ᠰᠢᠩ ᠾᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠰᠢᠩ ᠾᠧ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠡᠯᠡᠯ
ᠨᠡᠶᠢᠲᠡᠯᠡᠭᠰᠡᠨ ᠴᠠᠭ᠄
2024/4/28
     ᠰᠢᠶᠠᠨ ᠤ ᠨᠠᠮ ᠤᠨ ᠬᠤᠷᠢᠶ᠎ᠠ ᠪᠠ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 2023 ᠣᠨ ᠤ 8 ᠰᠠᠷ᠎ᠠ ᠶᠢᠨ 7᠎ ᠤ ᠡᠳᠦᠷ ᠠᠴᠠ 10 ᠰᠠᠷ᠎ᠠ ᠶᠢᠨ 31᠎ ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠲᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠬᠢᠵᠦ᠂ 12 ᠰᠠᠷ᠎ᠠ ᠶᠢᠨ 26᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠰᠢᠩ ᠾᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠲᠤ ᠴᠠᠭᠳᠠᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ ᠡᠳᠦᠭᠡ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤ ᠲᠤᠰᠬᠠᠭᠰᠠᠨ ᠪᠠᠶᠢᠳᠠᠯ ᠢ ᠨᠡᠶᠢᠲᠡᠯᠡᠪᠡ᠃      ᠨᠢᠭᠡ᠂ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠯᠬᠢᠨ ᠠᠬᠢᠭᠤᠯᠬᠤ ᠬᠡᠷᠡᠭᠲᠡᠢ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃      ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠠᠮ ᠤᠨ ᠡᠭᠦᠷ ᠤᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠪᠦᠷᠢᠯᠳᠦᠬᠦᠨ ᠨᠢ ᠨᠠᠮ ᠤᠨ ᠡᠭᠦᠷ ᠤᠨ ᠪᠦᠷᠢᠯᠳᠦᠬᠦᠨ ᠵᠢᠴᠢ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠨ᠎ᠡ      ︵ᠬᠤᠶᠠᠷ︶ ᠬᠠᠷᠢᠭᠤᠴᠠᠯᠭ᠎ᠠ ᠶᠢᠨ ᠬᠤᠪᠢᠶᠠᠷᠢᠯᠠᠯ ᠢ ᠪᠣᠳᠠᠲᠠᠢ ᠠᠳᠬᠤᠪᠠ᠃      ᠤᠯᠠᠨ ᠤᠳᠠᠭ᠎ᠠ ᠲᠡᠭᠦᠯᠳᠡᠷᠵᠢᠭᠰᠡᠨ᠂ ᠮᠠᠨ ᠤ ᠭᠤᠣᠯ ᠪᠣᠯᠬᠤ ︽ᠠᠷᠪᠠᠨ ᠲᠠᠪᠤᠳᠤᠭᠠᠷ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾᠎ ᠢ ᠪᠦᠷᠢᠯᠳᠦᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠵᠡᠷᠭᠡ ᠵᠢᠷᠭᠤᠭᠠᠨ ᠲᠠᠯ᠎ᠠ ᠪᠠᠷ ᠭᠤᠣᠯ ᠴᠡᠭᠴᠡᠯᠡᠨ ᠰᠠᠶᠢᠵᠢᠷᠠᠭᠤᠯᠬᠤ ᠠᠭᠤᠯᠭ᠎ᠠ ᠪᠣᠯᠭᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠡᠬᠡ ᠳᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠲᠣᠭᠲᠠᠭᠠᠪᠠ᠃      ᠬᠤᠶᠠᠷ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ      ᠪᠢ ᠭᠤᠣᠯᠳᠠᠭᠤ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠪᠠ ᠳᠤᠷᠠᠳᠤᠭᠰᠠᠨ ᠰᠠᠨᠠᠯ ᠰᠠᠨᠠᠭᠤᠯᠭ᠎ᠠ ᠶᠢᠨ ᠲᠣᠭᠤᠷᠢᠨ ᠳᠤ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤᠮᠳᠠ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠠᠬᠢ 11 ᠪᠣᠳᠠᠲᠠᠶ ᠠᠰᠠᠭᠤᠳᠠᠯ ᠳᠤ ᠴᠢᠭᠯᠡᠭᠦᠯᠦᠨ᠂ 11 ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠪᠠ᠃ ᠥᠪᠡᠷ ᠢ ᠪᠠᠨ ᠦᠨᠡᠯᠡᠬᠦ ᠪᠠᠷ ᠳᠡᠮᠵᠢᠨ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ 11 ᠠᠰᠠᠭᠤᠳᠠᠯ ᠨᠢ ᠨᠢᠭᠡᠨᠲᠡ 10᠎ ᠶᠢ ᠪᠡᠶᠡᠯᠡᠭᠦᠯᠵᠦ᠂ ᠱᠠᠲᠤ ᠦᠶ᠎ᠡ ᠶᠢᠨ ᠴᠢᠨᠠᠷᠲᠠᠶ 1 ᠦᠷ᠎ᠡ ᠪᠦᠲᠦᠮᠵᠢ ᠣᠯᠵᠤ᠂ 0᠎ ᠶᠢ ᠪᠡᠶᠡᠯᠡᠭᠦᠯᠦᠭᠰᠡᠨ ᠥᠬᠡᠶ᠃      ︵ᠨᠢᠭᠡ︶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠲᠠᠢ ᠨᠠᠶᠢᠳᠠᠪᠤᠷᠢᠵᠢᠭᠤᠯᠤᠭᠰᠠᠨ  ᠦᠭᠡᠢ᠃      1. ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠦᠨᠵᠡᠭᠡᠢ ᠦᠭᠡᠢ᠃ 2021 ᠣᠨ ᠳᠤ ᠵᠣᠬᠢᠶᠠᠨ ᠪᠠᠶᠢᠭᠤᠯᠵᠤ ᠥᠷᠨᠢᠭᠦᠯᠦᠭᠰᠡᠨ ᠲᠥᠪᠯᠡᠷᠡᠭᠦᠯᠦᠨ ᠰᠤᠷᠤᠯᠴᠠᠬᠤ ᠳᠤᠮᠳᠠ᠂ ᠣᠨᠴᠠ ᠵᠠᠷᠢᠮ ᠲᠥᠪᠯᠡᠷᠡᠭᠦᠯᠦᠨ ᠰᠤᠷᠤᠯᠴᠠᠬᠤ ᠬᠤᠷᠠᠯ ᠨᠢ ᠵᠥᠪᠬᠡᠨ ᠨᠠᠮ ᠤᠨ ᠭᠡᠰᠢᠭᠦᠨ 3 - 5 ᠬᠥᠮᠦᠨ ᠣᠷᠣᠯᠴᠠᠵᠤ᠂ ᠨᠠᠮ ᠤᠨ ᠭᠡᠰᠢᠭᠦᠨ ᠲᠥᠪᠯᠡᠷᠡᠭᠦᠯᠦᠨ ᠰᠤᠷᠤᠯᠴᠠᠬᠤ ᠬᠤᠷᠠᠯ ᠳᠤ ᠣᠷᠣᠯᠴᠠᠭᠰᠠᠨ ᠬᠥᠮᠦᠰ ᠨᠡᠯᠢᠶᠡᠳ ᠴᠥᠭᠡᠨ ᠪᠥᠭᠡᠳ ᠰᠤᠷᠤᠯᠴᠠᠯᠭ᠎ᠠ ᠨᠢ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠠ ᠪᠣᠳᠠᠲᠠᠶ ᠠᠵᠢᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠪᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠮᠠᠨ ᠤ ᠲᠥᠪ ᠴᠠᠭ ᠲᠤᠬᠠᠢ ᠳᠤᠨᠢ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠲᠤ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠠ ᠡᠯ᠎ᠡ ᠲᠠᠰᠤᠭ ᠤᠨ ᠪᠣᠳᠠᠲᠠᠢ ᠠᠵᠢᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠠᠷ ᠦᠢᠯᠡᠳᠦᠯᠭᠡ ᠶᠢ ᠵᠢᠯᠤᠭᠤᠳᠬᠤ ᠶᠢ ᠦᠨᠡᠨᠬᠦ ᠪᠡᠶᠡᠯᠡᠭᠦᠯᠪᠡ᠃ ᠬᠤᠶᠢᠰᠢᠳᠠ ᠥᠷᠨᠢᠭᠦᠯᠦᠭᠰᠡᠨ ᠨᠠᠮ ᠤᠨ ᠭᠡᠰᠢᠭᠦᠨ ᠺᠠᠳ᠋ᠷ ᠪᠦᠬᠦᠨ ᠢᠶᠠᠷ ᠢᠶᠠᠨ ᠣᠷᠣᠯᠴᠠᠵᠤ᠂ ᠬᠡᠷᠪᠡ ᠣᠨᠴᠠᠭᠠᠢ ᠪᠠᠶᠢᠳᠠᠯ ᠲᠠᠢ ᠪᠣᠯ ᠴᠢᠯᠥᠭᠡ ᠭᠤᠶᠤᠬᠤ ᠭᠠᠷ ᠭᠦᠢᠴᠡᠳᠬᠡᠯ ᠢ ᠰᠠᠶᠢᠲᠤᠷ ᠭᠦᠢᠴᠡᠳᠬᠡᠨ᠎ᠡ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      2. ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠳᠠᠲᠠᠶᠢᠵᠢᠭᠤᠯᠤᠭᠰᠠᠨ ᠦᠭᠡᠢ᠃ 2022 ᠣᠨ ᠳᠤ ᠦᠵᠡᠯ ᠤᠬᠠᠮᠰᠠᠷ ᠤᠨ ᠬᠡᠯᠪᠡᠷᠢ ᠶᠢᠨ ᠰᠤᠳᠤᠯᠤᠨ ᠮᠠᠭᠠᠳᠯᠠᠵᠤ ᠵᠠᠳᠠᠯᠤᠯᠲᠠ ᠬᠢᠭᠰᠡᠨ ᠦᠭᠡᠢ᠂ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠲᠡᠮᠳᠡᠭᠯᠡᠯ ᠪᠠᠶᠢᠬᠤ ᠦᠭᠡᠢ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠤᠳᠤᠯᠤᠨ ᠪᠠᠶᠢᠷᠢᠯᠠᠭᠤᠯᠬᠤ ᠬᠠᠮᠢᠶ᠎ᠠ ᠪᠦᠬᠦᠢ ᠮᠠᠲ᠋ᠧᠷᠢᠶᠠᠯ ᠢ ᠣᠯᠵᠤ ᠦᠵᠡᠭᠡ ᠦᠭᠡᠢ᠃ ᠣᠨ ᠤ ᠤᠳᠤᠷᠢᠳᠬᠤ ᠪᠠᠭ ᠤᠨ ᠲᠤᠰᠢᠶᠠᠯ ᠤᠨ ᠮᠡᠳᠡᠭᠦᠯᠦᠯᠲᠡ ᠳᠤᠮᠳᠠ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶ᠎ᠠ ᠪᠦᠬᠦᠢ ᠠᠭᠤᠯᠭ᠎ᠠ ᠶᠢ ᠢᠯᠡᠷᠡᠭᠦᠯᠦᠭᠰᠡᠨ ᠦᠭᠡᠢ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ 2024 ᠣᠨ ᠳᠤ ᠮᠠᠨ ᠤ ᠲᠥᠪ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠠᠶᠢᠷᠢᠯᠠᠭᠤᠯᠤᠭᠰᠠᠨ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠪᠠ᠃ ᠬᠤᠶᠠᠷ ᠲᠤ᠂ 2023 ᠣᠨ ᠤ ᠤᠳᠤᠷᠢᠳᠬᠤ ᠪᠠᠭ ᠤᠨ ᠲᠤᠰᠢᠶᠠᠯ ᠤᠨ ᠮᠡᠳᠡᠭᠦᠯᠦᠯᠲᠡ ᠳᠡᠭᠡᠨ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶ᠎ᠠ ᠪᠥᠬᠦᠶ ᠠᠵᠢᠯ ᠢ ᠢᠯᠡᠷᠡᠭᠦᠯᠪᠡ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      ︵ᠬᠤᠶᠠᠷ︶ ᠣᠯᠠᠨ ᠲᠦᠮᠡᠨ ᠤ ᠳᠡᠷᠭᠡᠳᠡ ᠢᠯᠵᠠᠷᠠᠨ ᠳᠣᠷᠦ᠋ᠢᠲᠠᠭᠰᠠᠨ ᠠᠰᠠᠭᠤᠳᠠᠯ ᠪᠠ ᠲᠥᠪ ᠪᠤᠰᠤ ᠰᠤᠷᠲᠠᠯ ᠮᠥᠨ ᠯᠡ ᠣᠷᠣᠰᠢᠭᠰᠠᠭᠠᠷ ᠪᠠᠶᠢᠨ᠎ᠠ      3. ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠢᠨᠠᠨ ᠡᠵᠡᠮᠳᠡᠬᠦ ᠲᠠᠯ᠎ᠠ ᠪᠠᠷ ᠬᠦᠷᠦᠯᠴᠡᠬᠦ ᠦᠭᠡᠢ᠃ ᠪᠦᠬᠦ ᠰᠢᠶᠠᠨ ᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠲᠤᠬᠢᠭᠤᠷ ᠲᠤᠯᠤᠭᠠᠨ ᠤᠳᠤ ᠣᠷᠣᠨ ᠪᠠᠶᠢᠷᠢ ᠲᠣᠭᠲᠠᠭᠠᠨ ᠬᠢᠨᠠᠨ ᠡᠵᠡᠮᠳᠡᠵᠦ ᠴᠠᠭᠳᠠᠨ ᠪᠠᠶᠢᠴᠠᠭᠠᠬᠤ ᠶᠠᠪᠤᠴᠠ ᠳᠤ᠂ ᠣᠨᠴᠠ ᠵᠠᠷᠢᠮ ᠲᠡᠷᠭᠡ ᠬᠥᠰᠬᠡ ᠶᠢᠨ ᠣᠷᠣᠨ ᠪᠠᠶᠢᠷᠢ ᠲᠣᠭᠲᠠᠭᠠᠨ ᠬᠢᠨᠠᠨ ᠡᠵᠡᠮᠳᠡᠬᠦ ᠬᠡᠪ ᠤᠨ ᠪᠤᠰᠤ ᠪᠠᠶᠢᠳᠠᠯ ᠢ ᠢᠯᠡᠷᠡᠭᠦᠯᠵᠦ᠂ ᠶᠠᠪᠤᠬᠤ ᠵᠠᠮ ᠦᠭᠡᠢ ᠪᠠᠶᠢᠬᠤ ᠶᠢ ᠣᠯᠵᠤ ᠮᠡᠳᠡᠪᠡ᠃ ᠵᠢᠱᠢᠶᠡᠯᠡᠪᠡᠯ᠂ 2021 ᠣᠨ ᠤ 12 ᠰᠠᠷ᠎ᠠ ᠠᠴᠠ ᠨᠠᠰᠢ᠂ ᠥᠪᠥᠷ ᠮᠣᠩᠭᠤᠯ ᠤᠨ J41485᠂ ᠮᠣᠩᠭᠤᠯ J65095 ᠵᠡᠷᠭᠡ ᠠᠯᠪᠠᠨ ᠶᠠᠪᠤᠳᠠᠯ ᠤᠨ ᠲᠡᠷᠭᠡ ᠶᠡᠷᠦ ᠨᠢ ᠶᠠᠪᠤᠬᠤ ᠵᠠᠮ ᠥᠬᠡᠶ ᠪᠠᠶᠢᠵᠤ᠂ ᠲᠡᠷᠭᠡ ᠬᠥᠰᠬᠡ ᠶᠢᠨ ᠬᠡᠷᠡᠭᠯᠡᠯᠲᠡ ᠵᠢᠷᠤᠮᠵᠢᠯ ᠥᠬᠡᠶ ᠲᠦᠭᠰᠢᠭᠦᠷᠢ ᠣᠷᠣᠰᠢᠵᠤ ᠪᠠᠶᠢᠨ᠎ᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠢᠨᠠᠯᠲᠠ ᠲᠠᠯᠪᠢᠯᠲᠠ ᠪᠠ ᠪᠠᠶᠢᠴᠠᠭᠠᠯᠲᠠ ᠪᠠᠨ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠡᠷᠭᠡ ᠬᠥᠰᠬᠡ ᠶᠢᠨ ᠶᠠᠪᠤᠵᠤ ᠰᠠᠭᠤᠬᠤ ᠵᠠᠮ ᠮᠥᠷ ᠢ ᠰᠤᠭᠤᠴᠢᠨ ᠪᠠᠶᠢᠴᠠᠭᠠᠬᠤ ᠬᠡᠷᠡᠭᠲᠡᠶ᠃ ᠣᠷᠣᠨ ᠪᠠᠶᠢᠷᠢ ᠨᠢ ᠵᠠᠮ ᠮᠥᠷ ᠦᠭᠡᠶ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠭᠤᠤᠯᠳᠠᠯᠭ᠎ᠠ ᠲᠠᠢ ᠠᠩᠬᠠᠷᠬᠤ ᠪᠠ ᠬᠢᠨᠠᠯᠲᠠ ᠲᠠᠯᠪᠢᠵᠤ᠂ ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠬᠡᠷᠡᠭᠯᠡᠭᠰᠡᠨ ᠨᠢᠭᠡᠴᠡ ᠪᠣᠯᠤᠨ ᠬᠤᠪᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      4. ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠨᠢᠭᠡᠳᠦᠯᠲᠡᠶ ᠬᠠᠮᠢᠶᠠᠷᠤᠯᠲᠠ ᠶᠢᠨ ᠠᠵᠢᠯ ᠢ ᠲᠦᠯᠬᠢᠨ ᠠᠬᠢᠭᠤᠯᠬᠤ ᠨᠢ ᠤᠳᠠᠭᠠᠨ ᠪᠠᠶᠢᠨ᠎ᠠ᠃ ᠨᠢᠭᠡ ᠳᠤ ᠭᠡᠷ ᠪᠠᠶᠢᠰᠢᠩ ᠤᠨ ᠥᠮᠴᠢᠯᠡᠬᠦ ᠡᠷᠬᠡ ᠨᠢ ᠲᠣᠳᠣᠷᠬᠠᠶ ᠦᠭᠡᠶ ᠪᠠᠶᠢᠨ᠎ᠠ᠃ ᠵᠢᠱᠢᠶᠡᠯᠡᠪᠡᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠣᠮᠣ ᠠᠰᠠᠷ ᠲᠤ ᠵᠥᠪᠬᠡᠨ ᠭᠠᠵᠠᠷ ᠰᠢᠷᠣᠶ ᠶᠢᠨ ᠦᠨᠡᠮᠯᠡᠯ ᠲᠠᠢ ᠪᠠᠶᠢᠵᠤ᠂ ᠬᠡᠷ ᠪᠠᠶᠢᠰᠢᠩ ᠤᠨ ᠥᠮᠴᠢᠯᠡᠬᠦ ᠡᠷᠬᠡ ᠵᠡᠷᠭᠡ ᠪᠠᠶᠢᠬᠤ ᠥᠬᠡᠶ︔ ᠬᠤᠶᠠᠷ ᠲᠤ ᠣᠨᠴᠠ ᠵᠠᠷᠢᠮ ᠨᠢᠭᠡᠴᠡ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠮᠡᠳᠡᠭᠡ ᠵᠠᠩᠭᠢ ᠶᠢ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠭᠰᠠᠨ ᠥᠬᠡᠶ᠃ ᠵᠢᠱᠢᠶᠡᠯᠡᠪᠡᠯ᠂ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠠᠯᠪᠠᠨ ᠠᠰᠠᠷ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ ᠰᠢᠶᠠᠨ ᠤ ᠵᠠᠰᠠᠭ ᠤᠨ ᠣᠷᠳᠣᠨ ᠳᠤ ᠨᠢᠭᠡᠨᠲᠡ ᠮᠡᠳᠡᠭᠦᠯᠵᠦ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠰᠢᠶᠠᠨ ᠤ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠲᠣᠳᠣᠷᠬᠠᠶ ᠦᠭᠡᠢ ᠠᠰᠠᠭᠤᠳᠠᠯ ᠢ ᠲᠦᠢᠯᠪᠤᠷᠢᠲᠠᠶ ᠬᠢᠨᠠᠨ ᠪᠠᠶᠢᠴᠠᠭᠠᠵᠤ᠂ ᠥᠮᠴᠢᠯᠡᠬᠦ ᠡᠷᠬᠡ ᠶᠢᠨ ᠬᠢᠨᠠᠨ ᠪᠠᠶᠢᠴᠠᠭᠠᠯᠲᠠ ᠶᠢ ᠲᠣᠳᠣᠷᠬᠠᠶ ᠪᠣᠯᠭᠠᠭᠰᠠᠨ ᠤ ᠳᠠᠷᠠᠭ᠎ᠠ᠂ ᠥᠮᠴᠢᠯᠡᠬᠦ ᠡᠷᠬᠡ ᠶᠢᠨ ᠨᠢᠭᠡᠴᠡ ᠶᠢ ᠡᠯ᠎ᠡ ᠵᠦᠢᠯ ᠤᠨ ᠦᠨᠡᠮᠯᠡᠯ ᠢ ᠱᠠᠯᠠᠪᠳᠠᠨ ᠬᠢᠯᠭᠡᠬᠦ ᠬᠡᠷᠡᠭᠲᠡᠶ ᠭᠡᠵᠦ ᠳᠠᠭᠠᠭᠠᠯᠭᠠᠵᠤ᠂ 2025 ᠣᠨ ᠠᠴᠠ ᠡᠮᠦᠨ᠎ᠡ ᠪᠦᠬᠦᠨ ᠢ ᠮᠠᠨ ᠤ ᠲᠥᠪ ᠲᠤ ᠰᠢᠯᠵᠢᠭᠦᠯᠦᠨ ᠲᠤᠰᠢᠶᠠᠵᠤ ᠨᠢᠭᠡᠳᠦᠯᠲᠡᠶ ᠬᠠᠮᠢᠶᠠᠷᠤᠭᠤᠯᠪᠠ᠃ ᠬᠤᠶᠠᠷ ᠲᠤ᠂ ᠣᠨᠴᠠ ᠵᠠᠷᠢᠮ ᠨᠢᠭᠡᠴᠡ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠮᠡᠳᠡᠭᠡ ᠵᠠᠩᠭᠢ ᠣᠷᠣᠭᠤᠯᠤᠭᠰᠠᠨ ᠥᠬᠡᠶ ᠲᠠᠪᠴᠠᠩ ᠢ ᠣᠯᠵᠤ ᠮᠡᠳᠡᠪᠡ᠂ ᠪᠢᠳᠡ ᠨᠢᠭᠡᠨᠲᠡ ᠬᠤᠯᠪᠣᠭᠳᠠᠭᠰᠠᠨ ᠨᠢᠭᠡᠴᠡ ᠳᠤ ᠮᠡᠳᠡᠭᠡ ᠵᠠᠩᠭᠢ ᠣᠷᠣᠭᠤᠯᠬᠤ ᠶᠢ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠨᠢᠭᠡ ᠰᠠᠷ᠎ᠠ ᠶᠢᠨ ᠳᠣᠲᠣᠷ᠎ᠠ ᠪᠡᠶᠡᠯᠡᠭᠦᠯᠪᠡ᠃      ᠪᠡᠶᠡᠯᠡᠭᠦᠯᠦᠭᠰᠡᠨ ᠪᠠᠶᠢᠳᠠᠯ᠄ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠮᠠᠨ ᠤ ᠲᠥᠪ 2024 ᠣᠨ ᠳᠤ ᠰᠢᠶᠠᠨ ᠤ ᠵᠠᠰᠠᠭ ᠤᠨ ᠣᠷᠳᠣᠨ ᠳᠤ ᠡᠯ᠎ᠡ ᠨᠢᠭᠡᠴᠡ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠬᠢᠨᠠᠨ ᠪᠠᠶᠢᠴᠠᠭᠠᠬᠤ ᠲᠤᠬᠠᠶ ᠮᠡᠳᠡᠭᠦᠯᠦᠯᠲᠡ ᠳᠡᠪᠰᠢᠭᠦᠯᠵᠦ᠂ ᠥᠮᠴᠢᠯᠡᠬᠦ ᠡᠷᠬᠡ ᠶᠢ ᠲᠣᠳᠣᠷᠬᠠᠶᠢᠯᠠᠭᠰᠠᠨ ᠤ ᠳᠠᠷᠠᠭ᠎ᠠ ᠬᠠᠮᠢᠶ᠎ᠠ ᠪᠥᠬᠦᠶ ᠦᠨᠡᠮᠯᠡᠯ ᠢ ᠬᠦᠢᠴᠡᠳᠬᠡᠬᠦ ᠪᠠᠷ ᠮᠠᠨ ᠤ ᠲᠥᠪ ᠲᠤ ᠲᠤᠰᠢᠶᠠᠵᠤ ᠨᠢᠭᠡᠳᠦᠯᠲᠡᠶ ᠬᠠᠮᠢᠶᠠᠷᠤᠭᠤᠯᠵᠤ᠂ ᠵᠢᠱᠢᠯᠲᠡ ᠪᠠᠷ 2025 ᠣᠨ ᠤ 12 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃      5. ᠣᠯᠠᠨ ᠨᠡᠶᠢᠲᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠠᠵᠢᠯ ᠳᠤ ᠪᠠᠭᠤᠷᠠᠶ ᠲᠠᠯ᠎ᠠ ᠣᠷᠣᠰᠢᠵᠤ ᠪᠠᠶᠢᠨ᠎ᠠ᠃ ᠨᠢᠭᠡ ᠳᠤ ᠣᠯᠠᠨ ᠨᠡᠶᠢᠲᠡ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠠᠷᠭ᠎ᠠ ᠶᠢ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠡᠨᠧᠷᠭᠢ ᠠᠷᠪᠢᠯᠠᠬᠤ ᠬᠠᠮᠢᠶᠠᠷᠤᠯᠲᠠ ᠨᠢ ᠡᠨᠧᠷᠭᠢ ᠶᠢᠨ ᠬᠤᠷᠣᠭᠳᠠᠯ ᠤᠨ ᠲᠣᠭᠲᠠᠭᠰᠠᠨ ᠨᠣᠷᠮ᠎ᠠ᠂ ᠬᠡᠮᠵᠢᠯᠲᠡ ᠶᠢᠨ ᠬᠢᠨᠠᠨ ᠰᠢᠯᠭᠠᠬᠤ ᠪᠠᠷᠢᠮᠵᠢᠶ᠎ᠠ ᠨᠢ ᠵᠥᠪᠬᠡᠨ ᠲᠣᠰ ᠲᠣᠰ ᠤᠨ ᠳᠡᠭᠡᠭᠰᠢ ᠮᠡᠳᠡᠭᠦᠯᠦᠭᠰᠡᠨ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠳᠤ ᠲᠦᠰᠢᠭᠯᠡᠨ ᠪᠦᠷᠢᠳᠬᠡᠨ᠎ᠡ ︔ ᠬᠤᠶᠠᠷ ᠲᠤ ᠠᠵᠢᠯᠯᠠᠬᠤ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠤᠳᠠᠭᠠᠰᠢᠷᠠᠭᠤᠯᠤᠨ᠎ᠠ᠃ ᠵᠢᠱᠢᠶᠡᠯᠡᠪᠡᠯ᠂ ᠨᠠᠮ ᠵᠠᠰᠠᠭ ᠤᠨ ᠡᠮᠦᠨ᠎ᠡ ᠠᠰᠠᠷ ᠤᠨ ᠲᠣᠭᠤᠷᠢᠭ ᠤᠨ ᠠᠰᠠᠷ ᠤᠨ ᠭᠤᠳᠤᠮᠵᠢ ᠳᠤ ᠲᠥᠷᠥᠯ ᠬᠤᠪᠢᠶᠠᠨ ᠬᠤᠷᠢᠶᠠᠨ ᠠᠪᠴᠤ ᠪᠣᠯᠬᠤ ᠪᠠ ᠪᠤᠰᠤᠳ ᠬᠤᠭ ᠨᠣᠪᠰᠢ ᠴᠤᠭᠯᠠᠭᠤᠯᠬᠤ ᠰᠠᠪᠠ ᠶᠢ ᠲᠣᠬᠢᠷᠠᠭᠤᠯᠤᠭᠰᠠᠨ ᠦᠭᠡᠢ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠢᠭᠡ ᠳᠤ᠂ 2024 ᠣᠨ ᠳᠤ ᠮᠠᠨ ᠤ ᠲᠥᠪ ᠠᠴᠠ ᠣᠯᠠᠨ ᠨᠡᠶᠢᠲᠡ ᠶᠢᠨ ᠡᠨᠧᠷᠭᠢ ᠠᠷᠪᠢᠯᠠᠬᠤ ᠶᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠲᠤᠭ᠎ᠠ ᠪᠦᠷᠢᠳᠬᠡᠯ ᠤᠨ ᠰᠣᠯᠢᠯᠴᠠᠭᠠᠨ ᠤ ᠴᠤᠭᠯᠠᠷᠠᠯ ᠪᠠᠶᠢᠭᠤᠯᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠬᠡᠷᠡᠭᠯᠡᠪᠡ᠃ ᠬᠤᠶᠠᠷ ᠲᠤ᠂ ᠨᠠᠮ ᠵᠠᠰᠠᠭ ᠤᠨ ᠡᠮᠦᠨᠡᠬᠢ ᠠᠰᠠᠷ ᠤᠨ ᠭᠤᠳᠤᠮᠵᠢ ᠳᠤ ᠲᠠᠯᠪᠢᠭᠰᠠᠨ ᠬᠤᠭ ᠨᠣᠪᠰᠢ ᠴᠤᠭᠯᠠᠭᠤᠯᠬᠤ ᠰᠠᠪᠠ ᠶᠢ ᠲᠥᠷᠥᠯ ᠬᠤᠪᠢᠶᠠᠨ᠎ᠠ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      6. ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ ᠪᠠᠶᠢᠨ᠎ᠠ᠃ ᠨᠢᠭᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠴᠢᠩᠭ᠎ᠠ ᠪᠤᠰᠤ ᠪᠠᠶᠢᠨ᠎ᠠ᠃ 2023 ᠣᠨ ᠳᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾᠎ ᠢ ᠳᠣᠷᠣᠭᠰᠢ ᠪᠠᠭᠤᠯᠭᠠᠪᠠ︔ ᠬᠤᠶᠠᠷ ᠲᠤ ᠡᠳᠦᠷ ᠲᠤᠲᠤᠮ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠪᠣᠳᠠᠲᠠᠢ ᠭᠦᠢᠴᠡᠳᠬᠡᠭᠰᠡᠨ ᠦᠭᠡᠢ᠃ ᠠᠵᠢᠯ ᠠᠴᠠ ᠪᠠᠭᠤᠵᠦ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠬᠤ ᠪᠠᠷ ᠳᠤᠲᠠᠮᠠᠭ ᠪᠠᠶᠢᠨ᠎ᠠ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ 2024 ᠣᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠰᠠᠭᠤᠭ᠎ᠠ ᠨᠢᠭᠡᠴᠢ ᠶᠢᠨ ᠰᠤᠷᠤᠯᠴᠠᠯᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠤᠷᠠᠯ ᠳᠤ ᠰᠤᠯᠠ ᠣᠷᠣᠯᠴᠠᠵᠤ᠂ ᠲᠣᠭᠲᠠᠮᠠᠯ ᠬᠤᠭᠤᠴᠠᠭ᠎ᠠ ᠲᠠᠢ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ ᠰᠠᠭᠤᠭ᠎ᠠ ᠨᠢᠭᠡᠴᠡ ᠶᠢᠨ ᠠᠵᠢᠯ ᠳᠤ ᠭᠠᠷᠬᠤ ᠪᠠ ᠠᠵᠢᠯ ᠳᠤ ᠭᠠᠷᠬᠤ ᠶᠢ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠩᠭᠤᠵᠢᠭᠤᠯᠤᠨ ᠳᠠᠭᠠᠵᠤ ᠰᠢᠮᠳᠠᠭᠤᠯᠤᠨ ᠪᠠᠶᠢᠴᠠᠭᠠᠨ᠎ᠠ᠃     ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      7. ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠵᠢᠷᠤᠮᠵᠢᠯ ‍ᠦᠭᠡᠢ᠃ ᠠᠯᠪᠠᠨ ᠠᠵᠢᠯ ᠤᠨ ᠵᠠᠷᠤᠳᠠᠯ ᠤᠨ ᠳᠠᠩᠰᠠ ᠲᠠᠶᠢᠯᠬᠤ ᠬᠢᠨᠠᠨ ᠬᠠᠷᠭᠤᠭᠤᠯᠤᠯᠲᠠ ᠴᠢᠩᠭ᠎ᠠ ᠪᠢᠰᠢ᠃ 2020 ᠣᠨ ᠤ 6 ᠰᠠᠷ᠎ᠠ ᠶᠢᠨ 9᠎ ᠤ ᠡᠳᠦᠷ ᠠᠯᠪᠠᠨ ᠵᠠᠷᠤᠳᠠᠯ 1285 ᠲᠥᠭᠦᠷᠢᠭ᠂ ᠲᠠᠩᠰᠠ ᠲᠠᠶᠢᠯᠬᠤ ᠬᠠᠭᠤᠳᠠᠰᠤ ᠳᠤ ᠬᠠᠷᠢᠭᠤᠴᠠᠯᠭᠠᠲᠠᠨ ᠥᠬᠡᠶ᠂ ᠬᠢᠨᠠᠨ ᠬᠠᠷᠭᠤᠭᠤᠯᠤᠭᠴᠢ ᠭᠠᠷ ᠤᠨ ᠥᠰᠥᠭ ᠵᠢᠷᠤᠵᠤ᠂ ᠪᠠᠷᠠᠭ᠎ᠠ ᠬᠤᠳᠠᠯᠳᠤᠨ ᠠᠪᠬᠤ ᠭᠤᠶᠤᠴᠢᠯᠠᠯ ᠤᠨ ᠮᠡᠳᠡᠭᠦᠯᠦᠯᠲᠡ ᠶᠢᠨ ᠬᠦᠰᠦᠨᠦᠭᠲᠦ ᠳᠤ ᠤᠳᠤᠷᠢᠳᠤᠯᠭ᠎ᠠ ᠭᠠᠷ ᠤᠨ ᠥᠰᠥᠭ ᠵᠢᠷᠤᠭᠰᠠᠨ ᠥᠬᠡᠶ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠡᠯ᠎ᠡ ᠵᠦᠢᠯ ᠤᠨ ᠵᠠᠷᠤᠳᠠᠯ ᠤᠨ ᠲᠠᠩᠰᠠ ᠲᠠᠶᠢᠯᠬᠤ ᠬᠢᠨᠠᠨ ᠬᠠᠷᠭᠤᠭᠤᠯᠬᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠬᠠᠷᠭᠤᠭᠤᠯᠵᠤ ᠲᠠᠭᠯᠠᠨ ᠮᠡᠳᠡᠭᠦᠯᠦᠭᠰᠡᠨ ᠠᠭᠤᠯᠭ᠎ᠠ ᠨᠢ ᠦᠨᠡᠨ ᠪᠣᠳᠠᠲᠠᠶ ᠪᠦᠷᠢᠨ ᠪᠦᠲᠦᠨ ᠪᠠᠶᠢᠬᠤ ᠡᠰᠡᠬᠦ᠂ ᠫᠢᠶᠣᠣ ᠪᠠᠷᠢᠮᠲᠠ ᠳᠤ ᠭᠠᠷ ᠤᠨ ᠦᠰᠦᠭ ᠵᠢᠷᠤᠬᠤ ᠭᠠᠷᠳᠠᠮ ᠨᠢ ᠪᠦᠷᠢᠨ ᠲᠡᠭᠦᠯᠳᠡᠷ ᠪᠠᠶᠢᠬᠤ ᠡᠰᠡᠬᠦ ᠶᠢ ᠴᠢᠩᠳᠠᠯᠠᠵᠤ᠂ ᠡᠶᠢᠮᠦᠷᠬᠦ ᠠᠰᠠᠭᠤᠳᠠᠯ ᠳᠠᠬᠢᠨᠲᠠ ᠭᠠᠷᠬᠤ ᠠᠴᠠ ᠵᠠᠶᠢᠯᠠᠰᠬᠢᠬᠦ ᠬᠡᠷᠡᠭᠲᠡᠶ᠃     ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      8. ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠶ᠃ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ︽ᠴᠢᠯᠥᠭᠡ ᠭᠤᠶᠠᠴᠢ 3 ᠡᠳᠦᠷ ᠠᠴᠠ ᠳᠡᠭᠡᠭᠰᠢ ︵3 ᠡᠳᠦᠷ ᠢ ᠪᠠᠭᠲᠠᠭᠠᠨ᠎ᠠ︶᠎ ᠪᠠᠷ ᠲᠥᠪ ᠤᠨ ᠡᠷᠬᠢᠯᠡᠭᠴᠢ ᠬᠢᠨᠠᠨ ᠵᠥᠪᠰᠢᠶᠡᠷᠡᠬᠦ︾ ᠠᠵᠢᠯ ᠳᠤ ᠭᠠᠷᠬᠤ ᠰᠢᠯᠭᠠᠯᠲᠠ ᠶᠢᠨ ᠲᠦᠷᠢᠮ ᠢ ᠲᠣᠭᠲᠠᠭᠠᠭᠰᠠᠨ ᠪᠣᠯᠪᠠᠴᠤ ᠪᠣᠳᠠᠲᠠᠶ ᠬᠡᠷᠡᠭᠵᠢᠭᠦᠯᠬᠦ ᠳᠤᠮᠳᠠ 3 ᠡᠳᠦᠷ ᠠᠴᠠ ᠳᠡᠭᠡᠭᠰᠢ ᠴᠢᠯᠥᠭᠡ ᠭᠤᠶᠤᠬᠤ ᠥᠬᠡᠶ ᠪᠠᠶᠢᠵᠤ᠂ ᠡᠷᠬᠢᠯᠡᠭᠴᠢ ᠶᠢᠨ ᠬᠢᠨᠠᠨ ᠵᠥᠪᠰᠢᠶᠡᠷᠡᠯ ᠢ ᠳᠠᠮᠵᠢᠭᠰᠠᠨ ᠥᠬᠡᠶ᠂ ᠴᠢᠯᠥᠭᠡ ᠭᠤᠶᠤᠭᠠᠳ ᠴᠢᠯᠥᠭᠡ ᠲᠠᠶᠢᠯᠬᠤ ᠦᠵᠡᠭᠳᠡᠯ ᠣᠷᠣᠰᠢᠵᠤ᠂ ᠲᠦᠷᠢᠮ ᠢ ᠴᠢᠩᠭ᠎ᠠ ᠬᠡᠷᠡᠭᠵᠢᠭᠦᠯᠦᠭᠰᠡᠨ ᠥᠬᠡᠶ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ᠠᠵᠢᠯ ᠳᠤ ᠭᠠᠷᠬᠤ ᠶᠢ ᠲᠡᠮᠳᠡᠭᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠯᠥᠭᠡ ᠭᠤᠶᠤᠬᠤ ᠬᠤᠭᠤᠴᠠᠭ᠎ᠠ ᠨᠢ 3 ᠡᠳᠦᠷ ᠠᠴᠠ ᠳᠡᠭᠡᠭᠰᠢ ︵3 ᠡᠳᠦᠷ ᠪᠠᠭᠲᠠᠨ᠎ᠠ︶᠎ ᠶᠢ ᠭᠤᠤᠯ ᠡᠷᠬᠢᠯᠡᠭᠴᠢ ᠴᠣᠬᠤᠯᠪᠣᠷᠢᠯᠠᠨ᠂ 3 ᠡᠳᠦᠷ ᠤᠨ ᠳᠣᠲᠣᠷ᠎ᠠ ᠠᠯᠪᠠᠨ ᠭᠡᠷ ᠤᠨ ᠡᠷᠬᠢᠯᠡᠭᠴᠢ ᠨᠢ ᠴᠣᠬᠤᠯᠪᠣᠷᠢᠯᠠᠨ᠂ ᠴᠢᠯᠥᠭᠡ ᠭᠤᠶᠤᠬᠤ ᠭᠠᠷᠳᠠᠮ ᠢ ᠴᠢᠩᠭ᠎ᠠ ᠭᠦᠢᠴᠡᠳᠬᠡᠵᠦ᠂ ᠴᠢᠯᠥᠭᠡ ᠭᠤᠶᠤᠬᠤ ᠳᠤ ᠴᠢᠯᠥᠭᠡ ᠭᠤᠶᠤᠬᠤ ᠪᠠ ᠴᠢᠯᠥᠭᠡ ᠲᠠᠶᠢᠯᠬᠤ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      9᠂ ︽ᠨᠢᠭᠡᠳᠦᠭᠡᠷ ᠭᠠᠷ︾ ᠡᠩᠨᠡᠭᠡ ᠶᠢᠨ ᠪᠠᠶᠢᠭᠤᠯᠤᠯᠲᠠ ᠶᠢ ᠠᠳᠬᠤᠭᠰᠠᠨ ᠲᠠᠯ᠎ᠠ ᠶᠢᠨ ᠡᠷᠴᠢᠮ ᠬᠦᠷᠦᠯᠴᠡᠬᠦ ‍ᠦᠭᠡᠢ ᠪᠠᠶᠢᠨ᠎ᠠ᠃ ᠡᠩᠨᠡᠭᠡᠨ ᠤ ᠦᠵᠡᠯ ᠰᠠᠨᠠᠭᠠᠨ ᠤ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠪᠠ ᠲᠣᠭᠲᠠᠭᠠᠨ ᠬᠡᠷᠡᠭᠵᠢᠭᠦᠯᠬᠦ ᠵᠡᠷᠭᠡ ᠲᠠᠯ᠎ᠠ ᠪᠠᠷ ᠰᠢᠪᠠᠳᠠᠬᠤ᠂ ᠬᠢᠨᠠᠯᠲᠠ ᠲᠠᠯᠪᠢᠬᠤ ᠪᠠᠷ ᠬᠦᠷᠦᠯᠴᠡᠬᠦ ᠦᠭᠡᠢ᠂ ︽ᠰᠠᠭᠤᠷᠢ ᠶᠢ ᠠᠳᠬᠤᠬᠤ᠂ ᠠᠯᠤᠰ ᠬᠡᠳᠦ ᠶᠢ ᠬᠠᠮᠢᠶᠠᠷᠬᠤ᠂ ᠵᠢᠷᠤᠮᠵᠢᠯ ᠢ ᠪᠦᠷᠢᠯᠳᠦᠭᠦᠯᠬᠦ︾ ᠠᠵᠢᠯ ᠤᠨ ᠪᠠᠶᠢᠷᠢᠰᠢᠯ ᠢ ᠪᠦᠲᠦᠮᠵᠢᠲᠡᠶ ᠪᠠᠷ ᠪᠦᠷᠢᠯᠳᠦᠭᠦᠯᠵᠦ ᠴᠢᠳᠠᠭᠰᠠᠨ ᠦᠭᠡᠢ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠢᠯ ᠪᠦᠷᠢ ᠨᠠᠭᠠᠳᠤ ᠵᠠᠬ᠎ᠠ ᠳᠠᠭᠠᠨ 4 ᠤᠳᠠᠭ᠎ᠠ ᠰᠡᠷᠡᠮᠵᠢᠯᠡᠭᠦᠯᠬᠦ ᠬᠥᠮᠦᠵᠢᠯ ᠳᠣᠭᠢᠷᠠᠭᠤᠯᠵᠤ᠂ ᠭᠤᠤᠯ ᠤᠳᠤᠷᠢᠳᠤᠯᠭ᠎ᠠ ᠢᠯᠡᠭᠦᠬᠡᠨ ᠨᠠᠮ ᠤᠨ ᠭᠡᠰᠢᠭᠦᠨ ᠺᠠᠳ᠋ᠷ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠦᠵᠡᠯ ᠰᠠᠨᠠᠭᠠᠨ ᠤ ᠲᠠᠯ᠎ᠠ ᠪᠠᠷ ᠴᠠᠯᠠᠭᠠᠶᠢᠷᠠᠭᠰᠠᠨ᠂ ᠵᠥᠷᠢᠶ᠎ᠡ ᠲᠠᠢ ᠨᠠᠮ ᠤᠨ ᠭᠡᠰᠢᠭᠦᠨ ᠺᠠᠳ᠋ᠷᠴᠤᠳ ᠢ ᠴᠠᠭ ᠲᠤᠬᠠᠶ ᠳᠤᠨᠢ ᠰᠢᠮᠳᠠᠭᠤᠯᠤᠨ ᠵᠢᠯᠣᠭᠤᠳᠴᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠰᠠᠭᠤᠷᠢ ᠶᠢ ᠠᠳᠬᠤᠬᠤ᠂ ᠠᠯᠤᠰ ᠬᠡᠲᠦ ᠶᠢ ᠬᠠᠮᠢᠶᠠᠷᠬᠤ ᠂ ᠵᠢᠷᠤᠮᠵᠢᠯ ᠢ ᠪᠦᠷᠢᠯᠳᠦᠭᠦᠯᠬᠦ︾ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃     ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃ ᠭᠤᠷᠪᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠪᠠᠰᠠ ᠪᠠᠭᠤᠷᠠᠶ ᠲᠠᠯ᠎ᠠ ᠣᠷᠣᠰᠢᠵᠤ ᠪᠠᠶᠢᠨ᠎ᠠ      10. ︽ᠭᠤᠷᠪᠠᠨ ᠬᠤᠷᠠᠯ ᠨᠢᠭᠡ ᠬᠢᠴᠢᠶᠡᠯ︾᠎ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠴᠢᠩᠭ᠎ᠠ ᠦᠭᠡᠢ᠃ ᠨᠢᠭᠡ ᠳᠤ᠂ 2023 ᠣᠨ ᠤ ᠡᠭᠦᠷ ᠤᠨ ᠭᠡᠰᠢᠭᠦᠳ ᠤᠨ ᠬᠤᠷᠠᠯ ᠨᠢ ᠤᠨᠤᠯ ᠤᠨ ᠰᠤᠷᠤᠯᠴᠠᠯᠭ᠎ᠠ ᠳᠤ ᠪᠠᠶᠢᠷᠢᠯᠠᠭᠤᠯᠤᠯᠲᠠ ᠬᠢᠭᠰᠡᠨ ᠦᠭᠡᠢ︔ ᠬᠤᠶᠠᠷ ᠲᠤ ᠡᠭᠦᠷ ᠤᠨ ᠭᠡᠰᠢᠭᠦᠳ ᠤᠨ ᠬᠤᠷᠠᠯ ᠤᠨ ᠲᠡᠮᠳᠡᠭᠯᠡᠭᠴᠢ ᠨᠢ ᠨᠠᠮ ᠤᠨ ᠡᠭᠦᠷ ᠤᠨ ᠪᠦᠷᠢᠯᠳᠦᠬᠦᠨ ᠪᠢᠰᠢ᠂ ᠪᠠᠰᠠ ᠵᠢᠩᠬᠢᠨᠢ ᠨᠠᠮ ᠤᠨ ᠭᠡᠰᠢᠭᠦᠨ ᠪᠢᠰᠢ᠃      ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ᠄ ᠮᠠᠨ ᠤ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ 2024 ᠣᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠠᠴᠠ ᠤᠨᠤᠯ ᠤᠨ ᠰᠤᠷᠤᠯᠴᠠᠯᠭ᠎ᠠ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠭᠰᠡᠨ ᠪᠥᠭᠡᠳ ᠲᠤᠰᠬᠠᠢ ᠬᠥᠮᠦᠨ ᠲᠣᠭᠲᠠᠭᠠᠵᠤ ᠬᠤᠷᠠᠯ ᠤᠨ ᠲᠡᠮᠳᠡᠭᠯᠡᠯ ᠢ ᠰᠠᠶᠢᠲᠤᠷ ᠬᠢᠪᠡ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      11 . ︽ᠭᠤᠷᠪᠠᠨ ᠴᠢᠬᠤᠯᠠ ᠨᠢᠭᠡ ᠶᠡᠭᠡ︾ ᠳᠦᠷᠢᠮ ᠢ ᠪᠣᠳᠠᠲᠠᠢ ᠨᠠᠶᠢᠳᠠᠪᠤᠷᠢᠵᠢᠭᠤᠯᠤᠭᠰᠠᠨ ‍ᠦᠭᠡᠢ᠃ ᠨᠢᠭᠡ ᠳᠤ᠂ ︽ᠭᠤᠷᠪᠠᠨ ᠴᠢᠬᠤᠯᠠ ᠨᠢᠭᠡ ᠶᠡᠭᠡ︾ ᠬᠤᠷᠠᠯ ᠤᠨ ᠬᠤᠷᠠᠯ ᠳᠤ ᠣᠷᠣᠯᠴᠠᠭᠰᠠᠳ ᠶᠠᠮᠠᠷᠪᠠ ᠰᠠᠨᠠᠭᠤᠯᠭ᠎ᠠ ᠪᠤᠶᠤ ᠰᠠᠨᠠᠯ ᠢᠶᠠᠨ ᠨᠡᠶᠢᠲᠡᠯᠡᠭᠰᠡᠨ ᠦᠭᠡᠢ᠂ ᠬᠤᠷᠠᠯ ᠤᠨ ᠲᠡᠮᠳᠡᠭᠯᠡᠯ ᠳᠤ ᠵᠥᠪᠬᠡᠨ ᠬᠥᠲᠥᠯᠥᠭᠴᠢ ᠶᠢᠨ ᠨᠢᠭᠡ ᠬᠥᠮᠦᠨ ᠤ ᠰᠢᠢᠳᠪᠦᠷᠢᠲᠦ ᠪᠤᠳᠤᠯᠭ᠎ᠠ ᠶᠢ ᠢᠯᠡᠷᠡᠭᠦᠯᠪᠡ︔ ᠬᠤᠶᠠᠷ ᠲᠤ ︽ᠭᠤᠷᠪᠠᠨ ᠴᠢᠬᠤᠯᠠ ᠨᠢᠭᠡ ᠶᠡᠭᠡ︾ ᠬᠤᠷᠠᠯ ᠲᠣᠪᠴᠢ ᠲᠡᠮᠳᠡᠭᠯᠡᠯ ᠲᠣᠳᠣᠷᠬᠠᠶ ᠦᠭᠡᠢ᠂ ᠬᠤᠷᠠᠯ ᠤᠨ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠪᠣᠳᠠᠲᠠᠶ ᠴᠠᠭ ᠤᠨ ᠬᠢᠵᠠᠭᠠᠷ᠂ ᠠᠷᠭ᠎ᠠ ᠬᠡᠯᠪᠡᠷᠢ ᠠᠷᠭ᠎ᠠ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠢᠯᠡᠷᠡᠭᠦᠯᠦᠭᠰᠡᠨ ᠦᠭᠡᠢ᠃      ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ᠄ ︽ᠭᠤᠷᠪᠠᠨ ᠴᠢᠬᠤᠯᠠ ᠨᠢᠭᠡ ᠶᠡᠭᠡ︾ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠷᠡᠭ ᠵᠥᠪᠯᠡᠬᠦ ᠲᠦᠷᠢᠮ ᠪᠠ ᠲᠡᠰ ᠲᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠤᠨ ᠲᠤᠬᠢᠷᠠᠭᠤᠯᠤᠯᠳᠠ ᠪᠠ ᠶᠡᠭᠡ ᠬᠡᠮᠵᠢᠶᠡᠨ ᠤ ᠪᠡᠯᠡ ᠮᠥᠩᠭᠦ ᠶᠢ ᠲᠤᠬᠢᠷᠠᠭᠤᠯᠤᠨ ᠬᠡᠷᠡᠭᠯᠡᠬᠦ᠂ ᠬᠤᠷᠠᠯ ᠳᠡᠭᠡᠷ᠎ᠡ ᠬᠠᠮᠲᠤ ᠪᠠᠷ ᠶᠠᠷᠢᠯᠴᠠᠵᠤ᠂ ᠬᠤᠷᠠᠯ ᠳᠤ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠢᠯᠡᠳᠬᠡᠵᠦ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠎ᠠ᠃ ︽ᠭᠤᠷᠪᠠᠨ ᠴᠢᠬᠤᠯᠠ ᠨᠢᠭᠡ ᠶᠡᠭᠡ︾ ᠬᠤᠷᠠᠯ ᠤᠨ ᠪᠦᠷᠢᠯᠳᠦᠭᠰᠡᠨ ᠲᠣᠪᠴᠢ ᠲᠡᠮᠳᠡᠭᠯᠡᠯ ᠨᠢ ᠲᠣᠳᠣᠷᠬᠠᠶ ᠰᠢᠢᠳᠪᠦᠷᠢᠳᠦ ᠪᠣᠳᠣᠯᠭ᠎ᠠ ᠶᠢᠨ ᠳ᠋ᠦᠩᠨᠡᠯᠲᠡ ᠲᠠᠢ ᠪᠠᠶᠢᠵᠤ᠂ ᠪᠣᠳᠠᠲᠠᠶ ᠬᠡᠷᠡᠭᠵᠢᠭᠦᠯᠬᠦ ᠴᠠᠭ ᠤᠨ ᠬᠢᠵᠠᠭᠠᠷ᠂ ᠠᠷᠭ᠎ᠠ ᠮᠠᠶ᠋ᠢᠭ ᠠᠷᠭ᠎ᠠ ᠪᠠᠷᠢᠯ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠢ ᠢᠯᠡᠷᠡᠭᠦᠯᠬᠦ ᠬᠡᠷᠡᠭᠲᠡᠶ᠃      ᠪᠡᠶᠡᠯᠡᠭᠦᠯᠦᠭᠰᠡᠨ ᠪᠠᠶᠢᠳᠠᠯ ᠨᠢ᠄  ᠨᠢᠭᠡᠨᠲᠡ ᠪᠡᠶᠡᠯᠡᠭᠦᠯᠪᠡ᠃      ᠭᠤᠷᠪᠠ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠵᠦ ᠲᠠᠷᠠᠭᠠᠴᠢ ᠶᠢᠨ ᠠᠯᠬᠤᠮ ᠤᠨ ᠠᠵᠢᠯ ᠢ ᠪᠣᠳᠠᠲᠠᠶ ᠠᠳᠬᠤᠨ᠎ᠠ      ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠪᠥᠬᠦ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭᠠᠨ ᠤ ᠳᠠᠪᠲᠠᠯᠲᠠ ᠪᠠ ᠦᠯᠡ ᠠᠵᠢᠯᠯᠠᠭ᠎ᠠ ᠶᠢᠨ ᠱᠠᠭᠠᠷᠳᠠᠯᠭ᠎ᠠ ᠶᠢ ᠭᠦᠨᠵᠡᠭᠡᠶ ᠭᠥᠷᠳᠡᠵᠦ᠂ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠤᠯᠤᠰ ᠲᠥᠷᠥ ᠶᠢᠨ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠨ᠎ᠡ᠃ ᠳᠠᠷᠠᠭᠠᠴᠢ ᠶᠢᠨ ᠠᠯᠬᠤᠮ ᠳᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠠᠶᠢᠵᠠᠮ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠦᠷᠭᠦᠯᠵᠢᠯᠡᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠡᠯ᠎ᠡ ᠵᠦᠢᠯ ᠤᠨ ᠠᠵᠢᠯ ᠤᠨ ᠰᠢᠨ᠎ᠡ ᠲᠠᠪᠰᠢᠯᠳᠠ ᠶᠢ ᠠᠬᠢᠭᠤᠯᠬᠤ ᠶᠢ ᠪᠠᠲᠤᠯᠠᠨ᠎ᠠ᠃      ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠣᠭᠤᠷᠢᠨ ᠪᠠᠶᠢᠴᠠᠭᠠᠬᠤ ᠪᠣᠯ ᠤᠯᠤᠰ ᠲᠦᠷᠦ ᠶᠢᠨ ᠪᠠᠶᠢᠴᠠᠭᠠᠯᠲᠠ ᠮᠥᠨ᠂ ᠴᠡᠭᠴᠡᠯᠡᠨ ᠰᠠᠶᠢᠵᠢᠷᠠᠭᠤᠯᠬᠤ ᠪᠣᠯ ᠤᠯᠤᠰ ᠲᠦᠷᠦ ᠶᠢᠨ ᠡᠭᠦᠷᠭᠡ᠂ ᠨᠠᠶᠢᠳᠠᠪᠤᠷᠢᠵᠢᠭᠤᠯᠤᠯᠲᠠ ᠪᠣᠯ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠮᠠᠨ ᠤ ᠭᠤᠣᠯᠳᠠᠯᠭ᠎ᠠ ᠨᠢ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠲᠣᠭᠤᠷᠢᠨ ᠳᠤ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠱᠠᠭᠠᠷᠳᠠᠯᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠬᠠᠮᠤᠭ ᠤᠨ ᠶᠡᠭᠡ ᠠᠵᠢᠯ ᠤᠨ ᠪᠦᠲᠦᠮᠵᠢ᠂ ᠲᠡᠷᠢᠭᠦᠨ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠤᠢ ᠪᠣᠯᠭᠠᠵᠤ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠶᠢ ᠲᠣᠳᠣᠷᠬᠠᠶᠢᠯᠠᠵᠤ ᠬᠠᠷᠢᠭᠤᠴᠠᠯᠭ᠎ᠠ ᠶᠢ ᠰᠠᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠤᠯᠭ᠎ᠠ ᠲᠦᠷᠦᠭᠦᠯᠡᠨ ᠤᠳᠤᠷᠢᠳᠬᠤ ᠪᠠᠭ ᠢ ᠠᠳᠬᠤᠨ ᠡᠩᠨᠡᠭᠡ ᠶᠢ ᠳᠠᠭᠠᠭᠤᠯᠵᠤ᠂ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠎ ᠶᠢ ᠪᠡᠶᠡᠯᠡᠭᠦᠯᠵᠦ᠂ ᠪᠠᠶᠢᠩᠭᠤ ᠰᠤᠳᠤᠯᠵᠤ᠂ ᠪᠠᠶᠢᠩᠭᠤ ᠪᠠᠶᠢᠷᠢᠯᠠᠭᠤᠯᠪᠠ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠠᠷᠤᠯᠲᠠ ᠶᠢ ᠲᠠᠰᠤᠭ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ᠂ ᠠᠵᠢᠯᠳᠠᠨ ᠨᠢᠭᠡᠪᠦᠷᠢ ᠳᠤ ᠳᠠᠮᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ︵ᠭᠤᠷᠪᠠ︶ ᠳᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠬᠠᠳᠬᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠳᠦᠷᠢᠮ ᠤᠨ ᠳᠤᠲᠠᠭᠳᠠᠯ ᠢ ᠭᠡᠳᠡᠷᠭᠦ ᠪᠠᠶᠢᠴᠠᠭᠠᠵᠤ᠂ ᠳᠦᠷᠢᠮ ᠢᠶᠠᠷ ᠡᠷᠬᠡ ᠶᠢ ᠬᠠᠮᠢᠶᠠᠷᠴᠤ ᠬᠡᠷᠡᠭ ᠶᠠᠪᠤᠳᠠᠯ ᠢ ᠬᠠᠮᠢᠶᠠᠷᠴᠤ ᠬᠥᠮᠦᠨ ᠢ ᠬᠠᠮᠢᠶᠠᠷᠬᠤ ᠳᠠᠭᠠᠨ ᠴᠢᠳᠠᠮᠠᠭᠠᠢ ᠪᠠᠶᠢᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠭᠤᠣᠯ ᠬᠠᠷᠢᠭᠤᠴᠠᠯᠭ᠎ᠠ ᠭᠤᠣᠯ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠭᠤᠭᠴᠤᠭ᠎ᠠ ᠲᠠᠢ ᠤᠶᠠᠯᠳᠤᠭᠤᠯᠵᠤ᠂ ᠳᠦᠷᠢᠮ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳᠦᠷᠢᠮ ᠢᠶᠠᠷ ᠬᠥᠮᠦᠨ ᠢ ᠬᠠᠮᠢᠶᠠᠷᠴᠤ ᠡᠷᠬᠡ ᠶᠢ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠳᠦᠷᠢᠮ ᠢᠶᠠᠷ ᠲᠣᠭᠤᠷᠢᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ ᠬᠡᠷᠡᠭᠲᠡᠢ᠃      ᠥᠷᠭᠡᠨ ᠤᠯᠠᠨ ᠺᠠᠳ᠋ᠷ ᠤᠯᠠᠨ ᠲᠦᠮᠡᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ ᠴᠠᠭ ᠲᠤᠬᠠᠢ ᠳᠤᠨᠢ ᠪᠢᠳᠡᠨ ᠳᠤ ᠲᠤᠰᠬᠠᠭᠠᠷᠠᠢ᠃ ᠬᠠᠷᠢᠯᠴᠠᠬᠤ ᠠᠷᠭ᠎ᠠ᠄ 0474 - 7586653︔ ᠰᠢᠤᠳᠠᠨ ᠤ ᠬᠠᠶᠢᠷᠴᠠᠭ᠄ ᠰᠢᠩ ᠾᠧ ᠰᠢᠶᠠᠨ ᠤ ᠨᠠᠮ ᠵᠠᠰᠠᠭ ᠤᠨ ᠡᠮᠦᠨ᠎ᠡ ᠠᠰᠠᠷ ᠤᠨ ᠨᠢᠭᠡᠳᠦᠭᠡᠷ ᠳᠠᠪᠬᠤᠷᠯᠢᠭ᠂ ᠰᠢᠩ ᠾᠧ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠤᠷᠢᠶᠠᠵᠠᠢ︔ ᠡᠯᠧᠺᠳ᠋ᠷᠣᠨ ᠰᠢᠤᠳᠠᠨ ᠤ ᠬᠠᠶᠢᠷᠴᠠᠭ᠄ xhxdzjgswglj@163.com                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3