ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠴᠠᠭ ᠠᠭᠤᠷ ᠤᠨ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠮᠠᠨ ᠤ ᠰᠢᠶᠠᠨ ᠤ ᠦᠶᠡᠷ ᠤᠨ ᠬᠤᠭᠤᠴᠠᠭᠠᠨ ᠤ ᠲᠤᠨᠳᠠᠰᠤᠨ ᠤ ᠬᠦᠴᠦᠯᠡᠴᠡ ᠪᠠ ᠴᠠᠭ ᠬᠤᠭᠤᠴᠠᠭ᠎ᠠ ᠣᠷᠣᠨ ᠵᠠᠶ ᠶᠢᠨ ᠲᠠᠷᠬᠠᠯᠲᠠ ᠲᠡᠭᠰᠢ ᠪᠤᠰᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠯᠭᠠᠮ᠎ᠠ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠡᠶᠢᠨ ᠤ ᠡᠮᠦᠨᠡᠬᠢ ᠪᠠᠶᠢᠳᠠᠯ ᠢᠶᠠᠨ ᠪᠠᠲᠤᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ ᠡᠷᠡᠰ ᠠᠷᠢᠯᠭᠠᠵᠤ᠂ ︽ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠢ ᠡᠰᠡᠷᠭᠦᠴᠡᠬᠦ᠂ ᠶᠡᠭᠡ ᠭᠠᠮᠰᠢᠭ ᠠᠴᠠ ᠠᠪᠤᠷᠠᠬᠤ︾ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠷᠭᠡᠶᠢᠯᠡᠬᠦ ᠪᠠᠷ ᠭᠤᠤᠯ ᠪᠣᠯᠭᠠᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠬᠦ ᠶᠢ ᠳᠣᠪᠤᠶᠢᠯᠭᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠦᠷᠢᠨ ᠭᠦᠢᠴᠡᠳ ᠪᠡᠯᠡᠳᠬᠡᠯ ᠢᠶᠠᠷ ᠲᠦᠮᠡᠨ ᠪᠣᠯᠤᠮᠵᠢᠲᠤ ᠪᠠᠶᠢᠳᠠᠯ ᠢ ᠠᠷᠭᠠᠴᠠᠬᠤ ᠬᠡᠷᠡᠭᠲᠡᠶ᠃ ᠭᠠᠩ ᠬᠠᠭᠰᠠᠷᠠᠭᠠᠨ ᠲᠠᠢ ᠲᠡᠮᠡᠴᠡᠬᠦ ᠤᠰᠤ ᠬᠠᠩᠭᠠᠬᠤ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠤᠰᠤ ᠭᠠᠩ ᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠯᠣᠭᠤᠳᠬᠤ ᠰᠢᠰᠲ᠋ᠧᠮ ᠢ ᠤᠯᠠᠮ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠢᠩᠭ᠎ᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠦᠬᠦ ᠲᠠᠯ᠎ᠠ ᠶᠢᠨ ᠢᠯᠠᠯᠲᠠ ᠶᠢ ᠴᠢᠷᠮᠠᠶᠢᠨ ᠲᠡᠮᠡᠴᠡᠨ ᠤᠯᠬᠤ ᠬᠡᠷᠡᠭᠲᠡᠢ  ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3