ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/4/25
ᠪᠠᠶᠢᠭᠤᠯᠤᠮᠵᠢ ᠶᠢᠨ ᠡᠷᠬᠡ ᠴᠢᠳᠠᠪᠤᠷᠢ      ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠰᠢᠩ ᠡᡁᠧ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠤᠪᠴᠢᠶ᠎ᠡ 2019 ᠣᠨ ᠳᠤ ᠵᠢᠩᠬᠢᠨᠢ ᠪᠠᠷ ᠪᠠᠶᠢᠭᠤᠯᠤᠭᠳᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠨᠢᠭᠡ ᠪᠣᠯᠤᠭᠰᠠᠨ ᠪᠠᠶᠢᠨ᠎ᠠ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠴᠢᠩᠭ᠎ᠠ ᠲᠤᠤᠱᠯᠠᠭᠤᠯᠤᠨ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃      ︵ᠬᠤᠶᠠᠷ︶ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠠᠵᠢᠯ ᠪᠠ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠴᠡᠷᠢᠭ ᠤᠨ ᠠᠯᠪᠠᠨ ᠠᠴᠠ ᠪᠠᠭᠤᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠪᠣᠯᠤᠨ ᠴᠡᠷᠢᠭ ᠢ ᠳᠠᠭᠠᠵᠤ ᠠᠵᠢᠯ ᠰᠢᠯᠵᠢᠭᠰᠡᠨ ᠬᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃      ︵ᠳᠥᠷᠪᠡ︶ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠵᠤ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠠ᠃      ︵ᠲᠠᠪᠤ︶ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠪᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠵᠦ ᠬᠠᠮᠢᠶᠠᠷᠬᠤ ᠪᠠ ᠠᠰᠠᠷᠠᠮᠵᠢ ᠶᠢᠨ ᠠᠵᠢᠯ  ᠢ ᠬᠠᠷᠢᠭᠤᠴᠠᠨ᠎ᠠ ᡾᠃ ᠬᠤᠯᠪᠣᠭᠳᠠᠯ ᠪᠥᠬᠦᠶ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠬᠠᠷᠢᠭᠤᠴᠠᠵᠤ ᠂ ᠵᠢᠩᠬᠢᠨᠢ ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠵᠤ᠂ ᠶᠠᠫᠣᠨ ᠢ ᠡᠰᠡᠷᠭᠦᠴᠡᠬᠦ ᠲᠠᠶᠢᠨ ᠳᠤ ᠣᠷᠣᠯᠴᠠᠭᠰᠠᠨ ᠭᠤᠮᠢᠨᠳᠠᠩ ᠤᠨ ᠠᠬᠠᠮᠠᠳ ᠴᠡᠷᠢᠭ ᠵᠡᠷᠭᠡ ᠬᠤᠯᠪᠣᠭᠳᠠᠯ ᠪᠦᠬᠦᠢ ᠬᠥᠮᠦᠰ ᠲᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃      ︵ᠳᠣᠯᠤᠭ᠎ᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠢ ᠱᠠᠩᠨᠠᠬᠤ᠂ ᠴᠡᠷᠢᠭ ᠤᠨ ᠬᠥᠮᠦᠨ ᠤ ᠨᠡᠶᠢᠲᠡ ᠶᠢᠨ ᠣᠩᠭᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠪᠠ ᠤᠬᠠᠭᠤᠯᠤᠨ᠎ᠠ      ︵ᠨᠠᠢᠮᠠ︶ ᠴᠡᠷᠢᠭ  ᠤᠨ ᠠᠯᠪᠠᠨ ᠠᠴᠠ ᠪᠠᠭᠤᠭᠰᠠᠳ  ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠥᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠶᠢᠰᠦ︶ ᠲᠣᠰ ᠰᠠᠯᠠᠭ᠎ᠠ ᠮᠥᠴᠢᠷ ︵ᠠᠵᠢᠯ ᠲᠥᠷᠥᠯ︶᠎ ᠤᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠡᠭᠦᠷᠭᠡᠯᠡᠨ᠎ᠡ᠃      ᠰᠢᠩ ᠾᠧ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ 3 ᠡᠭᠦᠷᠭᠡ ᠴᠢᠳᠠᠪᠤᠷᠢᠲᠤ ᠪᠠᠶᠢᠭᠤᠯᠤᠮᠵᠢ ᠭᠠᠷᠭᠠᠪᠠ᠄      ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠪᠠ ᠲᠦᠷᠢᠮ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠲᠥᠷᠥ ᠶᠢᠨ ᠪᠣᠳᠣᠯᠭ᠎ᠠ ᠶᠢ ᠰᠤᠳᠤᠯᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠦᠵᠡᠯ ᠰᠠᠨᠠᠭ᠎ᠠ ᠤᠯᠤᠰ ᠲᠦᠷᠦ᠂ ᠡᠷᠬᠡ ᠠᠰᠢᠭ ᠤᠨ ᠬᠠᠮᠠᠭᠠᠯᠠᠯᠲᠠ ᠪᠠ ᠠᠵᠢᠯ ᠣᠯᠭᠤᠯᠲᠠ ᠠᠳᠠᠯ ᠦᠢᠯᠡᠰ ᠴᠣᠭᠴᠠᠯᠠᠯᠲᠠ᠃ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠨ ᠬᠥᠬᠢᠭᠦᠯᠬᠦ᠂ ᠢᠷᠠᠭᠤ ᠠᠯᠳᠠᠷ ᠢ ᠱᠠᠩᠨᠠᠬᠤ ᠠᠵᠢᠯ ᠢ ᠡᠭᠦᠷᠭᠡᠯᠡᠵᠦ᠂ ᠴᠡᠷᠢᠭ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠳᠤ ᠬᠠᠮᠵᠢᠯᠴᠠᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠥᠬᠦᠶ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠪᠡᠶ᠎ᠡ ᠪᠠᠨ ᠳᠠᠭᠠᠭᠠᠵᠤ ᠠᠵᠢᠯ ᠰᠣᠩᠭᠤᠬᠤ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠪᠠ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠵᠠᠭᠤᠴᠢᠯᠠᠬᠤ ᠦᠢᠯᠡᠴᠢᠯᠡᠭᠡᠨ ᠤ ᠠᠵᠢᠯ ᠢ ᠵᠢᠯᠣᠭᠤᠳᠤᠨ ᠥᠷᠨᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠪᠠᠲᠤᠯᠠᠭ᠎ᠠ ᠶᠢᠨ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠢ ᠴᠡᠷᠢᠭ ᠠᠴᠠ ᠬᠠᠯᠠᠭᠳᠠᠭᠰᠠᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠂ ᠣᠨ ᠤ ᠲᠥᠯᠥᠪᠯᠡᠭᠡ ᠪᠠ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠲᠤᠯᠠᠭ᠎ᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠴᠡᠷᠢᠭ ᠠᠴᠠ ᠬᠠᠯᠠᠭᠳᠠᠭᠰᠠᠳ ᠤᠨ  ᠦᠢᠯᠡᠰ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ᠂ ᠲᠤᠭ᠎ᠠ ᠪᠦᠷᠢᠳᠬᠡᠯ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ︵ᠬᠠᠷᠢᠯᠴᠠᠬᠤ ᠤᠲᠠᠰᠤ᠄ 0474 — 7211741︶      ︵ᠬᠤᠶᠠᠷ︶ ᠲᠥᠪᠬᠢᠨᠡᠭᠦᠯᠬᠦ ᠬᠠᠮᠢᠶᠠᠷᠤᠯᠲᠠ ᠶᠢᠨ ᠰᠲ᠋ᠣᠺ ᠢ ᠰᠢᠯᠵᠢᠭᠦᠯᠦᠨ ᠲᠤᠰᠢᠶᠠᠬᠤ᠃ ᠪᠦᠬᠦ ᠰᠢᠶᠠᠨ ᠤ ᠲᠥᠯᠥᠪᠯᠡᠭᠡ ᠪᠠᠷ ᠬᠤᠪᠢᠶᠠᠷᠢᠯᠠᠬᠤ ᠪᠠᠷ ᠲᠥᠯᠥᠪᠯᠡᠵᠦ ᠪᠠᠶᠢᠭ᠎ᠠ ᠴᠡᠷᠢᠭ ᠠᠴᠠ ᠬᠠᠯᠠᠭᠳᠠᠭᠰᠠᠨ ᠺᠠᠳ᠋ᠷ᠂ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠣᠨ ᠤ ᠲᠥᠪᠬᠢᠨᠡᠭᠦᠯᠦᠯᠲᠡ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠵᠡᠷᠭᠡ ᠡᠭᠦᠷᠭᠡ ᠶᠢ ᠡᠭᠦᠷᠭᠡᠯᠡᠨ᠎ᠡ᠃ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠠᠩᠭᠢ ᠶᠢᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ ᠪᠠ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠠᠮᠠᠷᠠᠭᠰᠠᠨ ᠪᠠ ᠠᠵᠢᠯ ᠠᠴᠠ ᠪᠠᠨ ᠪᠠᠭᠤᠭᠰᠠᠨ ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠠᠴᠠ ᠬᠠᠯᠠᠭᠳᠠᠭᠰᠠᠳ ᠪᠠ ᠴᠡᠷᠢᠭ ᠤᠨ ᠬᠠᠷᠢᠶ᠎ᠠ ᠥᠬᠡᠶ ᠠᠵᠢᠯ ᠠᠴᠠ ᠪᠠᠨ ᠪᠠᠭᠤᠭᠰᠠᠨ ᠪᠠ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃ ︵ᠬᠠᠷᠢᠯᠴᠠᠬᠤ ᠤᠲᠠᠰᠤ᠄ 0474 — 7211742︶      ︵ᠭᠤᠷᠪᠠ︶ ᠴᠡᠷᠢᠭ ᠢᠶᠠᠨ ᠬᠦᠷᠢᠶᠡᠯᠡᠨ ᠬᠠᠷᠠᠭᠠᠯᠵᠠᠯ ᠦᠵᠡᠭᠦᠯᠬᠦ ᠪᠠ ᠳᠤᠷᠠᠰᠬᠠᠯ ᠤᠨ ᠰᠲ᠋ᠣᠺ ᠢ ᠮᠠᠭᠲᠠᠨ ᠰᠠᠶᠢᠰᠢᠶᠠᠬᠤ᠃ ᠪᠦᠬᠦ ᠰᠢᠶᠠᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠠᠰᠠᠷᠠᠮᠵᠢ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ ᠰᠢᠷᠬᠠᠲᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠥᠬᠦᠶ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢ ᠵᠢᠯᠣᠭᠤᠳᠤᠨ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠡᠷᠢᠭ ᠢ ᠳᠠᠭᠠᠵᠤ ᠠᠵᠢᠯ ᠰᠢᠯᠵᠢᠬᠦ ᠭᠡᠷ ᠪᠦᠯᠢ ᠶᠢᠨ ᠬᠢᠨ ᠤ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ᠂ ᠳᠤᠷᠠᠰᠬᠠᠯ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠴᠡᠷᠢᠭ ᠤᠨ ᠬᠥᠮᠦᠨ ᠤ ᠨᠡᠶᠢᠲᠡ ᠶᠢᠨ ᠤᠡᠭᠭᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃      ᠬᠠᠷᠢᠭᠤᠴᠠᠯᠭᠠᠲᠠᠨ ᠤ ᠣᠪᠣᠭ ᠨᠡᠷ᠎ᠡ᠄ ᠯᠢ ᠶᠤᠸᠠᠢ      ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00 ᠦᠳᠡ ᠶᠢᠨ ᠬᠤᠶᠢᠨᠠᠬᠢ 2᠄ 30 — 6᠄ 00      ᠠᠯᠪᠠᠨ ᠤᠲᠠᠰᠤ᠄ 0474 — 7211741      ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠳᠥᠷᠪᠡᠳᠦᠭᠡᠷ ᠵᠠᠰᠠᠮᠠᠯ ᠵᠠᠮ ᠤᠨ ᠰᠧᠨ ᠮᠢᠶᠣᠣ ᠶᠢᠨ ᠬᠤᠶᠢᠲᠤ ᠡᠭᠦᠳᠡᠨ ᠤ ᠲᠠᠰᠢᠭᠤ ᠡᠰᠡᠷᠭᠦ ᠲᠠᠯ᠎ᠠ ᠳᠤ ᠬᠤᠶᠠᠳᠤᠭᠠᠷ ᠠᠰᠠᠷ ᠲᠤ ᠰᠠᠭᠤᠵᠤ ᠪᠠᠷᠢᠨ᠎ᠠ                                   ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3