ᠪᠠᠶᠢᠭᠤᠯᠤᠮᠵᠢ ᠶᠢᠨ ᠡᠷᠬᠡ ᠴᠢᠳᠠᠪᠤᠷᠢ | ᠭᠤᠣᠯ ᠡᠭᠦᠷᠭᠡ ᠬᠠᠷᠢᠭᠤᠴᠠᠯᠭ᠎ᠠ᠄ | 1. ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠠᠷᠠᠳ ᠣᠯᠠᠨ ᠤ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠵᠢᠴᠢ ᠲᠡᠭᠦᠨ ᠤ ᠭᠤᠣᠯ ᠤᠳᠤᠷᠢᠳᠬᠤ | ᠬᠥᠮᠦᠰ ᠲᠤ ᠢᠷᠡᠭᠦᠯᠦᠭᠰᠡᠨ ᠵᠠᠬᠢᠳᠠᠯ ᠢ ᠬᠦᠯᠢᠶᠡᠨ ᠠᠪᠴᠤ᠂ ᠣᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ | ᠠᠪᠴᠤ᠂ ᠴᠢᠬᠤᠯᠠ ᠶᠡᠭᠡ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠪᠠᠳᠠᠨ ᠵᠣᠬᠢᠴᠠᠭᠤᠯᠵᠤ᠂ | ᠵᠠᠬᠢᠳᠠᠯ ᠰᠤᠷᠪᠤᠯᠵᠢᠯᠠᠭ᠎ᠠ ᠪᠠᠷ ᠢᠷᠡᠭᠰᠡᠨ ᠣᠯᠠᠨ ᠲᠦᠮᠡᠨ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃ | 2. ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠳᠠᠭᠠᠭᠠᠨ ᠰᠢᠢᠳᠪᠦᠷᠢᠯᠡᠵᠦ᠂ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠮᠠᠲ᠋ᠧᠷᠢᠶᠠᠯ ᠢ | ᠰᠢᠢᠳᠪᠦᠷᠢᠯᠡᠬᠦ ᠪᠠ ᠨᠠᠶᠢᠳᠠᠪᠤᠷᠢᠵᠢᠭᠤᠯᠬᠤ ᠶᠢ ᠰᠢᠪᠠᠳᠠᠨ ᠪᠠᠶᠢᠴᠠᠭᠠᠵᠤ᠂ ᠴᠢᠬᠤᠯᠠ ᠦᠷ᠎ᠡ ᠳ᠋ᠦᠩ ᠤᠨ ᠬᠡᠷᠡᠭ ᠢ | ᠰᠢᠭᠦᠨ ᠳᠠᠭᠤᠰᠬᠠᠨ᠎ᠠ᠃ | 3. ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠴᠢᠬᠤᠯᠠ ᠵᠠᠬᠢᠳᠠᠯ ᠰᠤᠷᠪᠤᠯᠵᠢᠯᠠᠭ᠎ᠠ᠂ | ᠤᠯᠠᠨ ᠲᠦᠮᠡᠨ ᠬᠠᠮᠲᠤ ᠪᠠᠷ ᠪᠡᠭᠡᠵᠢᠩ ᠳᠤ ᠣᠷᠣᠵᠤ ᠲᠣᠭᠤᠷᠢᠭ᠂ ᠬᠤᠲᠠ᠂ ᠰᠢᠶᠠᠨ ᠳᠤ ᠢᠷᠡᠵᠦ ᠳᠡᠭᠡᠭᠰᠢ | ᠰᠤᠷᠪᠤᠯᠵᠢᠯᠠᠬᠤ ᠪᠠ ᠭᠡᠨᠡᠳᠲᠡ ᠪᠠᠷ ᠳᠡᠭᠡᠭᠰᠢ ᠰᠤᠷᠪᠤᠯᠵᠢᠯᠠᠬᠤ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ︔ | ᠴᠢᠬᠤᠯᠠ ᠪᠦᠬᠦᠢ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ | ᠬᠥᠮᠦᠨ ᠢ ᠰᠢᠢᠳᠪᠦᠷᠢᠯᠡᠬᠦ ᠰᠠᠨᠠᠯ ᠪᠠ ᠰᠠᠨᠠᠭᠤᠯᠭ᠎ᠠ ᠪᠠᠨ ᠳᠤᠷᠠᠳᠤᠨ᠎ᠠ᠃ | 4. ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠲᠥᠰᠦᠭᠡᠯᠡᠵᠦ᠂ ᠭᠦᠨᠵᠡᠭᠡᠶ ᠪᠠᠶᠢᠴᠠᠭᠠᠨ | ᠰᠤᠳᠤᠯᠤᠯᠲᠠ ᠬᠢᠵᠦ᠂ ᠠᠷᠠᠳ ᠣᠯᠠᠨ ᠤ ᠵᠦᠶ ᠵᠣᠬᠢᠰᠲᠠᠶ ᠰᠠᠨᠠᠭᠤᠯᠭ᠎ᠠ ᠶᠢ ᠴᠤᠭᠯᠠᠭᠤᠯᠵᠤ᠂ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠴᠠᠭ | ᠲᠤᠬᠠᠶ ᠳᠤᠨᠢ ᠬᠠᠩᠭᠠᠬᠤ ᠪᠥᠭᠡᠳ ᠴᠢᠬᠤᠯᠠ ᠠᠰᠠᠭᠤᠳᠠᠯ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | 5. ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠴᠤ᠂ ᠠᠵᠢᠯ ᠤᠨ ᠲᠤᠷᠰᠢᠯᠭ᠎ᠠ ᠪᠠᠨ | ᠰᠣᠯᠢᠯᠴᠠᠬᠤ ᠶᠢ ᠵᠣᠬᠢᠶᠠᠨ ᠪᠠᠶᠢᠭᠤᠯᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠵᠠᠬᠢᠳᠠᠯ | ᠰᠤᠷᠪᠤᠯᠵᠢᠯᠠᠭ᠎ᠠ ᠶᠢᠨ ᠺᠠᠳ᠋ᠷᠴᠤᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠵᠠᠬᠢᠳᠠᠯ | ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ | 6. ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠶᠠᠷ ᠬᠤᠷᠠᠯ᠂ ᠰᠢᠶᠠᠨ ᠤ ᠴᠢᠬᠤᠯᠠ | ᠶᠡᠭᠡ ᠪᠠᠶᠠᠷ ᠤᠨ ᠡᠳᠦᠷ᠂ ᠴᠢᠬᠤᠯᠠ ᠠᠵᠢᠯᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠢ | ᠬᠠᠷᠢᠭᠤᠴᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠨ᠎ᠠ᠃ | 7. ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ | ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠭᠠᠵᠠᠷ ᠣᠷᠣᠨ ᠤ ᠬᠤᠭᠤᠷᠣᠨᠳᠣᠬᠢ ᠠᠵᠢᠯᠯᠠᠭ᠎ᠠ ᠶᠢ | ᠵᠣᠬᠢᠴᠠᠭᠤᠯᠤᠨ᠎ᠠ᠃ | 8. ᠰᠢᠶᠠᠨ ᠤ ᠨᠠᠮ ᠤᠨ ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃ | ᠳᠣᠲᠣᠭᠠᠳᠤ ᠪᠠᠶᠢᠭᠤᠯᠤᠮᠵᠢ᠄ | ᠨᠢᠭᠡ᠂ ᠶᠡᠷᠦᠩᠬᠡᠶᠢᠯᠡᠭᠰᠡᠨ ᠠᠯᠪᠠᠨ ᠬᠡᠷ | ᠶᠡᠷᠦᠩᠬᠡᠶ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ | ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠮᠠᠲ᠋ᠧᠷᠢᠶᠠᠯ᠂ ᠲᠠᠩᠰᠠ | ᠡᠪᠬᠡᠮᠡᠯ ᠵᠡᠷᠭᠡ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠲᠤᠭ᠎ᠠ ᠪᠠᠷᠢᠮᠲᠠ ᠶᠢ | ᠪᠦᠷᠢᠳᠬᠡᠬᠦ᠂ ᠨᠡᠪᠲᠡᠷᠡᠭᠦᠯᠦᠨ ᠳᠠᠷᠤᠮᠠᠯᠯᠠᠨ ᠲᠠᠷᠬᠠᠭᠠᠬᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ | ᠲᠤᠭᠤᠷᠪᠢᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ | ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠥᠭᠡᠷᠡᠴᠢᠯᠡᠯᠲᠡ ᠶᠢᠨ ᠡᠭᠦᠷᠭᠡ ᠵᠡᠷᠭᠡ ᠶᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ᠂ ᠵᠠᠰᠠᠭ ᠤᠨ ᠶᠠᠪᠤᠳᠠᠯ ᠤᠨ ᠵᠠᠳᠠᠯᠤᠯᠲᠠ | ᠂ ᠨᠠᠮ ᠤᠨ ᠶᠠᠪᠤᠳᠠᠯ ᠤᠨ ᠵᠠᠳᠠᠯᠤᠯᠲᠠ ᠶᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ | ᠳᠤᠷᠠᠳᠤᠨ᠎ᠠ᠃ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ | ᠵᠣᠬᠢᠴᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠰᠠᠨᠠᠭᠤᠯᠭ᠎ᠠ ᠳᠤᠷᠠᠳᠤᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠰᠣᠨᠢᠨ ᠮᠡᠳᠡᠭᠡᠯᠡᠯ | ᠤᠬᠠᠭᠤᠯᠭ᠎ᠠ ᠶᠢᠨ ᠠᠵᠢᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠵᠢᠴᠢ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠵᠡᠷᠭᠡ ᠶᠢ ᠬᠠᠷᠢᠭᠤᠴᠠᠨ᠎ᠠ᠃ | ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠨᠡᠶᠢᠭᠡᠮ ᠤᠨ ᠳᠠᠭᠠᠳᠬᠠᠯ᠂ | ᠲᠠᠩᠰᠠ ᠡᠪᠬᠡᠮᠡᠯ ᠤᠨ ᠬᠠᠮᠢᠶᠠᠷᠤᠯᠲᠠ᠂ ᠡᠩᠨᠡᠭᠡ ᠶᠢᠨ ᠪᠠᠶᠢᠭᠤᠯᠤᠯᠲᠠ ᠵᠢᠴᠢ ᠠᠵᠢᠯ ᠠᠴᠠ ᠪᠠᠨ ᠠᠮᠠᠷᠠᠭᠰᠠᠳ | ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ | ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠭᠠᠳᠠᠭᠠᠳᠤ ᠲᠠᠢ ᠰᠣᠯᠢᠯᠴᠠᠭ᠎ᠠ ᠬᠢᠬᠦ ᠪᠠ | ᠲᠣᠪᠴᠢᠶᠠᠨ ᠤ ᠭᠠᠳᠠᠭᠠᠳᠤ ᠶᠠᠪᠤᠳᠠᠯ ᠤᠨ ᠠᠵᠢᠯ ᠢ ᠬᠠᠷᠢᠭᠤᠴᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ | ᠡᠭᠦᠷᠭᠡᠯᠡᠨ᠎ᠡ᠃ ᠨᠠᠮ ᠤᠨ ᠡᠭᠦᠷ ᠤᠨ ᠰᠤᠷᠤᠯᠴᠠᠯᠭ᠎ᠠ ᠶᠢᠨ ᠲᠡᠮᠳᠡᠭᠯᠡᠯ᠂ ᠬᠤᠷᠠᠯ ᠤᠨ ᠲᠡᠮᠳᠡᠭᠯᠡᠯ᠂ ᠬᠤᠷᠠᠯ ᠤᠨ | ᠲᠣᠪᠴᠢ ᠲᠡᠮᠳᠡᠭᠯᠡᠯ ᠪᠠ ᠨᠠᠮ ᠤᠨ ᠪᠠᠶᠢᠭᠤᠯᠤᠯᠲᠠ ᠶᠢᠨ ᠠᠵᠢᠯ᠂ ᠶᠠᠳᠠᠭᠤ ᠶᠢ ᠲᠡᠳᠬᠦᠬᠦ ᠠᠵᠢᠯ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠤᠬᠠᠭᠤᠯᠭ᠎ᠠ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠢ ᠬᠠᠷᠢᠭᠤᠴᠠᠨ᠎ᠠ᠃ ᠲᠣᠪᠴᠢᠶᠠᠨ ᠤ ᠤᠳᠤᠷᠢᠳᠤᠯᠭ᠎ᠠ ᠶᠢᠨ | ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | ᠬᠤᠶᠠᠷ᠂ ᠵᠠᠬᠢᠳᠠᠯ ᠬᠡᠷᠡᠭ ᠰᠢᠳᠬᠡᠬᠦ ᠭᠡᠷ | ᠵᠠᠬᠢᠳᠠᠯ ᠬᠡᠷᠡᠭ ᠰᠢᠢᠳᠪᠦᠷᠢᠯᠡᠬᠦ ᠮᠡᠳᠡᠭᠡ ᠵᠠᠩᠭᠢ ᠶᠢᠨ ᠲᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ | ᠵᠠᠬᠢᠳᠠᠯ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ | ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠰᠢᠩ ᠾᠧ ᠰᠢᠶᠠᠨ ᠤ | ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠠ ᠤᠳᠤᠷᠢᠳᠤᠯᠭ᠎ᠠ ᠶᠢᠨ ᠴᠤᠬᠤᠯᠠᠪᠤᠷᠢᠯᠠᠭᠰᠠᠨ ᠵᠠᠬᠢᠳᠠᠯ ᠢ | ᠳᠠᠭᠠᠭᠠᠨ ᠭᠦᠢᠴᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ | ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ | ᠰᠢᠢᠳᠪᠦᠷᠢᠯᠡᠬᠦᠯᠦᠭᠰᠡᠨ ᠵᠠᠬᠢᠳᠠᠯ ᠤᠨ ᠵᠦᠢᠯᠡᠰ ᠢ ᠭᠦᠢᠴᠡᠳᠭᠡᠨ᠎ᠡ᠃ ᠰᠢᠩ ᠾᠧ ᠰᠢᠶᠠᠨ ᠤ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠨ ᠯᠠᠪᠯᠠᠬᠤ ᠳ᠋ᠢᠶᠠᠩᠬᠤᠸᠠ ᠶᠢᠨ ᠠᠵᠢᠯ ᠢ ᠡᠭᠦᠷᠭᠡᠯᠡᠨ᠎ᠡ᠃ ᠡᠯ᠎ᠡ ᠰᠢᠶᠠᠩ ᠪᠠᠯᠭᠠᠰᠤ ᠪᠠ | ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠵᠠᠬᠢᠳᠠᠯ ᠢᠷᠡᠭᠦᠯᠦᠭᠰᠡᠨ ᠤᠴᠢᠷ ᠶᠠᠪᠤᠳᠠᠯ ᠢ | ᠳᠠᠮᠵᠢᠭᠤᠯᠤᠨ ᠬᠦᠷᠭᠡᠵᠦ᠂ ᠲᠤᠰᠢᠶᠠᠨ ᠥᠭᠴᠦ ᠰᠢᠢᠳᠪᠦᠷᠢᠯᠡᠭᠦᠯᠵᠦ᠂ ᠰᠢᠪᠠᠳᠠᠨ ᠰᠢᠢᠳᠪᠦᠷᠢᠯᠡᠬᠦᠯᠦᠨ᠎ᠡ᠃ ᠣᠯᠠᠨ | ᠲᠦᠮᠡᠨ ᠤ ᠢᠷᠡᠭᠦᠯᠦᠭᠰᠡᠨ ᠵᠠᠬᠢᠳᠠᠯ ᠤᠨ ᠪᠠᠶᠢᠳᠠᠯ ᠢ ᠪᠦᠷᠢᠳᠬᠡᠨ ᠵᠠᠳᠠᠯᠵᠤ ᠬᠤᠷᠢᠶᠠᠩᠭᠤᠶᠢᠯᠠᠨ᠂ ᠴᠢᠬᠤᠯᠠ | ᠢᠷᠡᠭᠦᠯᠦᠭᠰᠡᠨ ᠵᠠᠬᠢᠳᠠᠯ ᠳᠤ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠵᠢᠯ ᠤᠨ | ᠰᠠᠨᠠᠭᠤᠯᠭ᠎ᠠ ᠪᠤᠶᠤ ᠰᠠᠨᠠᠯ ᠢᠶᠠᠨ ᠳᠤᠷᠠᠳᠬᠤ ᠬᠡᠷᠡᠭᠲᠡᠶ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ | ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠦᠷᠢᠯᠡᠵᠦ᠂ | ᠰᠤᠳᠤᠯᠵᠤ᠂ ᠮᠡᠳᠡᠭᠦᠯᠦᠨ᠎ᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠦᠯᠢᠶᠡᠨ ᠠᠪᠴᠤ | ᠰᠢᠢᠳᠪᠦᠷᠢᠯᠡᠭᠰᠡᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢᠨ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠲᠤᠰᠢᠶᠠᠨ ᠰᠢᠢᠳᠪᠦᠷᠢᠯᠡᠬᠦᠯᠬᠦ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ ᠳᠠᠭᠠᠭᠠᠨ | ᠰᠢᠢᠳᠪᠦᠷᠢᠯᠡᠨ᠎ᠡ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ | ᠵᠠᠬᠢᠳᠠᠯ ᠴᠢᠮᠡᠭᠡ ᠰᠢᠢᠳᠪᠦᠷᠢᠯᠡᠬᠦ ᠠᠵᠢᠯ ᠢ ᠪᠠᠶᠢᠴᠠᠭᠠᠨ ᠵᠢᠯᠣᠭᠤᠳᠤᠨ᠎ᠠ᠃ ᠠᠷᠠᠳ ᠢᠷᠭᠡᠨ᠂ ᠬᠠᠤᠯᠢ ᠶᠢᠨ ᠬᠥᠮᠦᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠡᠷᠢᠭᠦᠯᠡᠭᠴᠢ ᠶᠢᠨ ᠵᠠᠬᠢᠳᠠᠯ ᠤᠨ ᠬᠠᠶᠢᠷᠴᠠᠭ᠂ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠦᠯᠵᠢᠶᠡᠨ ᠦᠷᠳᠡᠭᠡ ᠵᠡᠷᠭᠡ ᠲᠣᠣᠷ ᠰᠦᠯᠵᠢᠶᠡᠨ ᠤ ᠠᠷᠭ᠎ᠠ ᠵᠠᠮ ᠢᠶᠠᠷ | ᠳᠠᠮᠵᠢᠭᠤᠯᠤᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠵᠤ᠂ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ᠂ | ᠲᠤᠰᠢᠶᠠᠨ ᠰᠢᠢᠳᠪᠦᠷᠢᠯᠡᠭᠦᠯᠬᠦ᠂ ᠰᠢᠪᠠᠳᠠᠨ ᠰᠢᠢᠳᠪᠦᠷᠢᠯᠡᠭᠦᠯᠦᠨ᠎ᠡ᠃ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠦᠷᠢᠯᠡᠬᠦᠯᠦᠭᠰᠡᠨ | ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠨ᠎ᠡ᠃ ᠰᠦᠯᠵᠢᠶᠡᠨ ᠤ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠡᠯ᠎ᠡ | ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ | ᠮᠡᠳᠡᠭᠡ ᠵᠠᠩᠭᠢ ᠶᠢᠨ ᠰᠢᠰᠲ᠋ᠧᠮ ᠢ ᠳᠡᠯᠭᠡᠷᠡᠭᠦᠯᠬᠦ᠂ ᠡᠵᠡᠩᠨᠡᠬᠦ᠂ ᠬᠠᠮᠠᠭᠠᠯᠠᠬᠤ ᠶᠢ ᠬᠠᠷᠢᠭᠤᠴᠠᠨ᠎ᠠ᠃ ᠪᠦᠬᠦ | ᠲᠠᠯ᠎ᠠ ᠶᠢᠨ ᠲᠣᠣᠷ ᠰᠦᠯᠵᠢᠶᠡᠨ ᠤ ᠬᠡᠷᠡᠭᠯᠡᠯᠲᠡ ᠶᠢᠨ ᠮᠡᠷᠭᠡᠵᠢᠯ ᠤᠨ ᠳᠡᠮᠵᠢᠯᠭᠡ ᠪᠠ ᠵᠥᠭᠡᠯᠡᠨ ᠬᠠᠲᠠᠭᠤ ᠬᠡᠷᠡᠭᠰᠡᠯ ᠤᠨ | ᠵᠢᠯᠣᠭᠤᠳᠬᠤ ᠠᠵᠢᠯ ᠢ ᠬᠠᠷᠢᠭᠤᠴᠠᠨ᠎ᠠ︔ ᠡᠭᠦᠳᠡ ᠡᠷᠦᠬᠡ ᠶᠢᠨ ᠰᠦᠯᠵᠢᠶᠡᠨ ᠥᠷᠲᠡᠭᠡ᠂ ᠸᠢᠴᠠᠲ ᠤᠨ | ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠡᠵᠡᠩᠨᠡᠯᠲᠡ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ︔ | ᠪᠥᠬᠦ ᠰᠢᠶᠠᠨ ᠤ ᠥᠪᠥᠷ ᠮᠣᠩᠭᠤᠯ ᠤᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠪᠦᠷᠢᠳᠬᠡᠨ | ᠵᠠᠳᠠᠯᠬᠤ ᠰᠢᠰᠲ᠋ᠧᠮ ᠤᠨ ᠳᠡᠯᠭᠡᠷᠡᠭᠦᠯᠦᠯᠲᠡ᠂ ᠪᠣᠯᠪᠠᠰᠤᠷᠠᠭᠤᠯᠤᠯ᠂ ᠡᠵᠡᠩᠨᠡᠯᠲᠡ᠂ ᠬᠠᠮᠠᠭᠠᠯᠠᠯᠲᠠ ᠶᠢ ᠬᠠᠷᠢᠭᠤᠴᠠᠨ᠎ᠠ︔ | ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠣᠶᠤᠨᠴᠢ ᠵᠠᠳᠠᠯᠤᠯᠲᠠ ᠶᠢᠨ ᠤᠷᠢᠳᠴᠢᠯᠠᠨ ᠰᠡᠷᠡᠮᠵᠢᠯᠡᠭᠦᠯᠬᠦ | ᠰᠢᠰᠲ᠋ᠧᠮ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠰᠢᠢᠳᠪᠦᠷᠢᠯᠡᠬᠦ ᠬᠡᠷ | ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ | ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠪᠦᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠶᠢ ᠬᠠᠷᠢᠭᠤᠴᠠᠨ᠎ᠠ᠃ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠪᠠᠳᠠᠨ | ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠦᠨ᠎ᠡ᠃ ︽ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠪᠠ ᠠᠵᠢᠯᠲᠠᠨ ᠤ ᠶᠠᠪᠤᠳᠠᠯ ᠢ ᠰᠠᠯᠭᠠᠭᠰᠠᠨ᠂ ᠬᠥᠮᠦᠨ ᠪᠠ | ᠡᠷᠦᠬᠡ ᠶᠢ ᠰᠠᠯᠭᠠᠭᠰᠠᠨ ᠠᠵᠢᠯᠲᠠᠨ ᠤ ᠶᠠᠪᠤᠳᠠᠯ ᠪᠠ ᠡᠷᠦᠬᠡ ᠶᠢ ᠰᠠᠯᠭᠠᠭᠰᠠᠨ︾ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠵᠣᠬᠢᠴᠠᠭᠤᠯᠤᠨ ᠵᠣᠯᠭᠠᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠨᠴᠠᠭᠠᠶ | ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠬᠠᠮᠢᠶᠠᠷᠤᠨ | ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ ᠠᠵᠢᠯ ᠢᠶᠠᠨ ᠬᠠᠯᠠᠨ | ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ᠃ ᠡᠯ᠎ᠡ | ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ | ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠠᠵᠢᠯ ᠢ ᠵᠢᠯᠣᠭᠤᠳᠤᠨ ᠪᠠᠶᠢᠴᠠᠭᠠᠨ᠎ᠠ᠃ | ᠲᠦᠷᠪᠡ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠭᠡᠷ | ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠤᠨ ᠡᠭᠦᠷᠭᠡ ᠬᠠᠷᠢᠭᠤᠴᠠᠯᠭ᠎ᠠ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠰᠤᠷᠪᠤᠯᠵᠢᠯᠠᠬᠤ ᠪᠠᠷ ᠢᠷᠡᠭᠰᠡᠳ ᠤᠨ | ᠮᠡᠳᠡᠭᠡ ᠵᠠᠩᠭᠢ ᠶᠢ ᠳᠠᠩᠰᠠᠯᠠᠬᠤ ᠶᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤᠴᠠᠯᠭᠠᠲᠤ ᠰᠠᠯᠠᠭ᠎ᠠ | ᠮᠥᠴᠢᠷ ᠲᠤ ᠰᠢᠯᠵᠢᠭᠦᠯᠦᠨ ᠲᠤᠰᠢᠶᠠᠬᠤ ᠶᠢ ᠬᠠᠷᠢᠭᠤᠴᠠᠨ᠎ᠠ᠃ | ᠭᠤᠣᠯ ᠬᠠᠷᠢᠭᠤᠴᠠᠯᠭᠠᠲᠠᠨ᠄ ᠪᠠᠢ ᠬᠤᠩ | ᠠᠵᠢᠯᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00 ᠦᠳᠡ ᠶᠢᠨ | ᠬᠤᠶᠢᠨᠠᠬᠢ 14᠄ 30 — 18᠄ 00 | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠰᠢᠨ ᠴᠧᠩ ᠲᠣᠭᠤᠷᠢᠭ ᠤᠨ | ᠨᠢᠭᠡᠳᠦᠭᠡᠷ ᠵᠠᠰᠠᠮᠠᠯ ᠵᠠᠮ ᠤᠨ ᠤᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ ᠶᠢᠨ ᠠᠰᠠᠷ ︵ᠠᠯᠲᠠᠨ ᠭᠠᠶᠢᠯᠢ ᠶᠢᠨ | ᠪᠠᠭᠤᠳᠠᠯ ᠤᠨ ᠵᠡᠭᠦᠨ ᠲᠠᠯ᠎ᠠ︶ | ᠬᠠᠷᠢᠯᠴᠠᠬᠤ ᠤᠲᠠᠰᠤ᠄ 0474 — 7210038 | ᠰᠢᠦᠳᠠᠨ ᠬᠠᠶᠢᠷᠴᠠᠭ᠄ xhxfjhsx@163.com | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |