨ ᠠᠪᠴᠤ ᠨᠥᠭᠡᠴᠡᠯᠡᠬᠦ᠂ ᠬᠡᠷᠡᠭᠯᠡᠬᠦ᠂ ᠡᠭᠡᠯᠵᠢᠯᠡᠨ ᠰᠣᠯᠢᠬᠤ ᠪᠠ ᠬᠠᠮᠢᠶᠠᠷᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠠᠮᠤ ᠪᠤᠳᠠᠭ᠎ᠠ ᠪᠠ ᠰᠢᠬᠢᠷ ᠵᠡᠷᠭᠡ ᠶᠢᠨ ᠨᠥᠭᠡᠴᠡ ᠶᠢ ᠬᠠᠮᠢᠶᠠᠷᠤᠨ᠎ᠠ︔ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠪᠠᠶᠢᠴᠠᠭᠠᠬᠤ᠂ ᠬᠤᠳᠠᠯᠳᠤᠨ ᠠᠪᠬᠤ ᠬᠠᠮᠢᠶᠠᠷᠤᠯᠲᠠ ᠶᠢᠨ ᠲᠦᠷᠢᠮ᠂ ᠢᠳᠡᠭᠡᠨ ᠤ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠲᠦᠷᠢᠮ᠂ ᠢᠳᠡᠭᠡᠨ ᠤ ᠰᠠᠩ ᠬᠥᠮᠥᠷᠭᠡ ᠶᠢᠨ ᠠᠷᠢᠭᠤᠨ ᠴᠡᠪᠡᠷ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠵᠡᠷᠭᠡ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃      13. ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠬᠢᠭᠡᠳ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢ ᠠᠪᠴᠠᠯᠳᠤᠭᠤᠯᠬᠤ ᠶᠢ ᠬᠠᠷᠢᠭᠤᠴᠠᠵᠤ᠂ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠨ᠎ᠠ︔ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠪᠦᠬᠦ ᠰᠢᠶᠠᠨ ᠤ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠵᠣᠬᠢᠴᠠᠭᠤᠯᠵᠤ ᠪᠠᠶᠢᠭᠠᠳ ᠴᠢᠳᠠᠪᠤᠷᠢᠲᠠᠨ ᠤ ᠠᠵᠢᠯ ᠤᠨ ᠲᠤᠬᠠᠶ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠪᠠ ᠲᠥᠯᠥᠪᠵᠢᠭᠦᠯᠭᠡ ᠶᠢ ᠲᠣᠭᠲᠠᠭᠠᠵᠤ ᠲᠡᠭᠦᠯᠳᠡᠷᠵᠢᠭᠦᠯᠦᠨ᠎ᠡ︔ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃      14. ᠪᠦᠬᠦ ᠰᠢᠶᠠᠨ ᠤ ᠡᠨᠧᠷᠭᠢ ᠠᠷᠪᠢᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠣᠷᠴᠢᠯ ᠠᠵᠤ ᠠᠬᠤᠶ ᠶᠢ ᠬᠥᠭᠵᠢᠭᠦᠯᠬᠦ᠂ ᠪᠦᠬᠦ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠵᠢᠴᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠰᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠣᠷᠴᠢᠨ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠶ ᠶᠢᠨ ᠪᠦᠲᠦᠴᠡ ᠶᠢᠨ ᠲᠤᠬᠢᠷᠠᠭᠤᠯᠤᠯᠳᠡ ᠶᠢ ᠠᠬᠢᠭᠤᠯᠵᠤ᠂ ᠨᠡᠮᠡᠭᠳᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠬᠡᠷᠡᠭᠲᠡᠶ︔ ᠪᠦᠬᠦ ᠰᠢᠶᠠᠨ ᠤ ᠡᠨᠧᠷᠭᠢ ᠠᠷᠪᠢᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      15. ᠼᠤᠤ ᠴᠢᠤᠸᠠᠨ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡᠨ ᠤ ᠮᠡᠳᠡᠭᠦᠯᠦᠯᠲᠡ︔ ᠪᠦᠬᠦ ᠰᠢᠶᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠤᠨ᠎ᠠ︔ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠲᠦᠷᠤ ᠶᠢᠨ ᠪᠤᠳᠤᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      16. ᠲᠣᠰ ᠰᠠᠯᠠᠭ᠎ᠠ ᠮᠥᠴᠢᠷ ᠤᠨ ᠢᠶᠠᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃      17. ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄      ︵ᠨᠢᠭᠡ︶ ᠠᠯᠪᠠᠨ ᠭᠡᠷ ︵ᠬᠠᠷᠢᠭᠤᠴᠠᠯᠭᠠᠲᠠᠨ᠄ ᠴᠠᠩ ᠰᠢᠶᠤᠤ ᠬᠤᠢ᠄ 13947458567︶      ᠪᠠᠶᠢᠭᠤᠯᠭ᠎ᠠ ᠪᠠ ᠬᠠᠷᠢᠶ᠎ᠠ ᠲᠠᠰᠤᠭ ᠤᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ ᡽ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ ᠡᠪᠬᠡᠮᠡᠯ᠂ ᠨᠠᠮ ᠤᠨ ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠺᠠᠳ᠋ᠷ ᠤᠨ ᠡᠩᠨᠡᠭᠡ ᠶᠢᠨ ᠪᠠᠶᠢᠭᠤᠯᠤᠯᠲᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ︔ ᠮᠡᠳᠡᠭᠡ ᠵᠠᠩᠭᠢ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠲᠣᠭᠲᠠᠮᠠᠯ ᠭᠦᠷᠤᠩᠭᠡ ᠶᠢᠨ ᠪᠡᠯᠡ ᠣᠷᠣᠭᠤᠯᠤᠯᠲᠠ ᠶᠢᠨ ᠲᠠᠰᠤᠭ ︵ᠬᠠᠷᠢᠭᠤᠴᠠᠯᠭᠠᠲᠠᠨ᠄ ᠯᠢᠦ ᠫᠸᠢ ᠫᠸᠢ 1562465000︶      ᠪᠦᠬᠦ ᠰᠢᠶᠠᠨ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠪᠦᠬᠦ ᠰᠢᠶᠠᠨ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠤᠬᠢᠷᠠᠭᠤᠯᠤᠯ ᠡᠵᠡᠮᠳᠡᠯ ᠤᠨ ᠬᠠᠷᠠᠯᠲᠠ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠭᠠᠷᠴᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠤᠨ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠳᠣᠭᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠬᠡᠷᠡᠭᠲᠡᠶ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠲᠠᠬᠢ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ︔ ᠪᠦᠬᠦ ᠰᠢᠶᠠᠨ ᠤ ᠢᠨᠵᠧᠨᠧᠷᠢᠩ ᠤᠨ ᠵᠥᠪᠯᠡᠯᠭᠡ ᠥᠭᠬᠦ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃      ︵ᠭᠤᠷᠪᠠ︶ ᠨᠡᠶᠢᠭᠡᠮ ᠤᠨ ᠬᠥᠭᠵᠢᠯᠲᠡ ᠶᠢᠨ ᠰᠲ᠋ᠣᠺ ︵ᠬᠠᠷᠢᠭᠤᠴᠠᠯᠭᠠᠲᠠᠨ᠄ ᠨᠢᠩᠳᠠᠨᠨᠢ 15034798580︶      ᠪᠦᠬᠦ ᠰᠢᠶᠠᠨ ᠤ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ᠂ ᠤᠯᠤᠰ ᠲᠦᠷᠦ ᠬᠠᠤᠯᠢ ᠴᠠᠭᠠᠵᠠ᠂ ᠬᠥᠮᠦᠨ ᠠᠮᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠯᠮᠦᠷᠢ ᠠᠵᠢᠯ ᠣᠯᠭᠤᠯᠲᠠ᠂ ᠣᠷᠣᠯᠭ᠎ᠠ ᠶᠢᠨ ᠬᠤᠪᠢᠶᠠᠷᠢᠯᠠᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠬᠥᠭᠵᠢᠯᠲᠡ ᠶᠢᠨ ᠪᠠᠶᠢᠳᠠᠯ ᠢ ᠰᠤᠳᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ᠎ᠠ︔ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠲᠤᠬᠠᠶ ᠰᠠᠨᠠᠯ ᠢ ᠲᠦᠷᠦᠭᠦᠯᠡᠨ ᠰᠤᠳᠤᠯᠤᠨ ᠳᠤᠷᠠᠳᠴᠤ᠂ ᠪᠦᠬᠦ ᠰᠢᠶᠠᠨ ᠤ ᠨᠡᠶᠢᠭᠡᠮ ᠤᠨ ᠦᠢᠯᠡᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠪᠦᠬᠦ ᠰᠢᠶᠠᠨ ᠤ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠠ ᠵᠣᠬᠢᠴᠠᠭᠤᠯᠤᠨ᠎ᠠ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠵᠡᠷᠭᠡ ᠦᠢᠯᠡᠰ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠪᠦᠬᠦ ᠰᠢᠶᠠᠨ ᠤ ᠠᠵᠤ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠪᠡ︔ ᠶᠡᠷᠦᠩᠬᠡᠢ  ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠶᠢ ᠰᠤᠳᠤᠯᠵᠤ᠂ ᠬᠤᠷᠸ᠎ᠠ ᠲᠤᠬᠢᠷᠡᠭᠤᠯᠦᠯ ᠡᠵᠡᠮᠳᠡᠯ ᠤᠨ ᠲᠦᠷᠦ ᠶᠢᠨ ᠪᠤᠳᠦᠯᠭ᠎ᠠ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠣᠭᠲᠠᠭᠠᠨ᠎ᠠ᠃      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠭᠦᠷᠭᠡᠯᠡᠭᠰᠡᠨ ᠭᠤᠣᠯᠳᠠᠯᠭ᠎ᠠ ᠲᠠᠢ ᠲᠥᠯᠥᠪᠵᠢᠭᠦᠯᠭᠡ᠂ ᠴᠢᠬᠤᠯᠠ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ ᠵᠦᠢᠯᠡᠰ ᠤᠨ ᠪᠡᠯᠡ ᠮᠥᠩᠭᠦ ᠶᠢ ᠲᠣᠬᠢᠷᠠᠭᠤᠯᠤᠭᠰᠠᠨ ᠪᠠᠶᠢᠳᠠᠯ ᠢ ᠰᠢᠪᠠᠳᠠᠨ ᠪᠠᠶᠢᠴᠠᠭᠠᠵᠤ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ︔ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠰᠢᠶᠠᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠤᠨ᠎ᠠ᠃      ︵ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠰᠲ᠋ᠣᠺ ︵ᠬᠠᠷᠢᠭᠤᠴᠠᠯᠭᠠᠲᠠᠨ᠄ ᠳ᠋ᠦ᠋ ᠵᠢᠶᠠᠨ ᠴᠧᠩ 15048496175︶      ᠪᠥᠬᠦ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠪᠠ ᠴᠢᠬᠤᠯᠠ ᠶᠡᠭᠡ ᠠᠰᠠᠭᠤᠳᠠᠯ ᠢ ᠵᠠᠳᠠᠯᠤᠨ ᠰᠤᠳᠤᠯᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠤᠰᠤᠨ ᠠᠰᠢᠭᠯᠠᠯᠲᠠ᠂ ᠴᠠᠭ ᠠᠭᠤᠷ᠂ ᠠᠮᠢ ᠠᠬᠤᠶ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠵᠣᠯᠭᠠᠭᠤᠯᠤᠨ ᠲᠡᠩᠴᠡᠭᠦᠷᠢᠰᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠵᠣᠬᠢᠴᠠᠭᠤᠯᠵᠤ ᠬᠡᠷᠡᠭᠵᠢᠭᠦᠯᠬᠦ ᠵᠡᠷᠭᠡ ᠠᠵᠢᠯ ᠢ ᠬᠢᠨ᠎ᠠ︔ ᠪᠥᠬᠦ ᠰᠢᠶᠠᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠨᠡᠭᠦᠳᠡᠯ ᠠᠷᠠᠳ ᠢ ᠲᠥᠪᠬᠢᠨᠡᠭᠦᠯᠬᠦ᠂ ᠠᠮᠢ ᠠᠬᠤᠶ ᠶᠢᠨ ᠨᠡᠭᠦᠳᠡᠯ ᠠᠷᠠᠳ ᠢ ᠨᠡᠭᠦᠯᠭᠡᠬᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ᠂ ᠣᠶ ᠰᠢᠭᠤᠶ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ ᠨᠡᠭᠦᠳᠡᠯ ᠠᠷᠠᠳ ᠢ ᠲᠥᠪᠬᠢᠨᠡᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠪᠠ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠬᠡᠷᠡᠭᠲᠡᠶ᠃      ︵ᠲᠠᠪᠤ︶ ᠡᠨᠧᠷᠭᠢ ᠶᠢᠨ ᠰᠤᠷᠪᠤᠯᠵᠢ ᠶᠢᠨ ᠰᠲ᠋ᠣᠺ ︵ᠬᠠᠷᠢᠭᠤᠴᠠᠯᠭᠠᠲᠠᠨ᠄ ᠸᠧᠶ ᠫᠤᠩ 13614748959︶      ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠡᠨᠧᠷᠭᠢ ᠶᠢᠨ ᠰᠤᠷᠪᠤᠯᠵᠢ ᠶᠢᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠪᠠᠶᠢᠯᠳᠤᠬᠤ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠦᠬᠦ ᠰᠢᠶᠠᠨ ᠤ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠪᠠ ᠳᠡᠯᠭᠡᠷᠡᠭᠦᠯᠦᠨ ᠬᠡᠷᠡᠭᠯᠡᠬᠦ᠂ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠵᠤ ᠡᠨᠧᠷᠭᠢ ᠠᠷᠪᠢᠯᠠᠬᠤ ᠪᠠ ᠪᠦᠬᠦ ᠲᠠᠯ᠎ᠠ ᠪᠠᠷ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ᠂ ᠪᠦᠷᠢᠨ ᠲᠦᠬᠦᠷ ᠲᠥᠬᠦᠭᠡᠷᠦᠮᠵᠢ ᠶᠢ ᠣᠷᠣᠭᠤᠯᠵᠤ ᠠᠪᠴᠢᠷᠠᠬᠤ᠂ ᠰᠢᠩᠭᠡᠭᠡᠬᠦ ᠪᠠ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃      ᠪᠥᠬᠦ ᠰᠢᠶᠠᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯ ᠥᠬᠡᠶ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠲᠤᠰᠬᠠᠶ  ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠶᠤᠯ ᠥᠬᠡᠶ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠦᠬᠦ ᠰᠢᠶᠠᠨ ᠤ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠳᠤ ᠬᠠᠮᠵᠢᠯᠴᠠᠨ ᠵᠣᠬᠢᠴᠠᠭᠤᠯᠪᠠ᠃      ︵ᠵᠢᠷᠭᠤᠭ᠎ᠠ︶ ᠠᠵᠤ ᠦᠢᠯᠡᠰ ᠤᠨ ᠬᠥᠭᠵᠢᠯᠲᠡ ᠶᠢᠨ ᠲᠠᠰᠤᠭ ︵ᠬᠠᠷᠢᠭᠤᠴᠠᠯᠭᠠᠲᠠᠨ᠄ ᠯᠢ ᠢᠦᠶ ᠰᠢᠶᠠᠩ 13848448661︶      ᠪᠦᠬᠦ ᠰᠢᠶᠠᠨ ᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠳᠪᠦᠷᠢᠯᠡᠯ ᠤᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠣᠭᠲᠠᠭᠠᠨ᠎ᠠ︔ ᠤᠯᠤᠰ ᠠᠷᠠᠳ ᠤᠨ ᠠᠵᠤ ᠠᠬᠤᠶ ᠪᠠ ᠨᠡᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶ᠋ᠯᠭᠠᠬᠤ ᠶᠢ ᠨᠢᠭᠡᠳᠦᠯᠲᠡᠶ ᠲᠥᠯᠥᠪᠯᠡᠨ᠎ᠡ᠃ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠪᠠ ᠴᠢᠬᠤᠯᠠ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ︔ ᠪᠦᠬᠦ ᠰᠢᠶᠠᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠳᠤᠬᠢᠷᠠᠭᠤᠯᠤᠯ ᠡᠵᠡᠮᠳᠡᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠪᠦᠬᠦ ᠰᠢᠶᠠᠨ ᠤ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃      ᠪᠦᠬᠦ ᠰᠢᠶᠠᠨ ᠤ ᠵᠠᠰᠠᠮᠠᠯ ᠵᠠᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ᠂ ᠥᠭᠡᠷᠡᠴᠢᠯᠡᠯᠲᠡ ᠶᠢᠨ ᠲᠥᠰᠦᠯ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢ ᠬᠠᠷᠢᠭᠤᠴᠠᠨ᠎ᠠ︔ ᠵᠠᠮ ᠬᠠᠷᠢᠯᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠲᠠᠢ ᠠᠪᠴᠠᠯᠳᠤᠭᠤᠯᠤᠨ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠲᠥᠯᠥᠪᠯᠡᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃      ᠪᠦᠬᠦ ᠨᠡᠶᠢᠭᠡᠮ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠶ ᠶᠢ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠵᠣᠬᠢᠴᠠᠭᠤᠯᠤᠨ ᠬᠤᠯᠪᠣᠭᠳᠠᠯ ᠪᠦᠬᠦᠢ ᠠᠵᠢᠯ ᠢ ᠠᠬᠢᠭᠤᠯᠤᠨ᠎ᠠ᠃ ᠪᠦᠬᠦ ᠰᠢᠶᠠᠨ ᠤ ᠡᠨᠧᠷᠭᠢ ᠠᠷᠪᠢᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ᠪᠦᠬᠦ ᠰᠢᠶᠠᠨ ᠤ ᠳᠡᠭᠡᠳᠦ ᠲᠧᠭᠨᠢᠭ ᠮᠡᠷᠭᠡᠵᠢᠯ ᠤᠨ ᠠᠵᠤ ᠦᠢᠯᠡᠰ ᠬᠢᠭᠡᠳ ᠠᠵᠤ ᠦᠢᠯᠡᠳᠪᠦᠷᠢᠯᠡᠯ ᠤᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠡᠭᠡᠳᠦ ᠲᠧᠭᠨᠢᠭ ᠮᠡᠷᠭᠡᠵᠢᠯ ᠤᠨ ᠠᠵᠤ ᠦᠢᠯᠡᠳᠪᠦᠷᠢᠯᠡᠯ ᠤᠨ ᠬᠥᠭᠵᠢᠯᠲᠡ᠂ ᠠᠵᠤ ᠦᠢᠯᠡᠳᠪᠦᠷᠢᠯᠡᠯ ᠤᠨ ᠲᠧᠭᠨᠢᠭ ᠮᠡᠷᠭᠡᠵᠢᠯ ᠤᠨ ᠲᠡᠪᠰᠢᠯᠳᠠ ᠶᠢᠨ ᠪᠠᠶᠢᠯᠳᠤᠬᠤ ᠪᠤᠳᠦᠯᠭ᠎ᠠ᠂ ᠲᠥᠯᠥᠪᠵᠢᠭᠦᠯᠭᠡ ᠪᠠ ᠲᠦᠷᠦ ᠶᠢᠨ ᠪᠤᠳᠦᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠴᠢᠬᠤᠯᠠ ᠶᠡᠭᠡ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ ᠲᠠᠪᠴᠠᠩ ᠵᠡᠷᠭᠡ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠵᠣᠬᠢᠴᠠᠭᠤᠯᠤᠨ ᠬᠡᠷᠡᠭᠵᠢᠭᠦᠯᠦᠨ᠎ᠡ᠃ ᠲᠤᠮᠤ ᠳ᠋ᠠᠶᠢᠲ᠋ᠠ ᠶᠢᠨ ᠬᠥᠭᠵᠢᠯᠲᠡ ᠬᠡᠷᠡᠭᠯᠡᠭᠡ ᠪᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠤᠯᠪᠣᠭᠠᠯᠠᠯ ᠢ ᠵᠣᠬᠢᠶᠠᠨ ᠪᠠᠶᠢᠭᠤᠯᠤᠨ ᠠᠬᠢᠭᠤᠯᠵᠤ᠂ ᠤᠯᠤᠰ ᠠᠷᠠᠳ ᠤᠨ ᠠᠵᠤ ᠠᠬᠤᠶ ᠶᠢᠨ ᠰᠢᠨ᠎ᠡ ᠠᠵᠤ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠠᠵᠤ ᠦᠶ᠋ᠯᠡᠰ ᠤᠨ ᠪᠠᠶᠢᠷᠢᠰᠢᠯ ᠤᠨ ᠲᠣᠬᠢᠷᠠᠭᠤᠯᠤᠯᠲᠠ ᠳᠤ ᠣᠷᠣᠯᠴᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠳᠤ ᠣᠷᠣᠯᠴᠠᠨ᠎ᠠ᠃      ︵ᠳᠣᠯᠤᠭ᠎ᠠ︶ ᠣᠷᠣᠨ ᠪᠦᠰᠡ ᠶᠢᠨ ᠬᠠᠮᠲᠤᠷᠠᠯᠴᠠᠭ᠎ᠠ ᠬᠢᠭᠡᠳ ᠬᠤᠳᠠᠯᠳᠤᠭᠠᠴᠢᠨ ᠤᠷᠢᠬᠤ ᠰᠲ᠋ᠣᠺ ︵ᠬᠠᠷᠢᠭᠤᠴᠠᠯᠭᠠᠲᠠᠨ᠄ ᠨᠢᠩ ᠳ᠋ᠠᠨ ᠨᠢ 15034798580︶      ᠪᠦᠬᠦ ᠰᠢᠶᠠᠨ ᠤ ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠰᠢᠶᠠᠨ ᠤ ᠳᠣᠲᠣᠷ᠎ᠠ ᠭᠠᠳᠠᠨᠠᠬᠢ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠢ ᠵᠣᠬᠢᠴᠠᠭᠤᠯᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠠᠮᠲᠤᠷᠠᠯᠴᠠᠭ᠎ᠠ᠂ ᠠᠵᠤ  ᠦᠢᠯᠡᠰ ᠢ ᠵᠠᠯᠭᠠᠨ ᠵᠣᠯᠭᠠᠭᠤᠯᠬᠤ ᠪᠠ ᠬᠠᠮᠲᠤᠷᠠᠯᠴᠠᠬᠤ᠂ ᠵᠢᠭᠤᠯᠴᠢᠯᠠᠯ ᠤᠨ ᠠᠵᠤ  ᠦᠢᠯᠡᠰ ᠤᠨ ᠬᠠᠮᠲᠤᠷᠠᠯᠴᠠᠭ᠎ᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠵᠡᠷᠭᠡ ᠶᠢ ᠬᠢᠨ᠎ᠠ᠃ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠨ ᠰᠢᠯᠢᠳᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠭᠤᠣᠯᠴᠢ ᠥᠷᠢᠰᠥᠯᠳᠦᠭᠡᠨ ᠢ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ ᠰᠢᠨ᠎ᠡ ᠪᠠᠶᠢᠳᠠᠯ ᠤᠨ ᠬᠥᠭᠵᠢᠯᠲᠡ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠮᠲᠤᠷᠠᠯᠴᠠᠭᠠᠨ ᠤ ᠰᠡᠳᠬᠢᠴᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠤᠬᠢᠷᠠᠭᠤᠯᠤᠯᠳᠠ᠂ ᠠᠰᠢᠭ ᠲᠤᠰᠠ ᠶᠢᠨ ᠬᠤᠪᠢᠶᠠᠷᠢᠯᠠᠯᠲᠠ᠂ ᠦᠢᠯᠡᠴᠢᠯᠡᠭᠡ ᠶᠢ ᠬᠠᠮᠲᠤ ᠪᠠᠷ ᠡᠳ᠋ᠯᠡᠬᠦ᠂ ᠲᠦᠷᠢᠮ ᠤᠨ ᠪᠠᠲᠤᠯᠠᠭ᠎ᠠ ᠵᠡᠷᠭᠡ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠤᠪᠤᠷᠠᠯ ᠢ ᠬᠠᠷᠢᠭᠤᠴᠠᠵᠤ᠂ ᠮᠡᠳᠡᠭᠡ ᠵᠠᠩᠭᠢ ᠶᠢ ᠴᠤᠭᠯᠠᠭᠤᠯᠵᠤ ᠳᠡᠭᠡᠭᠰᠢ ᠮᠡᠳᠡᠭᠦᠯᠬᠦ᠂ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠬᠢᠬᠦ᠂ ᠲᠥᠷᠥᠯ  ᠵᠦᠢᠯ ᠢ ᠵᠥᠪᠰᠢᠶᠡᠷᠡᠨ ᠣᠷᠣᠭᠤᠯᠬᠤ᠂ ᠲᠥᠷᠥᠯ ᠵᠦᠢᠯ ᠢ ᠵᠥᠪᠳᠡᠯᠴᠡᠨ ᠶᠠᠷᠢᠯᠴᠠᠬᠤ᠂ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠵᠣᠬᠢᠶᠠᠨ ᠪᠠᠶᠢᠭᠤᠯᠵᠤ ᠭᠡᠷ᠎ᠡ ᠲᠣᠭᠲᠠᠬᠤ᠂ ᠶᠡᠷᠦᠩᠬᠡᠶᠢᠯᠡᠨ ᠬᠢᠨᠠᠨ ᠵᠥᠪᠰᠢᠶᠡᠷᠡᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠬᠢᠬᠦ ᠵᠡᠷᠭᠡ ᠠᠵᠢᠯ ᠢ ᠬᠢᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠤᠶᠤᠴᠢᠯᠠᠨ ᠭᠦᠢᠴᠡᠳᠭᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠪᠥᠬᠦ ᠶᠠᠪᠤᠴᠠ ᠳᠤ ᠣᠷᠣᠯᠠᠨ ᠭᠦᠢᠴᠡᠳᠭᠡᠬᠦ ᠪᠠ  ᠦᠢᠯᠡᠴᠢᠯᠡᠬᠦ ᠪᠣᠳᠠᠲᠠᠶ ᠠᠵᠢᠯ ᠢ ᠡᠭᠦᠷᠭᠡᠯᠡᠨ᠎ᠡ᠃ ᠬᠤᠳᠠᠯᠳᠤᠭᠠᠴᠢᠨ ᠤᠷᠢᠬᠤ ᠲᠥᠷᠥᠯ ᠵᠦᠢᠯ ᠳᠤ ᠲᠣᠬᠢᠷᠠᠭᠤᠯᠤᠯᠲᠠ ᠬᠢᠵᠦ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠬᠠᠮᠢᠶ᠎ᠠ ᠪᠥᠬᠦᠶ ᠪᠣᠳᠠᠲᠠᠶ ᠭᠠᠷᠳᠠᠮ ᠢ  ᠭᠦᠢᠴᠡᠳᠭᠡᠨ᠎ᠡ᠃      ︵ᠨᠠᠢᠮᠠ︶ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠪᠠ ᠥᠪᠡᠷ ᠤᠨ ᠦᠷᠳᠡᠭ ᠢ ᠬᠢᠨᠠᠨ ᠪᠠᠶᠢᠴᠠᠭᠠᠬᠤ ᠰᠲ᠋ᠣᠺ ︵ᠬᠠᠷᠢᠭᠤᠴᠠᠯᠭᠠᠲᠠᠨ᠄ ᠵᠠᠩ ᠰᠢᠶᠤᠤ ᠫᠢᠩ 13704747708︶      ᠤᠯᠤᠰ ᠤᠨ ᠪᠠ ᠪᠦᠬᠦ ᠰᠢᠶᠠᠨ ᠤ ᠦᠨ᠎ᠡ ᠬᠠᠩᠰᠢ ᠪᠠ ᠰᠦᠢᠳᠬᠡᠯ ᠬᠤᠷᠢᠶᠠᠬᠤ ᠠᠵᠢᠯ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠰᠦᠢᠳᠬᠡᠯ ᠬᠤᠷᠢᠶᠠᠬᠤ ᠥᠭᠡᠷᠡᠴᠢᠯᠡᠯᠲᠡ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠰᠦᠢᠳᠬᠡᠯ ᠬᠤᠷᠢᠶᠠᠬᠤ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠲᠣᠭᠲᠠᠭᠠᠨ᠎ᠠ︔ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠪᠠ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠬᠡᠷᠡᠭᠵᠢᠭᠦᠯᠬᠦ ᠴᠢᠬᠤᠯᠠ ᠲᠠᠸᠠᠷ ᠤᠨ ᠦᠨ᠎ᠡ ᠶᠢ ᠲᠣᠭᠲᠠᠭᠠᠵᠤ ᠲᠣᠬᠢᠷᠠᠭᠤᠯᠤᠨ᠎ᠠ︔ ᠪᠦᠬᠦ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ︵ᠰᠦᠢᠳᠬᠡᠯ ᠬᠤᠷᠢᠶᠠᠬᠤ︶᠎ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠰᠢᠶᠠᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠳᠠᠬᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠪᠠ ᠲᠣᠬᠢᠷᠠᠭᠤᠯᠤᠨ᠎ᠠ︔ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠵᠠᠰᠠᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠪᠦᠬᠦ ᠰᠢᠶᠠᠨ ᠤ ᠦᠨ᠎ᠡ ᠬᠠᠩᠰᠢ ᠶᠢᠨ ᠥᠪᠡᠷ ᠤᠨ ᠦᠷᠲᠡᠭ ᠢ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠪᠠ ᠳᠦᠷᠢᠮ ᠢ ᠰᠤᠳᠤᠯᠤᠨ ᠲᠣᠭᠲᠠᠭᠠᠨ᠎ᠠ᠃ ᠪᠥᠬᠦ ᠰᠢᠶᠠᠨ ᠤ ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠥᠪᠡᠷ ᠤᠨ ᠥᠷᠲᠡᠭ ᠪᠠ ᠠᠰᠢᠭ ᠣᠷᠣᠯᠭ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠾᠧ ᠰᠢᠩ ᠾᠧ ᠰᠢᠶᠠᠨ ᠤ ᠦᠨ᠎ᠡ ᠬᠠᠩᠰᠢ ᠶᠢᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠶᠠᠨ ᠤ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠥᠪᠡᠷ ᠤᠨ ᠥᠷᠲᠡᠭ ᠢ ᠬᠢᠨᠠᠨ ᠪᠠᠶᠢᠴᠠᠭᠠᠨ᠎ᠠ᠃      ︵ᠶᠢᠰᠦ︶ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠠᠰᠤᠭ ︵ᠬᠠᠷᠢᠭᠤᠴᠠᠯᠭᠠᠲᠠᠨ᠄ ᠰᠢᠤᠸᠠᠢ ᠢᠦᠢ ᠴᠧᠨ᠄ 15661444610︶      ᠪᠦᠬᠦ ᠰᠢᠶᠠᠨ ᠤ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ ᠶᠢᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠾᠧ ᠰᠢᠩ ᠾᠧ ᠰᠢᠶᠠᠨ ᠤ ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠤᠨ ᠰᠠᠨᠠᠭᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠰᠢᠩ ᠾᠧ ᠰᠢᠶᠠᠨ ᠤ ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠢ ᠰᠤᠳᠤᠯᠤᠨ ᠳᠤᠷᠠᠳᠴᠤ᠂ ᠪᠥᠬᠦ ᠰᠢᠶᠠᠨ ᠤ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠡᠭᠡᠯᠵᠢᠯᠡᠨ ᠰᠣᠯᠢᠬᠤ ᠲᠥᠯᠥᠪᠯᠡᠭᠡ ᠶᠢ ᠳᠤᠷᠠᠳᠴᠤ᠂ ᠬᠤᠳᠠᠯᠳᠤᠨ ᠠᠪᠴᠤ ᠬᠠᠳᠠᠭᠠᠯᠠᠬᠤ᠂ ᠡᠭᠡᠯᠵᠢᠯᠡᠨ ᠰᠣᠯᠢᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠬᠥᠳᠡᠯᠭᠡᠨ ᠬᠡᠷᠡᠭᠯᠡᠬᠦ ᠲᠥᠯᠥᠪᠯᠡᠭᠡ ᠪᠠ ᠵᠠᠷᠯᠢᠭ ᠢ ᠨᠠᠶᠢᠳᠠᠪᠤᠷᠢᠵᠢᠭᠤᠯᠤᠨ᠎ᠠ ᠃ ᠰᠢᠶᠠᠨ ᠤ ᠱᠠᠲᠤᠨ ᠤ ᠠᠮᠤ ᠪᠤᠳᠠᠭ᠎ᠠ ᠳᠤᠰᠤ ᠪᠣᠯᠤᠨ ᠡᠳ᠋ ᠪᠣᠳᠠᠰ ᠤᠨ ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠬᠠᠳᠠᠭᠠᠯᠠᠯᠲᠠ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠠᠵᠢᠯ ᠲᠦᠷᠦᠯ ᠪᠣᠯᠤᠨ ᠪᠦᠬᠦ ᠰᠢᠶᠠᠨ ᠤ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠶᠤᠯᠭᠦᠶ ᠶᠢᠨ ᠬᠠᠳᠠᠭᠠᠯᠠᠯᠲᠠ ᠪᠣᠯᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃      ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ᠂ ᠠᠷᠭ᠎ᠠ ᠶᠢ ᠲᠤᠭᠤᠷᠪᠢᠨ ᠪᠦᠬᠦ ᠰᠢᠶᠠᠨ ᠤ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠰᠢᠶᠠᠨ ᠤ ᠠᠮᠤ ᠳᠤᠰᠤᠨ ᠤ ᠭᠦᠢᠯᠭᠡᠭᠡᠨ ᠤ ᠬᠤᠷᠸ᠎ᠠ ᠳᠤᠬᠢᠷᠠᠭᠤᠯᠤᠯ ᠡᠵᠡᠮᠳᠡᠯ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠪᠠ᠃ ᠪᠦᠬᠦ ᠰᠢᠶᠠᠨ ᠤ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠲᠦᠷᠦ ᠶᠢᠨ ᠪᠤᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠴᠡᠷᠢᠭ ᠤᠨ ᠠᠮᠤ ᠬᠦᠨᠡᠰᠦᠨ ᠤ ᠬᠠᠩᠭᠠᠯᠭ᠎ᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ ᠪᠦᠷᠢᠳᠬᠡᠯ ᠤᠨ ᠲᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠪᠠ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠶᠢ ᠵᠢᠯᠣᠭᠤᠳᠬᠤ ᠠᠵᠢᠯ ᠢ ᠠᠮᠤ ᠪᠤᠳᠠᠭ᠎ᠠ ᠪᠣᠯᠤᠨ ᠡᠳ ᠪᠠᠷᠠᠭ᠎ᠠ ᠨᠥᠭᠡᠴᠡᠯᠡᠬᠦ ᠵᠠᠬ᠎ᠠ ᠳᠡᠯᠭᠡᠭᠦᠷ ᠢ ᠵᠠᠳᠠᠯᠬᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠣᠷ ᠰᠦᠯᠵᠢᠶᠡᠨ ᠤ ᠪᠠᠶᠢᠭᠤᠯᠤᠯᠲᠠ  ᠶᠢᠨ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ᠂ ᠠᠮᠤ ᠪᠤᠳᠠᠭᠠᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ︽ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ︾᠎ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ ᠪᠠ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠨᠥᠭᠡᠴᠡᠯᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠮᠡᠷᠭᠡᠵᠢᠯ ᠤᠨ ᠥᠭᠡᠷᠡᠴᠢᠯᠡᠯᠲᠡ ᠶᠢ ᠵᠢᠯᠣᠭᠤᠳᠴᠤ᠂ ᠠᠮᠤ ᠪᠤᠳᠠᠭᠠᠨ ᠤ ᠭᠦᠢᠯᠭᠡᠭᠡᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠠᠵᠢᠯᠯᠠᠭᠠᠨ ᠪᠠ ᠵᠠᠳᠠᠯᠤᠯᠲᠠ ᠬᠢᠬᠦ ᠠᠵᠢᠯ ᠢ ᠡᠭᠦᠷᠭᠡᠯᠡᠨ᠎ᠡ᠃      ᠡᠳ᠋ ᠪᠣᠳᠠᠰ ᠤᠨ ᠨᠥᠭᠡᠴᠡᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠲᠤᠭᠤᠷᠪᠢᠨ ᠲᠣᠭᠲᠠᠭᠠᠵᠤ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠬᠠᠳᠠᠭᠠᠯᠠᠯᠲᠠ ᠶᠢᠨ ᠠᠮᠤᠷ ᠲᠦᠪᠰᠢᠨ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠪᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠠᠩᠭᠢᠯᠠᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠶ ᠪᠠᠶᠢᠬᠤ ᠪᠠ ᠬᠠᠷ᠎ᠠ ᠠᠮᠤ ᠶᠢᠨ ᠠᠷᠢᠭᠤᠨ ᠴᠡᠪᠡᠷ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠠᠮᠤ ᠪᠤᠳᠠᠭᠠᠨ ᠤ ᠠᠵᠢᠯ ᠲᠥᠷᠥᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃      ︵ᠠᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ︵ᠬᠠᠷᠢᠭᠤᠴᠠᠯᠭᠠᠲᠠᠨ᠄ ᠯᠢ ᠢᠦᠶ ᠰᠢᠶᠠᠩ 13848448661︶      ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠬᠦ ᠴᠤᠪᠤᠷᠠᠯ ᠳᠤ ᠲᠣᠬᠢᠷᠠᠭᠤᠯᠤᠯᠲᠠ ᠬᠢᠬᠦ ᠰᠠᠨᠠᠯ ᠢ ᠰᠤᠳᠤᠯᠤᠨ ᠳᠤᠷᠠᠳᠬᠤ ᠶᠢᠨ ᠬᠠᠮᠲᠤ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠪᠤᠶᠤ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ᠂ ᠳᠠᠩᠰᠠᠯᠠᠬᠤ ᠶᠢ ᠬᠠᠷᠢᠭᠤᠴᠠᠨ᠎ᠠ︔ ᠵᠠᠰᠠᠭ ᠵᠠᠬᠢᠷᠭᠠᠨ ᠠᠵᠢᠯ  ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠵᠢᠴᠢ ᠡᠵᠡᠩᠨᠡᠯᠲᠡ ᠶᠢᠨ ᠴᠢᠨᠠᠷᠲᠠᠶ ᠰᠦᠢᠳᠬᠡᠯ ᠬᠤᠷᠢᠶᠠᠬᠤ ᠦᠨᠡᠮᠯᠡᠯ ᠢ ᠬᠢᠨᠠᠨ ᠣᠯᠭᠤᠬᠤ ᠪᠠ ᠣᠨ ᠤ ᠬᠢᠨᠠᠯᠲᠠ ᠶᠢᠨ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ ᠬᠤᠯᠪᠣᠭᠳᠠᠬᠤ ᠪᠤᠰᠤᠳ ᠵᠦᠢᠯ ᠤᠳ᠃      ︵ᠠᠷᠪᠠᠨ ᠨᠢᠭᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠶᠡᠷᠦᠩᠬᠡᠶᠢᠯᠡᠨ ᠵᠣᠬᠢᠴᠠᠭᠤᠯᠬᠤ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ︵ᠬᠠᠷᠢᠭᠤᠴᠠᠯᠭᠠᠲᠠᠨ᠄ ᠸᠧᠶ ᠸᠧᠶ 15848039445︶      ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠵᠢᠴᠢ ᠭᠠᠵᠠᠷ ᠳᠣᠣᠷᠠᠬᠢ ᠪᠡᠯᠡᠳᠬᠡᠯ ᠱᠤᠭᠤᠮ  ᠤᠨ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠪᠥᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠲᠥᠷᠥᠯ  ᠵᠦᠢᠯ ᠢ ᠬᠢᠨᠠᠨ ᠬᠠᠷᠭᠤᠭᠤᠯᠬᠤ ᠵᠢᠴᠢ ᠪᠥᠲᠥᠭᠡᠨ ᠪᠠᠶᠢᠭᠤᠯᠬᠤ᠂ ᠬᠠᠮᠠᠭᠠᠯᠠᠨ ᠬᠠᠮᠢᠶᠠᠷᠬᠤ᠂ ᠨᠡᠶᠢᠭᠡᠮ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠪᠠᠲᠤᠯᠠᠭ᠎ᠠ ᠳᠤ ᠣᠷᠣᠯᠴᠠᠬᠤ ᠪᠠ ᠡᠩ ᠤᠨ ᠦᠶ᠎ᠡ ᠪᠠ ᠲᠡᠶᠢᠨ ᠤ ᠦᠶ᠎ᠡ ᠳᠤ ᠤᠯᠠᠷᠢᠭᠤᠯᠬᠤ ᠶᠢ ᠬᠡᠷᠡᠭᠵᠢᠭᠦᠯᠬᠦ ᠶᠢ ᠵᠢᠯᠣᠭᠤᠳᠤᠨ ᠪᠥᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠡᠷᠭᠡᠶᠢᠯᠡᠨ ᠬᠠᠮᠠᠭᠠᠯᠠᠬᠤ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠮᠢᠶᠠᠷᠴᠤ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠪᠦᠬᠦ ᠰᠢᠶᠠᠨ ᠤ ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠬᠥᠮᠦᠨ ᠠᠮᠠ ᠶᠢ ᠲᠠᠷᠬᠠᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠵᠢᠴᠢ ᠬᠡᠷᠡᠭᠯᠡᠭᠡᠨ ᠤ ᠠᠵᠢᠯ ᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠪᠦᠬᠦ ᠰᠢᠶᠠᠨ  ᠤ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠪᠣᠳᠠᠲᠤ ᠬᠦᠴᠦᠨ ᠢ ᠪᠦᠷᠢᠳᠬᠡᠬᠦ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ᠂ ᠠᠷᠠᠳ ᠤᠨ ᠠᠭᠠᠷ ᠤᠨ ᠰᠡᠷᠭᠡᠶᠢᠯᠡᠯᠲᠡ᠂ ᠵᠠᠮ ᠬᠠᠷᠢᠯᠴᠠᠭᠠᠨ ᠤ ᠲᠠᠶᠢᠨ ᠤ ᠪᠡᠯᠡᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠰᠢᠨ᠎ᠡ ᠣᠷᠣᠨ ᠰᠢᠨ᠎ᠡ ᠴᠢᠨᠠᠷ ᠵᠡᠷᠭᠡ ᠬᠦᠷᠢᠶᠡᠨ ᠳᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠣᠭᠤᠳᠤᠨ᠎ᠠ ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠡᠷᠡᠭᠴᠡᠭᠡ ᠶᠢ ᠵᠣᠯᠭᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠢ ᠪᠦᠷᠢᠳᠬᠡᠨ ᠪᠠᠶᠢᠴᠠᠭᠠᠬᠤ ᠵᠡᠷᠭᠡ ᠠᠵᠢᠯ ᠢ ᠵᠣᠬᠢᠴᠠᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢ ᠡᠩ ᠤᠨ ᠦᠶ᠎ᠡ ᠪᠠ ᠲᠠᠶᠢᠨ ᠤ ᠦᠶ᠎ᠡ ᠳᠤ ᠬᠤᠪᠢᠷᠠᠭᠤᠯᠬᠤ ᠠᠵᠢᠯ ᠢ ᠵᠣᠬᠢᠴᠠᠭᠤᠯᠤᠨ ᠥᠷᠨᠢᠭᠦᠯᠵᠦ᠂ ᠠᠷᠠᠳ ᠤᠨ ᠵᠡᠪᠰᠡᠭᠲᠦ ᠬᠦᠴᠦᠨ ᠤ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠤᠷᠠᠯ ᠢ ᠪᠡᠯᠡᠳᠬᠡᠬᠦ᠂ ᠲᠤᠬᠠᠶᠢᠯᠠᠭᠰᠠᠨ ᠠᠵᠢᠯ ᠢ ᠵᠣᠬᠢᠴᠠᠭᠤᠯᠬᠤ᠂ ᠡᠬᠡ ᠪᠢᠴᠢᠭ ᠢ ᠲᠤᠭᠤᠷᠪᠢᠬᠤ ᠵᠡᠷᠭᠡ ᠠᠵᠢᠯ ᠢ ᠡᠭᠦᠷᠭᠡᠯᠡᠨ᠎ᠡ᠃      ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠮᠡᠳᠡᠭᠡ ᠵᠠᠩᠭᠢᠵᠢᠭᠤᠯᠬᠤ ᠪᠠᠶᠢᠭᠤᠯᠤᠯᠲᠠ᠂ ᠠᠷᠠᠳ ᠤᠨ ᠠᠭᠠᠷ  ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ  ᠶᠢᠨ ᠳᠣᠬᠢᠶᠠᠨ  ᠤ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠤᠪᠢᠷᠠᠭᠤᠯᠤᠨ ᠬᠡᠷᠡᠭᠯᠡᠬᠦ ᠶᠢ ᠨᠢᠭᠡᠳᠦᠯᠲᠡᠶ ᠲᠥᠯᠥᠪᠯᠡᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠳᠠᠶᠢᠨ ᠤ ᠪᠡᠯᠡᠳᠬᠡᠯ ᠤᠨ ᠳᠦᠷᠢᠮ ᠢ ᠬᠠᠷᠢᠭᠤᠴᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠡᠯ᠎ᠡ ᠬᠦᠷᠢᠶᠡᠨ ᠳᠠᠬᠢ ᠲᠤᠰᠬᠠᠶ ᠮᠡᠷᠭᠡᠵᠢᠯ ᠤᠨ ᠪᠠᠲᠤᠯᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠣᠯᠪᠠᠰᠤᠷᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠲᠤᠰᠠᠯᠠᠬᠤ ᠡᠭᠦᠷᠭᠡ ᠶᠢ ᠭᠦᠢᠴᠡᠳᠬᠡᠨ᠎ᠡ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ ᠶᠢ ᠬᠠᠷᠢᠭᠤᠴᠠᠨ᠎ᠠ᠃ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠲᠣᠭᠲᠠᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠵᠦ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠤᠯᠪᠣᠭᠳᠠᠯ ᠪᠦᠬᠦᠢ ᠨᠢᠭᠡᠴᠢ ᠶᠢ ᠵᠣᠬᠢᠴᠠᠭᠤᠯᠵᠤ ᠪᠠᠶᠢᠭᠠᠳ ᠲᠤᠰ ᠬᠦᠷᠢᠶᠡᠨ ᠳᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠥᠰᠦᠯ ᠤᠨ ᠪᠡᠯᠡᠳᠬᠡᠯ ᠲᠥᠰᠦᠯ ᠢ ᠲᠣᠭᠲᠠᠭᠠᠨ᠎ᠠ᠃ ᠴᠡᠷᠢᠭ ᠤᠨ ᠪᠡᠯᠡᠳᠬᠡᠮᠵᠢ ᠶᠢ ᠬᠠᠮᠠᠭᠠᠯᠠᠬᠤ ᠠᠵᠢᠯ ᠢ ᠵᠢᠯᠣᠭᠤᠳᠤᠨ ᠵᠣᠬᠢᠴᠠᠭᠤᠯᠬᠤ ᠪᠠ ᠨᠠᠶᠢᠳᠠᠪᠤᠷᠢᠵᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠴᠡᠷᠢᠭ ᠤᠨ ᠪᠡᠯᠡᠳᠬᠡᠮᠵᠢ ᠶᠢ ᠬᠠᠮᠠᠭᠠᠯᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠴᠡᠷᠢᠭ ᠤᠨ ᠪᠡᠯᠡᠳᠬᠡᠮᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠭᠦᠯᠦᠨ᠎ᠡ᠃ ᠣᠷᠣᠨ ᠨᠤᠲᠤᠭ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠪᠥᠲᠥᠭᠡᠨ ᠪᠠᠶᠢᠭᠤᠯᠬᠤ ᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠴᠢᠬᠤᠯᠠ ᠠᠵᠤ ᠠᠬᠤᠶ ᠶᠢᠨ ᠬᠠᠷᠠᠯᠲᠠ ᠪᠣᠯᠤᠨ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠨ᠎ᠠ᠃      ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠯᠪᠠᠨ ᠭᠡᠷ ᠲᠤ ︽ᠰᠢᠶᠠᠨ ᠤ ᠱᠠᠲᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠠᠮᠢᠶᠠᠷᠬᠤ ᠠᠵᠢᠯ᠃ ᠡᠷᠬᠡ ᠶᠢᠨ ᠬᠡᠪᠴᠢᠶ᠎ᠡ ᠶᠣᠰᠣᠭᠠᠷ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠠᠷᠤᠳᠠᠯ ᠤᠨ ᠬᠡᠷᠡᠭᠯᠡᠯᠲᠡ ᠪᠠ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠢᠨᠠᠨ ᠪᠠᠶᠢᠴᠠᠭᠠᠬᠤ︾ ᠲᠤᠰᠢᠶᠠᠯ ᠬᠠᠷᠢᠭᠤᠴᠠᠯᠭ᠎ᠠ᠃      ᠬᠠᠷᠢᠭᠤᠴᠠᠯᠭᠠᠲᠠᠨ ᠤ ᠣᠪᠣᠭ ᠨᠡᠷ᠎ᠡ᠄ ᠳ᠋ᠧᠦ ᠢᠦᠶ      ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 2᠄ 30-6᠄ 00        ᠠᠯᠪᠠᠨ ᠤᠲᠠᠰᠤ᠄ 0474 - 7212070        ᠪᠠᠶᠢᠭᠤᠯᠭ᠎ᠠ ᠨᠢᠭᠡᠴᠢ ᠶᠢᠨ ᠬᠠᠶ᠋ᠢᠭ᠄ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠰᠢᠩ ᠾᠧ ᠶᠡᠭᠡ ᠵᠠᠮ ᠤᠨ ᠡᠳ᠋ ᠤᠨ ᠵᠠᠰᠠᠭ ᠤᠨ ᠲᠣᠪᠴᠢᠶᠠᠨ ᠤ ᠶᠡᠭᠡ ᠠᠰᠠᠷ ᠤᠨ 10 ᠳ᠋ᠤᠭᠠᠷ ᠠᠰᠠᠷ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3