ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ | ᠮᠠᠨ ᠤ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ᠂ ᠵᠠᠬ᠎ᠠ | ᠳᠡᠯᠭᠡᠭᠦᠷ ᠤᠨ ᠭᠦᠢᠯᠭᠡᠭᠡ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠣᠬᠢᠷᠠᠭᠤᠯᠤᠯ | ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠪᠠ ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ ᠪᠠ | ᠬᠠᠩᠭᠠᠯᠭ᠎ᠠ ᠶᠢ ᠪᠠᠲᠤᠯᠠᠵᠤ᠂ ᠦᠨ᠎ᠡ ᠶᠢ ᠲᠣᠭᠲᠠᠪᠤᠷᠢᠵᠢᠭᠤᠯᠬᠤ ᠬᠡᠷᠡᠭᠴᠡᠭᠡ ᠶᠢ ᠦᠨᠡᠨ ᠬᠦ ᠨᠠᠶᠢᠳᠠᠪᠤᠷᠢᠵᠢᠭᠤᠯᠬᠤ | ᠶᠢᠨ ᠲᠥᠯᠥᠭᠡ᠂ ᠨᠠᠷᠢᠨ ᠬᠢᠨᠠᠮᠠᠭᠠᠶ ᠰᠤᠳᠤᠯᠤᠯᠳᠠ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ | ᠬᠡᠷᠡᠭᠵᠢᠭᠦᠯᠬᠦ ᠨᠠᠷᠢᠨ ᠳᠦᠷᠢᠮ︾ ᠢ ᠴᠢᠩᠭ᠎ᠠ ᠵᠢᠷᠤᠮᠯᠠᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ︿ᠬᠤᠯᠢᠰᠢᠨ ᠢᠳᠡᠭᠡᠨ﹀ ᠤ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠲᠥᠰᠦᠯ︾ ᠢ ᠲᠤᠭᠤᠷᠪᠢᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠬᠤᠲᠠ | ᠲᠣᠭᠤᠷᠢᠭ ᠤᠨ ᠵᠠᠰᠠᠭ ᠤᠨ ᠣᠷᠳᠣᠨ ᠵᠢᠴᠢ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠪᠠᠷ ᠳᠡᠮᠵᠢᠨ᠂ ᠨᠡᠶᠢᠲᠡ | 14 ᠵᠤᠷᠪᠤᠰ ᠰᠠᠨᠠᠯ ᠭᠥᠯᠢᠶᠡᠨ ᠠᠪᠴᠤ᠂ 3 ᠵᠤᠷᠪᠤᠰ ᠢ ᠨᠢ ᠬᠡᠷᠡᠭᠯᠡᠭᠰᠡᠨ ᠥᠬᠡᠶ᠂ ᠬᠡᠷᠡᠭᠯᠡᠭᠰᠡᠨ ᠥᠬᠡᠶ ᠰᠠᠨᠠᠯ ᠤᠨ | ᠲᠤᠬᠠᠢ ᠪᠦᠬᠦᠨ ᠢ ᠨᠡᠪᠲᠡᠷᠡᠯᠴᠡᠨ ᠲᠣᠳᠣᠷᠬᠠᠶᠢᠯᠠᠪᠠ᠃ 4 ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ | ᠣᠷᠳᠣᠨ ᠤ ᠰᠤᠳᠤᠯᠤᠨ ᠶᠠᠷᠢᠯᠴᠠᠬᠤ ᠪᠠᠷ ᠳᠠᠮᠵᠢᠨ ᠬᠤᠷᠠᠯ ᠤᠨ ᠬᠢᠨᠠᠨ ᠵᠥᠪᠯᠡᠬᠦ ᠨᠤᠤᠷᠠᠭ ᠢ ᠪᠦᠷᠢᠯᠳᠦᠭᠦᠯᠵᠦ᠂ | ᠬᠤᠲᠠ ᠶᠢᠨ ᠵᠠᠰᠠᠭ ᠤᠨ ᠣᠷᠳᠣᠨ ᠤ ᠰᠤᠳᠤᠯᠬᠤ ᠲᠥᠰᠦᠯ ᠢ ᠳᠠᠷᠤᠮᠠᠯᠯᠠᠨ ᠲᠠᠷᠬᠠᠭᠠᠬᠤ ᠶᠢ ᠵᠥᠪᠰᠢᠶᠡᠷᠡᠪᠡ᠃ | ᠬᠤᠶᠠᠷ᠂ ᠭᠤᠣᠯ ᠠᠭᠤᠯᠭ᠎ᠠ | ᠨᠢᠭᠡ ᠳᠤ᠂ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠢᠳᠡᠰᠢᠨ ᠨᠤᠭᠤᠭᠠᠨ ᠤ ᠦᠢᠯᠡᠳᠪᠦᠷᠢᠯᠡᠯ ᠤᠨ ᠬᠡᠪᠴᠢᠶᠡᠵᠢᠯ ᠢ | ᠲᠣᠭᠲᠠᠪᠤᠷᠢᠵᠢᠭᠤᠯᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠢᠳᠡᠰᠢᠨ ᠨᠤᠭᠤᠭᠠᠨ | ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠮᠠᠯ ᠵᠢᠭᠦᠷᠲᠡᠨ ᠤ ᠮᠢᠬᠠᠨ ᠤ ᠲᠥᠷᠥᠯ ᠤᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠦᠢᠯᠡᠳᠪᠦᠷᠢᠯᠡᠯ ᠪᠠ ᠬᠠᠩᠭᠠᠯᠭ᠎ᠠ | ᠶᠢ ᠲᠣᠭᠲᠠᠪᠤᠷᠢᠵᠢᠭᠤᠯᠦᠨᠡ᠃ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ | ᠲᠣᠭᠲᠠᠪᠤᠷᠢᠵᠢᠭᠤᠯᠵᠤ᠂ ᠶᠡᠭᠡ ᠤᠰᠤᠨ ᠰᠤᠷᠪᠤᠯᠵᠢ ᠶᠢᠨ ᠠᠮᠢ ᠠᠬᠤᠢ ᠶᠢᠨ ᠵᠢᠭᠠᠰᠤᠨ ᠠᠵᠤ ᠠᠬᠤᠢ ᠶᠢ | ᠬᠥᠭᠵᠢᠭᠦᠯᠦᠨ᠎ᠡ᠃ ᠬᠤᠶᠠᠷ ᠲᠤ᠂ ︽ᠬᠤᠯᠢᠰᠢᠨ ᠢᠳᠡᠭᠡᠨ︾ ᠤ ᠪᠥᠭᠡᠮ ᠢᠶᠠᠷ ᠪᠤᠷᠣᠯᠠᠭᠤᠯᠬᠤ ᠵᠠᠬ᠎ᠠ ᠳᠡᠯᠭᠡᠭᠦᠷ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ︽ᠬᠤᠯᠢᠰᠢᠨ ᠢᠳᠡᠭᠡᠨ︾ ᠤ ᠪᠦᠭᠡᠮ ᠢᠶᠠᠷ ᠪᠤᠷᠣᠯᠠᠭᠤᠯᠬᠤ | ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠥᠯᠳᠡ ᠶᠢᠨ ᠳᠥᠯᠥᠪᠵᠢᠬᠦᠯᠬᠡ ᠶᠢᠨ ᠪᠠᠶᠢᠷᠢᠰᠢᠯ ᠢ ᠲᠣᠠᠠᠳᠠᠭᠠᠨ | ᠳᠡᠬᠦᠯᠳᠡᠷᠵᠢᠬᠦᠯᠵᠦ᠂ ᠵᠦᠢ ᠵᠤᠬᠢᠰᠳᠡᠢ ᠪᠦᠷᠢᠨ ᠳᠡᠬᠦᠯᠳᠡᠷ ︽ᠬᠤᠯᠢᠰᠢᠨ ᠢᠳᠡᠭᠡᠨ︾ ᠤ ᠬᠠᠩᠭᠠᠯᠭ᠎ᠠ ᠶᠢᠨ | ᠪᠠᠳᠣᠯᠠᠭ᠎ᠠ ᠶᠢᠨ ᠰᠢᠰᠲ᠋ᠧᠮᠵᠢ ᠶᠢ ᠪᠦᠷᠢᠯᠳᠦᠬᠦᠯᠥᠨ᠎ᠠ᠃ ᠭᠤᠷᠪᠠ ᠳᠤ᠂ ᠵᠠᠬ᠎ᠠ ᠳᠡᠯᠭᠡᠭᠦᠷ ᠤᠨ ᠭᠦᠢᠯᠭᠡᠭᠡᠨ ᠤ | ᠴᠢᠳᠠᠪᠤᠷᠢ ᠶᠢ ᠴᠢᠩᠭᠠᠳᠬᠠᠨ᠎ᠠ᠃ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠲᠡᠭᠡᠭᠡᠪᠦᠷᠢᠯᠡᠬᠦ ︽ᠰᠠᠭᠠᠳ ᠥᠬᠡᠶ ᠨᠡᠪᠲᠡᠷᠡᠬᠦ ᠵᠠᠮ︾ ᠮᠡᠲᠦ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠪᠥᠭᠡᠮ ᠢᠶᠠᠷ ᠪᠤᠷᠣᠯᠠᠭᠤᠯᠬᠤ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ | ᠵᠢᠵᠢᠭᠯᠡᠨ ᠪᠤᠷᠣᠯᠠᠭᠤᠯᠬᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢᠨ ᠨᠢᠭᠲᠠᠴᠠ ᠶᠢ ᠨᠡᠮᠡᠭᠳᠡᠭᠦᠯᠦᠨ᠎ᠡ᠃ | ᠲᠦᠷᠪᠡ ᠳᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠭᠠᠷᠤᠯᠲᠠ ᠶᠢᠨ | ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ︽ᠬᠤᠯᠢᠰᠢᠨ ᠢᠳᠡᠭᠡᠨ︾ ᠤ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ︽ | ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠠᠲᠤᠯᠠᠨ᠎ᠠ | ᠃ ᠲᠠᠪᠤ ᠳᠤ᠂ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠯᠢᠰᠢᠨ | ᠢᠳᠡᠭᠡᠨ︾ ᠤ ᠢᠨᠵᠧᠨᠧᠷᠢᠩ ᠤᠨ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ | ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠪᠠᠲᠤᠯᠠᠨ᠎ᠠ᠃ ︽ | ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠨᠥᠭᠡᠴᠡ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠮᠡᠳᠡᠭᠡ | ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠪᠠ ᠮᠡᠳᠡᠭᠡ ᠵᠠᠩᠭᠢ | ᠨᠡᠶᠢᠲᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠪᠠᠴᠢᠮ | ᠪᠠᠶᠢᠳᠠᠯ ᠢ ᠠᠷᠭᠠᠴᠠᠵᠤ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠢᠷᠭᠤᠭ᠎ᠠ ᠳᠤ᠂ ︽ | ᠬᠤᠯᠢᠰᠢᠨ ᠢᠳᠡᠭᠡᠨ︾ ᠤ ᠠᠵᠤ ᠦᠢᠯᠡᠰ ᠤᠨ ᠨᠠᠷᠠᠲᠤ ᠲᠡᠮᠳᠡᠭᠵᠢᠬᠦ ᠴᠢᠭᠯᠡᠯ ᠳᠠᠰᠢ ᠬᠥᠭᠵᠢᠬᠦ ᠶᠢ ᠠᠬᠢᠭᠤᠯᠤᠨ᠎ᠠ᠃ | ᠮᠠᠨ ᠤ ᠬᠤᠲᠠ ᠶᠢᠨ ︽ᠤᠤᠷ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭ ᠵᠢᠴᠢ ︽ᠤᠯᠠᠭᠠᠨᠴᠠᠪ ᠤᠨ ᠬᠦᠢᠲᠡᠨ ᠰᠡᠷᠢᠭᠦᠨ ᠢᠳᠡᠰᠢᠨ ᠨᠤᠭᠤᠭ᠎ᠠ︾᠂ ︽ᠤᠯᠠᠭᠠᠨᠴᠠᠪ ᠤᠨ | ᠦᠬᠡᠷ ᠤᠨ ᠮᠢᠬ᠎ᠠ︾᠂ ︽ᠤᠯᠠᠭᠠᠨᠴᠠᠪ ᠤᠨ ᠬᠤᠨᠢᠨ ᠮᠢᠬ᠎ᠠ︾᠂ ︽ᠤᠯᠠᠭᠠᠨᠴᠠᠪ ᠤᠨ ᠡᠭᠡᠳᠡᠭᠰᠡᠨ ᠰᠦ︾ ᠵᠡᠷᠭᠡ | ᠬᠤᠪᠢᠶᠠᠷᠢ ᠲᠥᠷᠥᠯ ᠲᠡᠮᠳᠡᠭ ᠢᠶᠠᠷ ᠭᠠᠷᠳᠠᠴᠠ ᠪᠣᠯᠭᠠᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠢ | ᠳᠡᠯᠭᠡᠷᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠨ ᠤ ᠬᠤᠲᠠ ᠶᠢᠨ ︽ᠬᠤᠯᠢᠰᠢᠨ | ᠢᠳᠡᠭᠡᠨ︾ ᠤ ᠪᠦᠲᠦᠭᠡᠭᠳᠡᠬᠦᠨ ᠢ ᠪᠠᠳᠠᠷᠠᠭᠤᠯᠤᠨ ᠬᠦᠴᠦᠷᠬᠡᠭᠵᠢᠭᠦᠯᠵᠦ᠂ ᠪᠥᠬᠦ ᠬᠤᠲᠠ ᠶᠢᠨ ︽ᠬᠤᠯᠢᠰᠢᠨ ᠢᠳᠡᠭᠡᠨ | ︾ ᠤ ᠪᠦᠬᠦᠯᠢ ᠴᠣᠭᠴᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠬᠦᠴᠦ ᠪᠠᠨ ᠬᠠᠮᠲᠤᠳᠬᠠᠨ ᠪᠣᠶ | ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ | ᠲᠠᠷᠢᠶᠠᠯᠠᠩ ᠢ ᠪᠣᠶ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠳᠠᠶᠢᠴᠢᠯᠠᠨ᠎ᠠ᠃ ᠲᠤᠯᠤᠭ᠎ᠠ ᠳᠤ᠂ ᠬᠤᠳᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠬᠤᠯᠢᠰᠢᠨ ᠢᠳᠡᠭᠡᠨ︾ ᠤ | ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠤᠬᠠᠭᠤᠯᠭ᠎ᠠ ᠶᠢ ᠬᠢᠵᠦ᠂ ︽ᠬᠤᠯᠢᠰᠢᠨ ᠢᠳᠡᠭᠡᠨ︾ | ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠤᠲᠠ ᠶᠢᠨ ᠠᠷᠠᠳ ᠤᠨ ᠤᠶᠢᠯᠠᠭᠠᠵᠤ ᠮᠡᠳᠡᠬᠦ | ᠨᠣᠷᠮ᠎ᠠ ᠪᠠ ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠷᠪᠠ᠂ ᠲᠥᠰᠦᠯ ᠢ ᠳᠠᠷᠤᠮᠠᠯᠯᠠᠨ ᠲᠠᠷᠬᠠᠭᠠᠬᠤ ᠠᠴᠢ ᠬᠤᠯᠪᠣᠭᠳᠠᠯ ᠲᠥᠰᠦᠯ ᠢ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠬᠦ ᠨᠢ᠂ ᠮᠠᠨ ᠤ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠱᠠᠭᠠᠷᠳᠠᠯᠭ᠎ᠠ ᠶᠢ | ᠬᠠᠩᠭᠠᠵᠤ᠂ ᠬᠤᠲᠠ ᠶᠢᠨ ᠠᠷᠠᠳ ᠤᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠨᠤᠮᠵᠢ ᠶᠢᠨ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠬᠦ ᠪᠣᠯᠤᠨ᠎ᠠ᠃ | ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 2024 ᠣᠨ ᠤ 4 ᠰᠠᠷ᠎ᠠ ᠶᠢᠨ 10 ᠤ ᠡᠳᠦᠷ | ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ | |