ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ︽ᠬᠥᠳᠡᠯᠭᠡᠵᠦ︾ ᠡᠬᠢᠯᠡᠪᠡ ᠲᠥᠯᠥᠭᠡᠯᠡᠭᠴᠢ ᠭᠡᠰᠢᠭᠦᠳ ︽ᠶᠠᠭᠠᠷᠠᠯᠳᠤᠵᠤ︾ ᠡᠬᠢᠯᠡᠪᠡ
ᠨᠡᠶᠢᠲᠡᠯᠡᠭᠰᠡᠨ ᠴᠠᠭ᠄
2024/4/3
     ᠬᠠᠪᠤᠷ ᠤᠨ ᠤᠯᠠᠷᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢᠨ ᠲᠥᠯᠥᠭᠡ᠂ ᠰᠠᠶᠢᠬᠤᠰᠤ ᠪᠠᠯᠭᠠᠰᠤᠨ ᠤ ᠲᠥᠯᠥᠭᠡᠯᠡᠭᠴᠢ ᠭᠡᠰᠢᠭᠦᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠢᠳᠡᠪᠬᠢᠲᠡᠢ ᠬᠦᠴᠦ ᠨᠡᠮᠡᠷᠢᠯᠡᠵᠦ᠂ ᠪᠦᠬᠦ ᠵᠢᠯ ᠤᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ ᠲᠠᠢ᠂ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠵᠠᠢ᠃           ᠤᠷᠢᠲᠠ ᠪᠠᠷ ᠬᠢᠨᠠᠯᠲᠠ ᠲᠠᠯᠪᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠨ ᠡᠬᠢᠯᠡᠭᠦᠯᠬᠦ ᠳᠤ ᠬᠦᠴᠦ ᠨᠡᠮᠡᠷᠢᠯᠡᠨ᠎ᠡ      ᠰᠠᠶᠢᠬᠤᠰᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠴᠠᠭᠠᠵᠠ ᠶᠢᠨ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠩᠭᠢ᠂ ᠬᠡᠰᠡᠭ ᠲᠥᠯᠥᠭᠡᠯᠡᠭᠴᠢ ᠭᠡᠰᠢᠭᠦᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠳᠡᠯᠭᠡᠭᠦᠷ ᠤᠨ ᠳᠣᠲᠣᠷᠠᠬᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠱᠣᠰᠢᠭ᠎ᠠ ᠳᠡᠮᠳᠡᠭ ᠵᠡᠷᠭᠡ ᠮᠡᠳᠡᠭᠡ ᠵᠠᠩᠭᠢ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠡᠵᠡᠩᠨᠡᠭᠴᠢᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠬᠢᠵᠦ᠂ ᠡᠵᠡᠩᠨᠡᠭᠴᠢᠳ ᠲᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠵᠡᠩᠨᠡᠯᠲᠡ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠲᠠᠷᠢᠶᠠᠨ ᠡᠮ ᠤᠨ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠰᠠᠬᠢᠵᠤ᠂ ᠲᠠᠷᠢᠶᠠᠨ ᠡᠮ ᠤᠨ ᠠᠮᠤᠷ ᠲᠦᠪᠰᠢᠨ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃      ᠲᠤᠰᠢᠶᠠᠯ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ  ᠭᠦᠢᠴᠡᠳᠭᠡᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠲᠤᠯᠠᠭ᠎ᠠ ᠶᠢᠨ      ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ᠂ ᠲᠠᠷᠢᠶᠠᠨ ᠭᠠᠵᠠᠷ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠭᠤᠣᠯ ᠳᠠᠶᠢᠨ ᠤ ᠲᠠᠯᠠᠪᠤᠷ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠰᠦᠯᠢᠶᠣᠣ ᠪᠦᠷᠬᠦᠭᠦᠯ ᠤᠨ ᠪᠦᠷᠬᠦᠴᠡ ᠶᠢᠨ ᠱᠠᠭᠠᠷᠳᠠᠯᠭ᠎ᠠ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ᠂ ᠤᠰᠤ ᠠᠷᠪᠢᠯᠠᠬᠤ ᠲᠦᠷᠢᠮ ᠲᠥᠷᠥ ᠶᠢᠨ ᠪᠣᠳᠣᠯᠭ᠎ᠠ ᠵᠡᠷᠭᠡ ᠶᠢ ᠲᠠᠷᠢᠮᠠᠯ ᠤᠨ ᠲᠣᠮᠣ ᠡᠷᠦᠬᠡ ᠳᠤ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠ ᠲᠣᠬᠢᠶᠠᠯᠳᠤᠭᠰᠠᠨ ︽ᠪᠠᠴᠢᠮ ᠪᠡᠷᠬᠡ ᠵᠣᠪᠠᠨᠢᠯ︾ ᠠᠰᠠᠭᠤᠳᠠᠯ ᠪᠠ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠣᠯᠠᠨ ᠲᠦᠮᠡᠨ ᠢ ᠳᠠᠶᠢᠴᠢᠯᠠᠨ ᠲᠠᠷᠢᠶᠠᠯᠠᠩ ᠤᠨ ᠠᠵᠤ ᠤᠶᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠲᠠᠷᠢᠮᠠᠯ ᠤᠨ ᠲᠣᠮᠣ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠤᠰᠤ ᠪᠠᠭ᠎ᠠ ᠬᠤᠷᠣᠭᠳᠠᠭᠤᠯᠬᠤ ᠲᠠᠷᠢᠮᠠᠯ ᠤᠨ  ᠵᠤᠶᠢᠯ ᠢ ᠢᠳᠡᠪᠬᠢᠲᠡᠶ ᠪᠠᠷ ᠳᠠᠷᠢᠭᠤᠯᠬᠤ ᠬᠡᠷᠡᠭᠲᠡᠶ᠃      ᠤᠬᠠᠭᠤᠯᠭ᠎ᠠ ᠪᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠳᠣᠲᠣᠭᠠᠳᠤ ᠬᠥᠳᠡᠯᠭᠡᠬᠦ ᠬᠦᠴᠦᠨ ᠢ ᠪᠣᠶ ᠪᠣᠯᠭᠠᠨ᠎ᠠ      ᠰᠠᠶᠢᠬᠤᠰᠤ ᠪᠠᠯᠭᠠᠰᠤ ︽ᠰᠦᠯᠵᠢᠶᠡᠨ ᠠᠴᠠ ᠭᠠᠳᠠᠨ᠎ᠠ + ᠰᠦᠯᠵᠢᠶᠡᠨ ᠠᠴᠠ ᠭᠠᠳᠠᠨᠠᠬᠢ︾᠎ ᠶᠢᠨ ᠵᠠᠭᠪᠤᠷ ᠢ ᠬᠡᠷᠡᠭᠯᠡᠵᠦ᠂ ᠵᠢᠷᠬᠢᠶ᠎ᠡ ᠶᠢᠨ ᠪᠦᠯᠦᠭᠯᠡᠯ᠂ ᠪᠦᠷᠢᠶ᠎ᠡ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ ᠲᠠᠷᠢᠶᠠᠯᠠᠩ ᠤᠨ ᠲᠠᠷᠢᠮᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠬᠠᠮᠤᠭ ᠤᠨ ᠰᠢᠨ᠎ᠡ ᠴᠠᠭ ᠠᠭᠤᠷ ᠤᠨ ᠪᠠᠶᠢᠳᠠᠯ ᠢ ᠴᠠᠭ ᠲᠤᠬᠠᠢ ᠳᠤᠨᠢ ᠬᠦᠷᠭᠡᠵᠦ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠡᠷᠲᠡᠬᠡᠨ ᠪᠡᠯᠡᠳᠬᠡᠯ ᠬᠢᠯᠭᠡᠵᠦ᠂ ᠬᠠᠪᠤᠷ ᠤᠨ ᠲᠠᠷᠢᠶᠠᠯᠠᠭ᠎ᠠ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠲᠤᠬᠢᠷᠠᠭᠤᠯᠤᠨ ᠨᠠᠶᠢᠳᠠᠪᠤᠷᠢᠵᠢᠭᠤᠯᠵᠠᠢ᠃      ᠳᠠᠷᠠᠭᠠᠴᠢ ᠶᠢᠨ ᠠᠯᠬᠤᠮ ᠳᠤ᠂ ᠰᠠᠶᠢᠬᠤᠰᠤ ᠪᠠᠯᠭᠠᠰᠤ ᠶᠢᠨ ᠬᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠠᠩᠬᠠᠷᠴᠤ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3