ᠬᠢᠨᠠᠨ ᠪᠣᠳᠣᠬᠤ ᠲᠣᠪᠴᠢᠶ᠎ᠠ
ᠨᠡᠶᠢᠲᠡᠯᠡᠭᠰᠡᠨ ᠴᠠᠭ᠄
2024/4/25
ᠪᠠᠶᠢᠭᠤᠯᠤᠮᠵᠢ ᠶᠢᠨ ᠡᠷᠬᠡ ᠴᠢᠳᠠᠪᠤᠷᠢ      ᠰᠢᠩ ᠾᠧ ᠰᠢᠶᠠᠨ ᠤ ᠬᠢᠨᠠᠨ ᠪᠣᠳᠣᠬᠤ ᠲᠣᠪᠴᠢᠶ᠎ᠠ ᠶᠢᠨ ᠲᠤᠰᠢᠶᠠᠯ ᠬᠠᠷᠢᠭᠤᠴᠠᠯᠭ᠎ᠠ      ᠰᠢᠩ ᠡᡁᠧ ᠰᠢᠶᠠᠨ ᠤ ᠬᠢᠨᠠᠨ ᠪᠤᠳᠤᠬᠤ ᠲᠤᠪᠴᠢᠶ᠎ᠡ ᠨᠠᠮ ᠤᠨ ᠲᠥᠪ ᠬᠤᠷᠢᠶᠠᠨ ᠤ ᠬᠢᠨᠠᠨ ᠪᠤᠳᠤᠬᠤ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ᠂ ᠰᠢᠶᠠᠨ ᠤ ᠨᠠᠮ ᠤᠨ ᠬᠤᠷᠢᠶ᠎ᠡ ᠶᠢᠨ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠠᠢ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠦᠬᠦ ᠰᠢᠶᠠᠨ ᠤ ᠨᠢᠭᠲᠠᠯᠠᠨ ᠪᠠᠶᠢᠴᠠᠭᠠᠬᠤ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠂ ᠤᠯᠤᠰ ᠤᠨ ᠥᠮᠴᠢᠯᠡᠯ ᠤᠨ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠳᠠ ᠬᠢᠬᠦ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠳᠠ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠯᠳᠠ ᠬᠢᠨ᠎ᠠ᠃ ᠬᠢᠨᠠᠨ ᠪᠤᠳᠤᠬᠤ᠂ ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠲᠠᠢ᠃      ︵ᠬᠤᠶᠠᠷ︶ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠭᠰᠠᠨ ᠰᠠᠨᠠᠭᠤᠯᠭ᠎ᠠ ᠳᠤᠷᠠᠳᠬᠤ ᠬᠡᠷᠡᠭᠲᠡᠶ᠃      ︵ᠭᠤᠷᠪᠠ︶ ᠰᠢᠶᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠺᠣᠮᠢᠰ ᠲᠤ ᠰᠢᠶᠠᠨ ᠤ ᠣᠨ ᠤ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠮᠡᠳᠡᠭᠦᠯᠦᠯᠲᠡ ᠳᠡᠪᠰᠢᠭᠦᠯᠦᠨ᠎ᠡ᠃ ᠰᠢᠶᠠᠨ ᠤ ᠤᠳᠤᠷᠢᠳᠤᠯᠭ᠎ᠠ ᠳᠤ ᠰᠢᠶᠠᠨ ᠤ ᠣᠨ ᠤ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠡᠪᠰᠢᠭᠦᠯᠦᠨ᠎ᠡ᠃ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠤ ᠪᠤᠰᠤᠳ ᠵᠦᠢᠯ ᠢ ᠬᠢᠨᠠᠨ ᠪᠤᠳᠤᠭᠰᠠᠨ ᠪᠠ ᠲᠤᠰᠬᠠᠶ ᠵᠦᠢᠯ ᠤᠨ ᠬᠢᠨᠠᠨ ᠪᠤᠳᠤᠯᠳᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠨ᠎ᠡ᠃ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠢᠨᠠᠨ ᠪᠤᠳᠤᠭᠰᠠᠨ ᠪᠠᠶᠢᠳᠠᠯ ᠪᠣᠯᠤᠨ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠬᠦ ᠬᠡᠷᠡᠭᠲᠡᠶ᠃      ︵ᠳᠥᠷᠪᠡ︶ ᠤᠯᠤᠰ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠭᠲᠠᠭᠠᠭᠰᠠᠨ ᠳᠣᠤᠷᠠᠬᠢ ᠵᠦᠢᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ ᠪᠤᠳᠤᠭᠰᠠᠨ ᠲᠣᠭᠲᠠᠭᠠᠯ ᠭᠠᠷᠭᠠᠨ᠎ᠠ︔ ᠰᠢᠶᠠᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ︶᠂ ᠰᠤᠮᠤ ︵ᠪᠠᠯᠭᠠᠰᠤ︶᠎ ᠶᠢᠨ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ︔ ᠰᠢᠶᠠᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠡᠯᠡ ᠰᠢᠶᠠᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠤᠨ ᠪᠡᠯᠡ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠵᠠᠰᠠᠭ ᠤᠨ ᠣᠷᠳᠣᠨ ᠵᠢᠴᠢ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠂ ᠰᠢᠶᠠᠨ ᠤ ᠴᠢᠬᠤᠯᠠ ᠶᠡᠭᠡ ᠤᠯᠠᠨ ᠨᠡᠶᠢᠲᠡ ᠶᠢᠨ ᠢᠨᠵᠧᠨᠧᠷᠢᠩ ᠤᠨ ᠵᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠦᠳᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ︔ ᠰᠢᠶᠠᠨ ᠤ ᠬᠠᠷᠢᠶ᠎ᠠ ᠵᠢᠴᠢ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠬᠤ ᠡᠷᠬᠡ ᠣᠯᠭᠤᠭᠰᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠤᠯᠤᠰ ᠤᠨ ᠥᠮᠴᠢᠯᠡᠯ ᠤᠨ ᠬᠦᠷᠦᠩᠭᠡ ᠨᠢ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯ ᠤᠳ᠃      ︵ᠲᠠᠪᠤ︶ ᠲᠣᠭᠲᠠᠭᠠᠯ ᠶᠣᠰᠣᠭᠠᠷ ᠰᠢᠶᠠᠨ ᠤ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠳᠠ ᠪᠠ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠳᠠ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ  ᠵᠦᠢᠯᠡᠰ ᠲᠤ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠠᠰᠤᠯᠤᠯᠲᠠ ᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃      ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠮᠠᠨ ᠤ ᠰᠢᠶᠠᠨ ᠤ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠭᠠᠷᠭᠠᠭᠰᠠᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃      ︵ᠶᠢᠰᠦ︶ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠳᠣᠣᠷ᠎ᠠ ᠲᠤᠰᠬᠠᠶ ᠲᠣᠭᠲᠠᠭᠠᠭᠰᠠᠨ ᠵᠦᠢᠯᠡᠰ ᠤᠨ ᠲᠤᠰᠬᠠᠶ ᠵᠦᠢᠯ ᠤᠨ ᠬᠢᠨᠠᠨ ᠪᠤᠳᠤᠯᠳᠠ ᠪᠤᠶᠤ ᠬᠢᠨᠠᠨ ᠪᠤᠳᠤᠯᠳᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠤᠯᠤᠰ ᠤᠨ ᠲᠣᠭᠲᠠᠭᠠᠯ ᠢ ᠵᠥᠷᠢᠴᠡᠭᠰᠡᠨ ᠢ ᠵᠠᠯᠠᠷᠠᠭᠤᠯᠵᠤ ᠭᠠᠷᠭᠠᠭᠰᠠᠨ ᠬᠢᠨᠠᠨ ᠪᠤᠳᠤᠯᠳᠠ ᠶᠢᠨ ᠲᠣᠭᠲᠠᠭᠠᠯ ᠢ ᠬᠦᠯᠢᠶᠡᠨ ᠠᠪᠤᠨ᠎ᠠ᠃ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠬᠠᠮᠵᠢᠨ ᠬᠠᠮᠢᠶᠠᠷᠬᠤ ᠶᠢ ᠬᠦᠯᠢᠶᠡᠨ᠎ᠡ᠃      ︵ᠠᠷᠪᠠ︶ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠳᠣᠣᠷ᠎ᠠ᠂ ᠮᠡᠳᠡᠭᠡ ᠵᠠᠩᠭᠢ ᠶᠢᠨ ᠮᠡᠷᠭᠡᠵᠢᠯ ᠢ ᠪᠦᠬᠦ ᠰᠢᠶᠠᠨ ᠤ ᠬᠢᠨᠠᠨ ᠪᠤᠳᠤᠬᠤ ᠰᠢᠰᠲ᠋ᠧᠮ ᠳᠤ ᠬᠡᠷᠡᠭᠯᠡᠬᠦ ᠶᠢ ᠵᠢᠯᠣᠭᠤᠳᠤᠨ ᠳᠡᠯᠭᠡᠷᠡᠭᠦᠯᠦᠨ᠎ᠡ᠃      ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠰᠢᠩ ᠾᠧ ᠰᠢᠶᠠᠨ ᠤ ᠬᠢᠨᠠᠨ ᠪᠣᠳᠣᠬᠤ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ      1. ᠠᠯᠪᠠᠨ ᠬᠡᠷ᠄ ᠠᠯᠪᠠᠨ ᠪᠢᠴᠢᠭ ᠢ ᠰᠢᠢᠳᠪᠦᠷᠢᠯᠡᠬᠦ᠂ ᠮᠡᠳᠡᠭᠡ ᠵᠠᠩᠭᠢ᠂ ᠲᠠᠩᠰᠠ ᠡᠪᠬᠡᠮᠡᠯ᠂ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ᠂ ᠡᠳ᠋ ᠤᠨ ᠶᠠᠪᠤᠳᠠᠯ᠂ ᠵᠠᠬᠢᠳᠠᠯ ᠰᠤᠷᠪᠤᠯᠵᠢᠯᠠᠭ᠎ᠠ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ︔ ᠬᠤᠷᠠᠯᠳᠤᠭᠠᠨ ᠤ ᠵᠣᠬᠢᠶᠠᠨ ᠪᠠᠶᠢᠭᠤᠯᠤᠯᠲᠠ ᠪᠠ ᠴᠢᠬᠤᠯᠠ ᠬᠤᠷᠠᠯᠳᠤᠭᠠᠨ ᠤ ᠮᠠᠲ᠋ᠧᠷᠢᠶᠠᠯ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠪᠢᠴᠢᠬᠦ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠣᠨ ᠤ ᠬᠢᠨᠠᠨ ᠪᠤᠳᠤᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠬᠢᠨᠠᠨ ᠪᠤᠳᠤᠬᠤ ᠲᠥᠯᠥᠪᠯᠡᠭᠡ᠂ ᠲᠥᠰᠦᠯ ᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠶᠢ ᠰᠢᠪᠠᠳᠠᠨ᠎ᠠ︔ ᠪᠦᠬᠦ ᠰᠢᠶᠠᠨ ᠤ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠪᠠ ᠬᠢᠨᠠᠨ ᠪᠤᠳᠤᠭᠰᠠᠨ ᠦᠷ᠎ᠡ ᠪᠦᠲᠦᠭᠡᠯ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢ ᠨᠠᠶᠢᠷᠠᠭᠤᠯᠤᠨ ᠮᠡᠳᠡᠭᠦᠯᠬᠦ ᠬᠡᠷᠡᠭᠲᠡᠶ︔ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠣᠯᠪᠠᠰᠤᠷᠠᠭᠤᠯᠤᠯ ᠪᠠ ᠬᠢᠨᠠᠨ ᠪᠤᠳᠤᠬᠤ ᠲᠤᠰᠬᠠᠶ ᠮᠡᠷᠭᠡᠵᠢᠯ ᠤᠨ ᠴᠣᠯᠠ ᠶᠢ ᠰᠢᠯᠭᠠᠨ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ︔ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠠᠮᠢᠶᠠᠷᠤᠯᠲᠠ ᠪᠠ ᠬᠢᠨᠠᠨ ᠪᠤᠳᠤᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠲᠤᠭᠤᠷᠪᠢᠬᠤ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠵᠣᠬᠢᠴᠠᠭᠤᠯᠬᠤ ᠶᠢ ᠬᠠᠷᠢᠭᠤᠴᠠᠨ᠎ᠠ︔ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ︔ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠭᠠᠷᠭᠠᠭᠰᠠᠨ ᠡᠯ᠎ᠡ ᠲᠦᠷᠦᠯ ᠤᠨ ᠬᠢᠨᠠᠨ ᠪᠤᠳᠤᠬᠤ ᠪᠢᠴᠢᠭ ᠬᠠᠷ᠎ᠠ ᠶᠢ ᠰᠢᠭᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠢᠴᠠᠭᠠᠨ᠎ᠠ᠃      ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠠᠯᠪᠠᠨ ᠬᠡᠷ᠂ ᠬᠠᠤᠯᠢ ᠲᠣᠭᠲᠠᠭᠠᠯ ᠤᠨ ᠰᠠᠯᠠᠭ᠎ᠠ᠂ ᠰᠢᠭᠦᠨ ᠰᠢᠢᠳᠪᠦᠷᠢᠯᠡᠬᠦ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠡᠭᠦᠷᠭᠡᠯᠡᠨ᠎ᠡ᠃      2. ᠡᠳ᠋ ᠤᠨ ᠵᠠᠰᠠᠭ ᠠᠵᠤ ᠠᠬᠤᠶ ᠶᠢᠨ ᠰᠲ᠋ᠣᠺ᠄ ᠰᠢᠶᠠᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠡᠷᠬᠡ ᠣᠯᠭᠤᠭᠰᠠᠨ ᠭᠠᠶᠢᠯᠢ ᠰᠦᠢᠳᠬᠡᠯ ᠢ ᠲᠠᠲᠠᠪᠤᠷᠢᠯᠠᠨ ᠬᠠᠮᠢᠶᠠᠷᠴᠤ ᠪᠠᠶᠢᠭ᠎ᠠ ᠪᠠᠶᠢᠳᠠᠯ ᠢ ᠬᠢᠨᠠᠨ ᠪᠤᠳᠤᠬᠤ ᠠᠵᠢᠯ ᠢ ᠬᠠᠷᠢᠭᠤᠴᠠᠨ᠎ᠠ︔ ᠳᠤᠤᠷᠠᠳᠤ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠰᠢᠶᠠᠨ ᠤ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯ ᠤᠨ ᠬᠦᠷᠦᠩᠭᠡ ᠶᠢᠨ ᠬᠤᠪᠢ ᠡᠵᠡᠮᠳᠡᠬᠦ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠦᠷᠦᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠪᠠᠶᠢᠳᠠᠯ ᠢ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ︔ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠡᠷᠬᠡ ᠣᠯᠭᠤᠯᠲᠠ ᠶᠢ ᠦᠨᠳᠦᠰᠦᠯᠡᠨ ᠲᠥᠪ ᠤᠨ᠂ ᠥᠪᠡᠷᠲᠡᠭᠡᠨ ᠵᠠᠰᠠᠬᠤ ᠣᠷᠣᠨ ᠤ ᠰᠢᠶᠠᠨ ᠳᠤ ᠰᠠᠭᠤᠭ᠎ᠠ ᠮᠥᠩᠭᠦᠨ ᠭᠦᠢᠯᠭᠡᠭᠡᠨ᠂ ᠳᠠᠭᠠᠳᠬᠠᠯ ᠤᠨ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠥᠷᠢ ᠭᠠᠷᠤᠵᠠ ᠶᠢᠨ ᠪᠠᠶᠢᠳᠠᠯ ᠢ ᠬᠢᠨᠠᠨ ᠪᠤᠳᠤᠬᠤ ᠪᠠ ᠭᠠᠳᠠᠭᠠᠳᠤ ᠪᠠᠯᠠ ᠶᠢᠨ ᠬᠢᠨᠠᠨ ᠪᠤᠳᠤᠯᠲᠠ ᠶᠢ ᠥᠷᠨᠢᠭᠦᠯᠦᠨ᠎ᠡ︔ ᠰᠢᠶᠠᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠬᠦᠷᠦᠩᠭᠡ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠢ ᠬᠢᠨᠠᠨ ᠪᠤᠳᠤᠬᠤ ᠶᠢ ᠬᠠᠷᠢᠭᠤᠴᠠᠬᠤ ᠶᠢᠨ ᠬᠠᠮᠲᠤ ᠪᠦᠬᠦ ᠰᠢᠶᠠᠨ ᠤ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠬᠦᠷᠦᠩᠭᠡ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃      ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠬᠢᠨᠠᠨ ᠪᠤᠳᠤᠬᠤ ᠰᠠᠯᠠᠭ᠎ᠠ᠂ ᠮᠥᠩᠭᠦᠨ ᠭᠦᠢᠯᠭᠡᠭᠡᠨ ᠤ ᠭᠠᠳᠠᠭᠠᠳᠤ ᠪᠠᠯᠠ ᠶᠢᠨ ᠬᠢᠨᠠᠨ ᠪᠤᠳᠤᠬᠤ ᠰᠠᠯᠠᠭ᠎ᠠ᠂ ᠠᠵᠤ ᠠᠬᠤᠶ ᠠᠷᠠᠯᠵᠢᠶ᠎ᠠ ᠶᠢᠨ ᠬᠢᠨᠠᠨ ᠪᠤᠳᠤᠬᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠰᠢᠰᠲ᠋ᠧᠮ ᠢᠶᠠᠷ ᠢᠶᠠᠨ ᠡᠭᠦᠷᠭᠡᠯᠡᠨ᠎ᠡ᠃      ᠬᠠᠷᠢᠯᠴᠠᠬᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠶᠡᠷᠦᠩᠬᠡᠶ ᠡᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠡᠯ᠎ᠡ ᠺᠣᠮᠫᠠᠨᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠃      3. ᠲᠠᠷᠢᠶᠠᠯᠠᠩ ᠮᠠᠯ ᠠᠵᠤ ᠠᠬᠤᠶ ᠶᠢᠨ ᠰᠲ᠋ᠣᠺ᠄ ᠰᠢᠶᠠᠨ ᠤ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠪᠠ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠲᠠᠷᠢᠶᠠᠯᠠᠩ ᠮᠠᠯ ᠠᠵᠤ ᠠᠬᠤᠶ᠂ ᠤᠢ ᠰᠢᠭᠤᠶ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠵᠢᠴᠢ ᠲᠠᠷᠢᠶᠠᠯᠠᠩ᠂ ᠤᠢ ᠰᠢᠭᠤᠶ᠂ ᠤᠰᠤᠨ ᠠᠰᠢᠭᠯᠠᠯᠲᠠ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠶᠢ ᠬᠠᠷᠢᠭᠤᠴᠠᠨ᠎ᠠ︔ ᠬᠠᠮᠢᠶ᠎ᠠ ᠪᠥᠬᠦᠶ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠲᠦᠷᠢᠮ ᠲᠣᠭᠲᠠᠭᠠᠯ ᠢ ᠲᠤᠭᠤᠷᠪᠢᠵᠤ᠂ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠰᠢᠶᠠᠨ ᠤ ᠱᠠᠲᠤᠨ ᠤ ᠲᠥᠰᠦᠪ ᠤᠨ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠤᠯᠤᠰ ᠤᠨ ᠥᠮᠴᠢᠯᠡᠯ ᠤᠨ ᠪᠠ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠥᠮᠦᠨ ᠤ ᠲᠤᠰᠢᠶᠠᠯ ᠤᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠭᠰᠠᠨ ᠪᠤᠰᠤᠳ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠡᠭᠦᠷᠭᠡᠯᠡᠨ᠎ᠡ︔ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ︵ᠠᠵᠢᠯ ᠲᠥᠷᠥᠯ᠂ ᠰᠢᠰᠲ᠋ᠧᠮ︶᠎ ᠶᠢᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ ᠬᠠᠮᠢᠶ᠎ᠠ ᠪᠥᠬᠦᠶ ᠲᠦᠷᠢᠮ ᠪᠠ ᠠᠷᠭ᠎ᠠ ᠶᠢ ᠲᠣᠭᠲᠠᠭᠠᠵᠤ᠂ ᠲᠤᠰᠬᠠᠶ ᠰᠡᠳᠦᠪᠲᠦ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠥᠷᠨᠢᠭᠦᠯᠦᠨ᠎ᠡ︔ ᠲᠥᠰᠦᠪ ᠤᠨ ᠨᠢᠭᠡᠴᠡ ᠶᠢᠨ ᠲᠣᠮᠣ ᠳ᠋ᠠᠶᠢᠲ᠋ᠠ ᠶᠢᠨ ᠬᠢᠨᠠᠨ ᠪᠤᠳᠤᠯᠲᠠ ᠶᠢ ᠠᠬᠢᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠡᠯᠧᠺᠲᠷᠣᠨ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠯᠭᠠᠨ ᠠᠪᠬᠤ᠂ ᠡᠮᠬᠢᠯᠡᠬᠦ ᠪᠠ ᠶᠡᠷᠦᠩᠬᠡᠶᠢᠯᠡᠨ ᠵᠠᠳᠠᠯᠤᠨ ᠠᠰᠢᠭᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠦᠯᠵᠢᠶᠡᠨ ᠤ ᠠᠮᠤᠷ ᠲᠦᠪᠰᠢᠨ᠂ ᠡᠯᠧᠺᠲᠷᠣᠨ ᠵᠠᠰᠠᠭ ᠤᠨ ᠶᠠᠪᠤᠳᠠᠯ ᠤᠨ ᠢᠨᠵᠧᠨᠧᠷᠢᠩ ᠪᠠ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠵᠢᠴᠢ ᠮᠡᠳᠡᠭᠡ ᠵᠠᠩᠭᠢ ᠶᠢᠨ ᠰᠢᠰᠲ᠋ᠧᠮ ᠳᠤ ᠬᠢᠨᠠᠨ ᠪᠤᠳᠤᠯᠲᠠ ᠬᠢᠬᠦ ᠶᠢ ᠵᠣᠬᠢᠶᠠᠨ ᠪᠠᠶᠢᠭᠤᠯᠤᠨ᠎ᠠ︔ .      ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠲᠠᠷᠢᠶᠠᠯᠠᠩ ᠤᠨ ᠬᠢᠨᠠᠨ ᠪᠤᠳᠤᠬᠤ ᠰᠠᠯᠠᠭ᠎ᠠ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠰᠠᠯᠠᠭ᠎ᠠ᠂ ᠡᠯᠧᠺᠲᠷᠣᠨ ᠲᠤᠭ᠎ᠠ ᠪᠠᠷᠢᠮᠲᠠ ᠶᠢᠨ ᠰᠠᠯᠠᠭ᠎ᠠ ᠶᠢᠨ ᠡᠭᠦᠷᠭᠡ ᠶᠢ ᠰᠢᠰᠲ᠋ᠧᠮ ᠢᠶᠠᠷ ᠢᠶᠠᠨ ᠡᠭᠦᠷᠭᠡᠯᠡᠨ᠎ᠡ᠃    ᠬᠠᠷᠢᠯᠴᠠᠬᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠶᠢᠨ ᠲᠣᠪᠴᠢᠶ᠎ᠠ᠂ ᠲᠠᠷᠢᠶᠠᠯᠠᠩ ᠤᠨ ᠮᠠᠰᠢᠨ ᠤ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠴᠧᠩ ᠭᠤᠸᠠᠨ ᠪᠠᠯᠭᠠᠰᠤ᠂ ᠵᠠᠩ ᠭᠤᠤ ᠪᠠᠯᠭᠠᠰᠤ᠂  ᠡᠷᠳᠡᠨᠢ ᠪᠠᠯᠭᠠᠰᠤ᠂ ᠰᠠᠶᠢᠬᠤᠰᠤ ᠪᠠᠯᠭᠠᠰᠤ᠂ ᠦᠨᠳᠦᠰᠦᠲᠡᠨ ᠤ ᠪᠦᠯᠬᠦᠮᠳᠡᠯ ᠰᠢᠶᠠᠩ᠂ ᠳ᠋ᠠ ᠲᠦᠩ ᠶᠣᠣ ᠰᠢᠶᠠᠩ᠂  ᠶᠡᠭᠡ  ᠬᠦᠷᠢᠶ᠎ᠡ ᠰᠢᠶᠠᠩ᠂ ᠡᠤ ᠬᠥ᠋ ᠴᠢᠤᠸᠠᠨ ᠰᠢᠶᠠᠩ᠃      4. ᠵᠠᠰᠠᠭ ᠵᠠᠬᠢᠷᠭ᠎ᠠ ᠠᠵᠢᠯ ᠦᠢᠯᠡᠰ ᠪᠠ ᠨᠡᠶᠢᠭᠡᠮ ᠤᠨ ᠪᠠᠲᠤᠯᠠᠭ᠎ᠠ ᠶᠢᠨ ᠰᠲ᠋ᠣᠺ᠄ ᠰᠢᠶᠠᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠠ ᠰᠢᠶᠠᠨ ᠤ ᠡᠳ᠋ ᠤᠨ ᠵᠠᠰᠠᠭ ᠠᠴᠠ ᠵᠣᠭᠤᠰ ᠰᠢᠯᠵᠢᠭᠦᠯᠵᠦ ᠥᠭᠬᠦ ᠬᠠᠷᠢᠴᠠᠭ᠎ᠠ ᠲᠠᠢ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠪᠠ ᠬᠤᠯᠪᠣᠭᠳᠠᠯ ᠪᠦᠬᠦᠢ ᠲᠤᠰᠬᠠᠶ ᠵᠦᠢᠯ ᠤᠨ ᠪᠡᠯᠡ ᠮᠥᠩᠭᠦ ᠶᠢ ᠬᠢᠨᠠᠨ ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠠᠰᠠᠭ ᠤᠨ ᠣᠷᠳᠣᠨ ᠠᠴᠠ ᠬᠠᠮᠢᠶᠠᠷᠴᠤ ᠪᠠᠶᠢᠭ᠎ᠠ ᠪᠠ ᠪᠤᠰᠤᠳ ᠨᠢᠭᠡᠴᠢ ᠶᠢᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠵᠢᠴᠢ ᠪᠤᠰᠤᠳ ᠬᠤᠯᠪᠣᠭᠳᠠᠯ ᠪᠦᠬᠦᠢ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠠᠯᠠ ᠮᠥᠩᠭᠦ ᠵᠢᠴᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠶᠢ ᠬᠠᠮᠢᠶ᠎ᠠ ᠪᠥᠬᠦᠶ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠢᠨᠠᠨ ᠪᠣᠳᠣᠬᠤ ᠰᠢᠶᠠᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠵᠠᠰᠠᠭ ᠤᠨ ᠣᠷᠳᠣᠨ ᠠᠴᠠ ᠬᠠᠮᠢᠶᠠᠷᠴᠤ ᠪᠠᠶᠢᠭ᠎ᠠ ᠪᠠ ᠪᠤᠰᠤᠳ ᠨᠢᠭᠡᠴᠡ ᠶᠢᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ᠂ ᠨᠡᠶᠢᠭᠡᠮ ᠤᠨ ᠲᠤᠰᠠᠯᠠᠨ ᠬᠦᠷᠭᠡᠭᠰᠡᠨ ᠪᠠᠯᠠ ᠮᠥᠩᠭᠦ᠂ ᠤᠯᠤᠰ ᠤᠨ ᠡᠳ᠋ ᠤᠨ ᠵᠠᠰᠠᠭ ᠤᠨ ᠴᠢᠨᠠᠷᠲᠠᠶ ᠰᠤᠷᠭᠠᠨ ᠬᠥᠮᠦᠵᠢᠯ ᠤᠨ ᠪᠠᠯᠠ ᠮᠥᠩᠭᠦ ᠵᠡᠷᠭᠡ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠥᠷᠳᠡᠬᠦ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠡᠶᠡᠯᠡᠭᠦᠯᠬᠦ ᠵᠢᠴᠢ ᠪᠤᠰᠤᠳ ᠬᠤᠯᠪᠣᠭᠳᠠᠯ ᠪᠥᠬᠦᠶ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃      ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠬᠢᠨᠠᠨ ᠪᠤᠳᠤᠬᠤ ᠰᠠᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠤᠳᠤᠬᠤ ᠰᠠᠯᠠᠭ᠎ᠠ᠂ ᠨᠡᠶᠢᠭᠡᠮ ᠠᠷᠠᠳ ᠤᠨ ᠠᠮᠢᠳᠤᠷᠠᠯ ᠤᠨ ᠬᠢᠨᠠᠨ ᠪᠤᠳᠤᠬᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠰᠢᠰᠲ᠋ᠧᠮ ᠢᠶᠠᠷ ᠢᠶᠠᠨ ᠡᠭᠦᠷᠭᠡᠯᠡᠨ᠎ᠡ᠃      ᠬᠠᠷᠢᠯᠴᠠᠬᠤ ᠨᠢᠭᠡᠴᠡ᠄ ᠠᠵᠢᠯᠲᠠᠨ ᠤ ᠶᠠᠪᠤᠳᠠᠯ ᠤᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠠᠵᠢᠯ ᠣᠯᠭᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠴᠠᠭᠳᠠᠨ ᠪᠠᠶᠢᠴᠠᠭᠠᠬᠤ ᠠᠯᠪᠠᠨ ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠨᠠᠮ ᠤᠨ ᠰᠤᠷᠭᠠᠭᠤᠯᠢ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠬᠡᠷ᠂ ᠲᠠᠩᠰᠠ ᠡᠪᠬᠡᠮᠡᠯ ᠤᠨ ᠲᠣᠪᠴᠢᠶ᠎ᠠ᠃      5. ᠲᠣᠭᠲᠠᠮᠠᠯ ᠬᠦᠷᠦᠩᠭᠡ ᠶᠢᠨ ᠪᠡᠯᠠ ᠣᠷᠣᠭᠤᠯᠤᠯᠲᠠ ᠶᠢᠨ ᠰᠲ᠋ᠣᠺ᠄ ᠰᠢᠶᠠᠨ ᠤ ᠵᠠᠰᠠᠭ ᠤᠨ ᠣᠷᠳᠣᠨ ᠤ ᠪᠡᠯᠠ ᠣᠷᠣᠭᠤᠯᠤᠯᠲᠠ ᠪᠠ ᠰᠢᠶᠠᠨ ᠤ ᠵᠠᠰᠠᠭ ᠤᠨ ᠣᠷᠳᠣᠨ ᠤ ᠬᠠᠷᠢᠭᠤᠴᠠᠬᠤ ᠪᠠᠷ ᠭᠤᠣᠯ ᠪᠣᠯᠭᠠᠭᠰᠠᠨ ᠡᠵᠡᠩᠨᠡᠯᠲᠡ ᠶᠢᠨ ᠴᠢᠨᠠᠷᠲᠠᠶ ᠵᠦᠢᠯᠡᠰ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ ᠳᠤ ᠬᠢᠨᠠᠨ ᠪᠤᠳᠦᠯᠳᠠ ᠬᠢᠵᠦ᠂ ᠭᠤᠣᠯᠳᠠᠯᠭ᠎ᠠ ᠲᠠᠢ ᠪᠦᠳᠦᠭᠡᠠ ᠪᠠᠶᠢᠭᠤᠯᠤᠯᠲᠠ ᠶᠢᠨ ᠵᠦᠢᠯᠡᠰ ᠲᠤ ᠬᠢᠨᠠᠨ ᠪᠤᠳᠦᠯᠳᠠ ᠬᠢᠵᠦ ᠬᠢᠨᠠᠯᠲᠠ ᠲᠠᠯᠪᠢᠨ᠎ᠠ︔ ᠬᠢᠨᠠᠨ ᠪᠤᠳᠤᠬᠤ ᠲᠢᠩᠬᠢᠮ᠂ ᠬᠤᠳᠠ ᠶᠢᠨ ᠬᠢᠨᠠᠨ ᠪᠤᠳᠤᠬᠤ ᠲᠣᠪᠴᠢᠶ᠎ᠠ ᠠᠴᠠ ᠡᠷᠬᠡ ᠣᠯᠭᠤᠭᠰᠠᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠪᠠ ᠪᠠᠷᠢᠯᠭ᠎ᠠ ᠶᠢᠨ ᠠᠵᠤ ᠠᠬᠤᠶᠢᠯᠠᠯ ᠳᠤ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠠᠴᠠ ᠪᠠᠯᠠ ᠭᠠᠷᠭᠠᠭᠰᠠᠨ ᠰᠠᠭᠤᠷᠢ ᠪᠡᠯᠡᠳᠬᠡᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ  ᠵᠦᠢᠯ ᠤᠨ ᠲᠥᠰᠦᠪ ᠢ ᠭᠦᠢᠴᠡᠳᠭᠡᠬᠦ ᠪᠠ ᠲᠥᠰᠦᠪ ᠤᠨ ᠭᠦᠢᠴᠡᠳᠭᠡᠯ ᠵᠢᠴᠢ ᠵᠣᠬᠢᠴᠠᠩᠭᠤᠶ ᠲᠥᠷᠥᠯ  ᠵᠦᠢᠯ ᠯᠦᠭᠡ ᠰᠢᠭᠤᠳ ᠬᠤᠯᠪᠣᠭᠳᠠᠬᠤ ᠪᠥᠲᠥᠭᠡᠨ ᠪᠠᠶᠢᠭᠤᠯᠤᠯᠲᠠ᠂ ᠬᠠᠶᠢᠨ ᠪᠠᠶᠢᠴᠠᠭᠠᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠤᠳᠠᠯᠳᠤᠨ ᠠᠪᠬᠤ᠂ ᠪᠠᠷᠠᠭ᠎ᠠ ᠬᠠᠩᠭᠠᠬᠤ ᠵᠡᠷᠭᠡ ᠨᠢᠭᠡᠴᠡ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠬᠠᠮᠢᠶ᠎ᠠ ᠪᠥᠬᠦᠶ ᠲᠤᠰᠬᠠᠶ ᠪᠠᠯᠠ ᠣᠷᠣᠭᠤᠯᠤᠯᠲᠠ ᠶᠢᠨ ᠬᠢᠨᠠᠨ ᠪᠤᠳᠤᠯᠲᠠ ᠪᠠ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ︔ ᠰᠢᠶᠠᠨ ᠤ ᠵᠠᠰᠠᠭ ᠤᠨ ᠣᠷᠳᠣᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠴᠤ ᠪᠠᠶᠢᠭ᠎ᠠ ᠪᠠ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠨᠡᠶᠢᠭᠡᠮ ᠤᠨ ᠪᠦᠯᠬᠦᠮ ᠠᠴᠠ ᠬᠠᠮᠢᠶᠠᠷᠴᠤ ᠪᠠᠶᠢᠭ᠎ᠠ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ ᠶᠢ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠬᠤ ᠶᠢ ᠬᠠᠷᠢᠭᠤᠴᠠᠨ᠎ᠠ︔ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠵᠡᠷᠭᠡ ᠬᠠᠮᠢᠶ᠎ᠠ ᠪᠥᠬᠦᠶ ᠲᠤᠰᠬᠠᠶ ᠬᠢᠨᠠᠨ ᠪᠤᠳᠤᠯᠲᠠ ᠪᠠ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠥᠷᠨᠢᠭᠦᠯᠦᠨ᠎ᠡ︔ ᠵᠣᠬᠢᠶᠠᠨ ᠪᠠᠶᠢᠭᠤᠯᠤᠯᠲᠠ ᠠᠴᠠ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠪᠠᠲᠤᠯᠠᠬᠤ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠵᠡᠷᠭᠡ ᠪᠠᠶᠢᠳᠠᠯ ᠤᠨ ᠲᠣᠭᠤᠷᠢᠨ ᠳᠤ ᠬᠤᠯᠪᠣᠭᠳᠠᠯ ᠪᠦᠬᠦᠢ ᠲᠤᠰᠬᠠᠶ ᠬᠢᠨᠠᠨ ᠪᠤᠳᠤᠯᠳᠠ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠪᠡ᠃      ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠰᠠᠯᠠᠭ᠎ᠠ᠂ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠪᠤᠳᠤᠬᠤ ᠰᠠᠯᠠᠭ᠎ᠠ᠂ ᠶᠡᠷᠦᠩᠬᠡᠶᠢᠯᠡᠭᠰᠡᠨ ᠬᠢᠨᠠᠨ ᠪᠤᠳᠤᠬᠤ ᠰᠠᠯᠠᠭ᠎ᠠ ᠶᠢᠨ ᠲᠤᠬᠠᠶᠢᠯᠠᠭᠰᠠᠨ ᠠᠵᠢᠯ ᠢ ᠰᠢᠰᠲ᠋ᠧᠮ ᠢᠶᠠᠷ ᠢᠶᠠᠨ ᠡᠭᠦᠷᠭᠡᠯᠡᠨ᠎ᠡ᠃      ᠬᠠᠷᠢᠯᠴᠠᠬᠤ ᠨᠢᠭᠡᠴᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠴᠡᠴᠡᠷᠯᠢᠭ ᠤᠨ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ᠂ ᠰᠢᠩ ᠹᠠ ᠺᠣᠮᠫᠠᠨᠢ᠂ ᠸᠧᠨ ᠰᠢᠩ ᠢᠯᠴᠢ ᠶᠢᠨ ᠬᠦᠴᠦᠨ ᠤ ᠺᠣᠮᠫᠠᠨᠢ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠰᠤᠨ ᠤ ᠪᠠᠯᠠ ᠣᠷᠣᠭᠤᠯᠤᠯᠲᠠ ᠶᠢᠨ ᠺᠣᠮᠫᠠᠨᠢ᠂ ᠶᠠᠳᠠᠭᠤ ᠶᠢ ᠲᠡᠳᠬᠦᠬᠦ ᠪᠠᠯᠠ ᠣᠷᠣᠭᠤᠯᠤᠯᠲᠠ ᠶᠢᠨ ᠺᠣᠮᠫᠠᠨᠢ᠃      ᠬᠠᠷᠢᠭᠤᠴᠠᠯᠭᠠᠲᠠᠨ᠄ ᠸᠠᠩ ᠵᠢᠶᠠᠨ  ᠸᠧᠨ      ᠠᠵᠢᠯᠯᠠᠬᠤ ᠬᠠᠶ᠋ᠢᠭ᠄ ᠰᠢᠩ ᠾᠧ ᠰᠢᠶᠠᠨ ᠤ ᠨᠠᠮ ᠵᠠᠰᠠᠭ ᠤᠨ ᠲᠣᠮᠣ ᠠᠰᠠᠷ ᠤᠨ 5 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ  ᠤᠨ 9᠄ 00 — 12᠄ 00 14᠄ 30 — 18᠄ 00      ᠬᠠᠷᠢᠯᠴᠠᠬᠤ ᠤᠲᠠᠰᠤ᠄ 0474 — 7212501      ᠬᠢᠨᠠᠯᠲᠠ ᠲᠠᠯᠪᠢᠬᠤ ᠤᠲᠠᠰᠤ᠄ 0474 — 7212501                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3