ᠰᠢᠩ ᠾᠧ ᠰᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 20᠎ ᠤ ᠡᠳᠦᠷ ᠠᠴᠠ 26᠎ ᠤ ᠡᠳᠦᠷ ᠪᠣᠯᠲᠠᠯ᠎ᠠ ᠪᠣᠯ ᠪᠦᠬᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠪᠠᠶᠢᠵᠤ᠂ ᠥᠷᠭᠡᠨ ᠤᠯᠠᠨ ᠠᠷᠠᠳ ᠲᠦᠮᠡᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠪᠠᠷ ᠵᠠᠰᠠᠬᠤ ᠬᠠᠯᠬᠠᠪᠴᠢ ᠶᠢ ᠪᠠᠬᠢᠵᠢᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠤᠢ ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠶᠢᠨ ᠲᠥᠯᠥᠭᠡ ᠶᠤᠮ᠃ 4 ᠰᠠᠷ᠎ᠠ ᠶᠢᠨ 25᠎ ᠤ ᠡᠳᠦᠷ᠂ ᠰᠢᠩ ᠾᠧ ᠰᠢᠶᠠᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠢᠴᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ ᠰᠢᠨ᠎ᠡ ᠱᠢ ᠵᠢᠢ ᠠᠭᠤᠳᠠᠮ ᠲᠠᠯᠠᠪᠠᠢ ᠳᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠤᠨ ᠬᠡᠷᠡᠭᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠶᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠭᠤᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠭᠰᠠᠨ ᠪᠥᠭᠡᠳ ᠬᠠᠭᠤᠷᠮᠠᠭ ᠮᠠᠭᠤ ᠤᠶᠢᠯᠡᠳᠭᠦᠨ ᠢ ᠬᠡᠷᠬᠢᠨ ᠬᠤᠷᠢᠭᠯᠠᠬᠤ᠂ ᠡᠷᠬᠡ ᠪᠠᠨ ᠬᠠᠮᠠᠭᠠᠯᠠᠵᠤ ᠬᠠᠮᠠᠭᠠᠯᠠᠬᠤ ᠵᠡᠷᠭᠡ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠩᠭ᠎ᠠ ᠬᠠᠮᠠᠭᠠᠯᠠᠬᠤ ᠪᠠ ᠵᠦᠶ ᠵᠣᠬᠢᠰᠲᠠᠶ ᠬᠡᠷᠡᠭᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠬᠤ ᠶᠢ ᠠᠬᠢᠭᠤᠯᠪᠠ᠃      ᠳᠠᠷᠠᠭ᠎ᠠ ᠨᠢ᠂ ᠠᠵᠢᠯᠲᠠᠳ ᠰᠢᠩ ᠾᠧ ᠰᠢᠶᠠᠨ ᠤ ᠱᠠᠨ ᠾᠧ ᠲᠧ ᠭᠠᠩ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢᠨ ᠴᠢᠬᠤᠯᠠ ᠴᠢᠨᠠᠷ᠂ ᠬᠠᠮᠠᠭᠠᠯᠠᠬᠤ ᠬᠡᠪᠴᠢᠶ᠎ᠡ᠂ ᠡᠷᠬᠡ ᠳᠤ ᠬᠠᠯᠳᠠᠭᠰᠠᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ ᠳ᠋ᠦᠩ ᠵᠢᠴᠢ ᠡᠷᠬᠡ ᠪᠠᠨ ᠬᠠᠮᠠᠭᠠᠯᠠᠬᠤ ᠠᠷᠭ᠎ᠠ ᠵᠠᠮ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠬᠠᠮᠢᠶ᠎ᠠ ᠪᠥᠬᠦᠶ ᠬᠡᠷᠡᠭ ᠲᠠᠢ ᠤᠶᠠᠯᠳᠤᠭᠤᠯᠤᠨ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ ᠲᠤᠯᠭᠠᠷᠠᠵᠤ ᠮᠡᠳᠡᠬᠦ ᠬᠠᠤᠯᠢ ᠴᠠᠭᠠᠵᠠ ᠶᠢᠨ ᠲᠦᠭᠰᠢᠭᠦᠷᠢ ᠶᠢ ᠵᠠᠳᠠᠯᠵᠤ᠂ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠵᠤ᠂ ᠥᠪᠡᠷ ᠤᠨ ᠡᠷᠬᠡ ᠠᠰᠢᠭ ᠢᠶᠠᠨ ᠵᠥᠪ ᠢᠶᠠᠷ ᠬᠡᠷᠡᠭᠵᠢᠭᠦᠯᠬᠦ ᠪᠠ ᠬᠠᠮᠠᠭᠠᠯᠠᠭᠤᠯᠪᠠ᠃      ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠣᠨᠴᠠᠯᠢᠭ ᠢ ᠴᠢᠩᠭ᠎ᠠ ᠠᠩᠬᠠᠷᠴᠤ᠂ ︽ᠺᠦᠨᠯᠦ᠋ᠨ 2024︾ ᠲᠤᠰᠬᠠᠶ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠡᠯ᠎ᠡ ᠲᠥᠷᠥᠯ ᠤᠨ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠲᠣᠪᠤᠶᠢᠮ᠎ᠠ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠣᠯᠠᠨ ᠲᠦᠮᠡᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠨᠥᠯᠥᠭᠡᠯᠡᠵᠦ ᠮᠡᠳᠡᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠰᠢᠩ ᠾᠧ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3