ᠯᠢ ᠺᠠᠶ ᠳ᠋ᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ᠂ ᠲᠠᠷᠢᠶᠠᠯᠠᠩ ᠤᠨ ᠤᠰᠤ ᠠᠷᠪᠢᠯᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠤᠤᠯ ᠤᠨ ᠵᠠᠮ ᠢ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ᠂ ᠲᠠᠷᠢᠶᠠᠯᠠᠩ ᠤᠨ ᠤᠰᠤ ᠠᠷᠪᠢᠯᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠤᠤᠯ ᠤᠨ ᠵᠠᠮ ᠢ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠭᠤᠤᠯ ᠴᠠᠭᠳᠠᠬᠤ ᠠᠵᠢᠯ ᠢ ᠥᠷᠨᠢᠭᠦᠯᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠨᠡᠷ ᠤᠷᠢᠳ ᠬᠤᠵᠢᠳ ᠳ᠋ᠢᠶᠠᠨ ᠽᠢ ᠪᠠᠯᠭᠠᠰᠤ᠂ ᠳ᠋ᠠ ᠲᠦᠩ ᠶᠣᠣ ᠰᠢᠶᠠᠩ᠂ ᠵᠠᠩ ᠭᠤᠤ ᠪᠠᠯᠭᠠᠰᠤ᠂ ᠲᠤᠸᠠᠨ ᠵᠢᠶᠧ ᠰᠢᠶᠠᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠭᠤᠤᠯ ᠤᠨ ᠵᠠᠮ ᠢ ᠵᠠᠰᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠬᠠᠪᠤᠷ ᠤᠨ ᠲᠠᠷᠢᠶᠠᠯᠠᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠳᠡᠰᠢᠨ ᠨᠣᠭᠤᠭ᠎ᠠ ᠶᠢᠨ ᠤᠰᠤ ᠠᠷᠪᠢᠯᠠᠬᠤ ᠲᠠᠷᠢᠮᠠᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠢᠮᠠᠯ ᠤᠨ ᠲᠣᠮᠣ ᠡᠷᠦᠬᠡ᠂ ᠬᠥᠳᠡᠭᠡ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠯᠢ ᠺᠠᠶ ᠳ᠋ᠦᠩ ᠬᠡᠯᠡᠬᠦ ᠳᠡᠭᠡᠨ᠂ ᠡᠯ᠎ᠡ ᠰᠢᠶᠠᠩ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠨᠥᠭᠡᠴᠡ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ᠂ ᠬᠠᠩᠭᠠᠯᠭ᠎ᠠ ᠰᠠᠭᠠᠳ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠰᠦᠯᠢᠶᠣᠣ ᠪᠦᠷᠬᠦᠪᠴᠢ ᠶᠢ ᠳᠡᠯᠭᠡᠷᠡᠭᠦᠯᠬᠦ ᠪᠠ ᠬᠡᠷᠡᠭᠯᠡᠬᠦ ᠶᠢ ᠰᠠᠶᠢᠲᠤᠷ ᠬᠢᠵᠦ᠂ ᠰᠦᠯᠢᠶᠣᠣ ᠪᠦᠷᠬᠦᠪᠴᠢ ᠶᠢᠨ ᠨᠥᠬᠦᠪᠥᠷᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠡᠬᠢ ᠡᠭᠦᠰᠦᠯ ᠠᠴᠠ ᠨᠢ ᠰᠠᠶᠢᠲᠤᠷ ᠠᠳᠬᠤᠬᠤ ᠬᠡᠷᠡᠭᠲᠡᠶ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠣᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠢ ᠪᠠᠲᠤᠯᠠᠨ ᠪᠡᠶᠡᠯᠡᠭᠦᠯᠵᠦ᠂ ᠲᠦᠷᠦᠯ ᠵᠦᠢᠯ ᠢ ᠵᠢᠷᠤᠮᠵᠢᠭᠤᠯᠤᠨ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠶᠡᠷ ᠤᠨ ᠪᠠᠶᠢᠳᠠᠯ ᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠦᠶᠡᠷ ᠢ ᠤᠷᠢᠳᠴᠢᠯᠠᠨ ᠰᠡᠷᠭᠡᠶᠢᠯᠡᠵᠦ᠂ ᠠᠮᠤ ᠪᠤᠳᠠᠭᠠᠨ ᠤ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠰᠤ ᠠᠷᠪᠢᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠢᠨᠵᠧᠨᠧᠷᠢᠩ ᠤᠨ ᠤᠰᠤ ᠠᠷᠪᠢᠯᠠᠬᠤ᠂ ᠮᠡᠷᠭᠡᠵᠢᠯ ᠤᠨ ᠤᠰᠤ ᠠᠷᠪᠢᠯᠠᠬᠤ᠂ ᠪᠦᠲᠦᠴᠡ ᠶᠢᠨ ᠤᠰᠤ ᠠᠷᠪᠢᠯᠠᠬᠤ᠂ ᠬᠠᠮᠢᠶᠠᠷᠤᠯᠲᠠ ᠶᠢᠨ ᠤᠰᠤ ᠠᠷᠪᠢᠯᠠᠬᠤ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠭᠤᠣᠯ ᠤᠨ ᠵᠠᠮ ᠢ ᠵᠠᠰᠠᠬᠤ ᠠᠵᠢᠯ ᠨᠢ ᠪᠦᠬᠦ ᠲᠠᠯ᠎ᠠ ᠳᠤ ᠬᠤᠯᠪᠣᠭᠳᠠᠵᠤ᠂ ᠬᠠᠷᠢᠭᠤᠴᠠᠯᠭ᠎ᠠ ᠬᠦᠨᠳᠦ ᠶᠡᠭᠡ ᠪᠠᠶᠢᠵᠤ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠬᠠᠮᠲᠤ ᠢᠨᠵᠧᠨᠧᠷᠢᠩ ᠤᠨ ᠠᠬᠢᠴᠠ ᠶᠢ ᠴᠢᠩᠭ᠎ᠠ ᠠᠳᠬᠤᠵᠤ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠢ ᠵᠢᠷᠤᠮᠯᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ  ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3