ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠬᠢᠬᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠢ ᠳ᠋ᠦᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ ᠵᠢᠶᠤᠤ ᠴᠦᠨ ᠶᠦᠩ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠪᠣᠯᠤᠨ ︽ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ 2023 ᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠭᠰᠡᠨ ᠪᠥᠭᠡᠳ 2024 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠰᠢᠶᠠᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠵᠡᠷᠭᠡ ᠠᠵᠢᠯ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ︽ᠲᠠᠪᠤ ᠶᠢ ᠬᠠᠮᠢᠶᠠᠷᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠ ᠶᠢ ᠳᠠᠭᠠᠭᠤᠯᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠴᠡᠭᠴᠡᠯᠡᠨ ᠪᠣᠯᠪᠠᠰᠤᠷᠠᠯ ᠢ ᠰᠠᠶᠢᠲᠤᠷ ᠠᠳᠬᠤᠬᠤ ᠬᠡᠷᠡᠭᠲᠡᠶ︔ ᠡᠷᠦᠬᠡ ᠶᠢᠨ ᠴᠡᠷᠢᠭ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠣᠨ ᠤ ᠪᠣᠯᠪᠠᠰᠤᠷᠠᠯ ᠪᠣᠯᠤᠨ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠴᠡᠷᠢᠭ ᠤᠨ ᠶᠠᠪᠤᠳᠠᠯ ᠤᠨ ᠬᠡᠷᠡᠭᠴᠡᠭᠡ ᠪᠠᠷ ᠬᠥᠲᠥᠯᠦᠮᠵᠢ ᠪᠣᠯᠭᠠᠵᠤ᠂ ᠨᠠᠮ ᠤᠨ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠴᠡᠷᠢᠭ ᠠᠩᠭᠢ ᠪᠠ ᠣᠷᠣᠨ ᠨᠤᠲᠤᠭ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠮᠥᠷᠲᠡᠭᠡᠨ ᠪᠠᠰᠠ ᠬᠠᠷᠢᠯᠴᠠᠨ ᠬᠠᠮᠵᠢᠯᠴᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠨ᠎ᠡ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠡᠭᠦᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ ᠢ ᠨᠡᠶᠢᠳᠬᠡᠬᠦ ᠨᠥᠭᠡᠴᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠡᠳ᠋ ᠪᠣᠳᠠᠰ ᠢ ᠪᠠᠲᠤᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ︽ᠨᠢᠭᠡ ᠵᠢᠯ ᠳᠤ ᠬᠤᠶᠠᠷ ᠢ ᠡᠯᠰᠡᠬᠦ︾ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠬᠤ ᠨᠠᠰᠤᠨ ᠤ ᠵᠠᠯᠠᠭᠤᠴᠤᠳ ᠢᠯᠠᠩᠭᠤᠶ᠎ᠠ ᠶᠡᠭᠡ ᠰᠤᠷᠭᠠᠭᠤᠯᠢ ᠲᠡᠭᠦᠰᠦᠭᠰᠡᠳ ᠢ ᠤᠬᠠᠭᠤᠯᠤᠨ ᠲᠠᠶᠢᠴᠢᠯᠠᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠡᠯᠰᠡᠬᠦ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠴᠢᠷᠮᠠᠶᠢᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠤᠯᠠᠭᠠᠨ ᠬᠥᠬᠡ ᠢ ᠠᠭᠤᠰᠤᠯᠴᠠᠭᠤᠯᠬᠤ︾ ᠣᠶᠢᠯᠠᠭᠠᠭᠳᠠᠬᠤᠨ ᠢ ᠬᠡᠷᠡᠭᠯᠡᠨ ᠤᠮᠠᠷᠠᠲᠤ ᠬᠢᠯᠢ ᠶᠢᠨ ᠴᠡᠷᠢᠭ ᠤᠨ ᠬᠤᠸᠠᠷᠠᠨ ᠤ ᠰᠣᠶᠣᠯ ᠢ ᠪᠠᠶᠢᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠤᠬᠠᠭᠤᠯᠭ᠎ᠠ ᠶᠢᠨ ᠬᠦᠴᠦᠨ ᠴᠢᠳᠠᠯ ᠪᠠ ᠡᠬᠢ ᠪᠠᠶᠠᠯᠢᠭ ᠢ ᠨᠡᠶᠢᠳᠬᠡᠵᠦ᠂ ᠤᠮᠠᠷᠠᠲᠤ ᠬᠢᠯᠢ ᠶᠢᠨ ᠴᠡᠷᠢᠭ ᠤᠨ ᠬᠤᠸᠠᠷᠠᠨ ᠤ ᠰᠣᠶᠣᠯ ᠤᠨ ᠪᠠᠶᠢᠭᠤᠯᠤᠯᠲᠠ ᠳᠤ ᠨᠡᠩ ᠤᠯᠠᠨ ᠬᠥᠭᠵᠢᠯ ᠮᠠᠨᠳᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3