4 ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ ᠪᠣᠯ ᠪᠦᠬᠦ ᠤᠯᠤᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠪᠠᠶᠢᠵᠤ᠂ ᠥᠷᠭᠡᠨ ᠤᠯᠠᠨ ᠠᠷᠠᠳ ᠲᠦᠮᠡᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠤᠯᠢ ᠪᠠᠷ ᠵᠠᠰᠠᠬᠤ ᠬᠠᠯᠬᠠᠪᠴᠢ ᠶᠢ ᠪᠠᠬᠢᠵᠢᠭᠦᠯᠵᠦ᠂ ᠰᠠᠶᠢᠨ | ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠠ ᠰᠢᠨ᠎ᠡ ᠶᠢ ᠡᠭᠦᠳᠬᠦ ᠠᠭᠤᠷ ᠠᠮᠢᠰᠬᠤᠯ ᠢ ᠪᠤᠢ | ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠶᠢᠨ ᠲᠥᠯᠥᠭᠡ ᠶᠤᠮ᠃ 4 | ᠰᠠᠷ᠎ᠠ ᠶᠢᠨ 25 ᠤ ᠡᠳᠦᠷ᠂ ᠰᠢᠩ ᠾᠧ ᠰᠢᠶᠠᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ ᠵᠢᠴᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ | ᠰᠢᠨ᠎ᠡ ᠱᠢ ᠵᠢᠢ ᠠᠭᠤᠳᠠᠮ ᠲᠠᠯᠠᠪᠠᠢ ᠳᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠤᠨ | ᠬᠡᠷᠡᠭᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠭᠤᠣᠯ ᠰᠡᠳᠦᠪᠲᠦ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠥᠩᠭᠡᠲᠦ | ᠬᠠᠭᠤᠳᠠᠰᠤ ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ᠂ ᠤᠶᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠭᠤᠯᠭ᠎ᠠ ᠶᠢ | ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠭᠰᠠᠨ ᠪᠥᠭᠡᠳ ᠬᠠᠭᠤᠷᠮᠠᠭ ᠮᠠᠭᠤ ᠤᠶᠢᠯᠡᠳᠭᠦᠨ ᠢ ᠬᠡᠷᠬᠢᠨ | ᠬᠤᠷᠢᠭᠯᠠᠬᠤ᠂ ᠡᠷᠬᠡ ᠪᠠᠨ ᠬᠠᠮᠠᠭᠠᠯᠠᠵᠤ ᠬᠠᠮᠠᠭᠠᠯᠠᠬᠤ ᠵᠡᠷᠭᠡ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠩᠭ᠎ᠠ ᠬᠠᠮᠠᠭᠠᠯᠠᠬᠤ ᠪᠠ ᠵᠦᠶ ᠵᠣᠬᠢᠰᠲᠠᠶ ᠬᠡᠷᠡᠭᠯᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠶᠢᠯᠠᠭᠠᠭᠳᠠᠬᠤᠨ ᠢ ᠬᠥᠮᠦᠰ ᠤᠨ | ᠰᠡᠳᠬᠢᠯ ᠳᠤ ᠨᠠᠩ ᠭᠦᠨ ᠬᠠᠳᠠᠩᠰᠢᠭᠤᠯᠬᠤ ᠶᠢ ᠠᠬᠢᠭᠤᠯᠪᠠ᠃ | ᠳᠠᠷᠠᠭ᠎ᠠ ᠨᠢ᠂ ᠠᠵᠢᠯᠲᠠᠳ ᠰᠢᠩ ᠾᠧ ᠰᠢᠶᠠᠨ ᠤ ᠱᠠᠨ ᠾᠧ ᠲᠧ ᠭᠠᠩ ᠬᠢᠵᠠᠭᠠᠷᠲᠤ ᠺᠣᠮᠫᠠᠨᠢ ᠳᠤ | ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠤ ᠣᠷᠣᠯᠴᠠᠭᠰᠠᠨ ᠠᠵᠤ | ᠠᠬᠤᠶᠢᠯᠠᠯ ᠤᠨ ᠲᠥᠯᠥᠭᠡᠯᠡᠭᠴᠢᠳ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢᠨ | ᠴᠢᠬᠤᠯᠠ ᠴᠢᠨᠠᠷ᠂ ᠬᠠᠮᠠᠭᠠᠯᠠᠬᠤ ᠬᠡᠪᠴᠢᠶ᠎ᠡ᠂ ᠡᠷᠬᠡ ᠳᠤ ᠬᠠᠯᠳᠠᠭᠰᠠᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠦᠷ᠎ᠡ | ᠳ᠋ᠦᠩ ᠵᠢᠴᠢ ᠡᠷᠬᠡ ᠪᠠᠨ ᠬᠠᠮᠠᠭᠠᠯᠠᠬᠤ ᠠᠷᠭ᠎ᠠ ᠵᠠᠮ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ | ᠲᠠᠶᠢᠯᠪᠤᠷᠢᠯᠠᠨ ᠥᠭᠴᠦ᠂ ᠬᠠᠮᠢᠶ᠎ᠠ ᠪᠥᠬᠦᠶ ᠬᠡᠷᠡᠭ ᠲᠠᠢ ᠤᠶᠠᠯᠳᠤᠭᠤᠯᠤᠨ ᠠᠵᠤ ᠠᠬᠤᠶᠢᠯᠠᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠠᠯ᠎ᠠ ᠪᠠᠷ ᠲᠤᠯᠭᠠᠷᠠᠵᠤ ᠮᠡᠳᠡᠬᠦ ᠬᠠᠤᠯᠢ ᠴᠠᠭᠠᠵᠠ ᠶᠢᠨ | ᠲᠦᠭᠰᠢᠭᠦᠷᠢ ᠶᠢ ᠵᠠᠳᠠᠯᠵᠤ᠂ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠭᠤᠯᠵᠤ᠂ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠦᠨᠳᠦᠳᠬᠡᠬᠦ ᠪᠠ ᠬᠠᠮᠠᠭᠠᠯᠠᠵᠤ᠂ ᠥᠪᠡᠷ ᠤᠨ ᠡᠷᠬᠡ ᠠᠰᠢᠭ ᠢᠶᠠᠨ ᠵᠥᠪ ᠢᠶᠠᠷ ᠬᠡᠷᠡᠭᠵᠢᠭᠦᠯᠬᠦ ᠪᠠ ᠬᠠᠮᠠᠭᠠᠯᠠᠭᠤᠯᠪᠠ᠃ | ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠣᠨᠴᠠᠯᠢᠭ ᠢ ᠴᠢᠩᠭ᠎ᠠ ᠠᠩᠬᠠᠷᠴᠤ᠂ ︽ | ᠺᠦᠨᠯᠦ᠋ᠨ 2024︾ ᠲᠤᠰᠬᠠᠶ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠡᠯ᠎ᠡ ᠲᠥᠷᠥᠯ ᠤᠨ ᠬᠠᠭᠤᠷᠮᠠᠭ | ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠲᠣᠪᠤᠶᠢᠮ᠎ᠠ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠣᠯᠠᠨ ᠲᠦᠮᠡᠨ᠂ | ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠨᠥᠯᠥᠭᠡᠯᠡᠵᠦ ᠮᠡᠳᠡᠬᠦ ᠠᠶᠤᠯ ᠲᠦᠭᠰᠢᠭᠦᠷᠢ ᠶᠢᠨ ᠳᠠᠯᠳᠠ | ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠰᠢᠩ ᠾᠧ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠣᠯᠤᠨ᠎ᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |