ᠸᠠᠩ ᠬᠤᠢ ᠢᠦᠢ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠮᠠᠨ ᠤ ᠰᠢᠶᠠᠨ ᠤ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠠᠢ᠃          ᠸᠠᠩ ᠬᠤᠢ ᠢᠦᠢ ᠨᠡᠷ ᠰᠤᠮᠤᠨ ᠤ ᠠᠭᠤᠯᠠᠨ ᠤᠢ ᠰᠢᠭᠤᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠪᠠ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠲᠠᠳ ᠠᠴᠠ ᠠᠰᠠᠭᠤᠨ ᠯᠠᠪᠯᠠᠬᠤ ᠬᠡᠯᠪᠡᠷᠢ ᠪᠠᠷ᠂ ᠭᠠᠯ ᠰᠡᠷᠭᠡᠶᠢᠯᠡᠬᠦ ᠲᠥᠬᠦᠭᠡᠷᠦᠮᠵᠢ ᠲᠥᠬᠦᠭᠡᠷᠦᠮᠵᠢ ᠶᠢᠨ ᠳᠤᠬᠢᠷᠠᠭᠤᠯᠤᠯᠳᠠ ᠶᠢᠨ ᠪᠠᠶᠢᠳᠠᠯ ᠪᠣᠯᠤᠨ ᠤᠢᠢᠷ᠎ᠠ ᠶᠢᠨ ᠬᠤᠭᠤᠴᠠᠭᠠᠨ ᠤ ᠪᠦᠬᠦ ᠰᠢᠶᠠᠨ ᠤ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      ᠸᠠᠩ ᠬᠤᠢ ᠢᠦᠶ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠪᠣᠯ ᠣᠶ ᠰᠢᠭᠤᠶ ᠶᠢᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠢᠯᠠᠩᠭᠤᠶ᠎ᠠ ᠬᠠᠩᠰᠢ ᠶᠢᠨ ᠡᠳᠦᠷ ᠬᠦᠷᠴᠦ ᠢᠷᠡᠬᠦ ᠳᠤ᠂ ᠭᠠᠯ ᠢ ᠰᠡᠷᠭᠡᠶᠢᠯᠡᠬᠦ ᠡᠭᠦᠷᠭᠡ ᠪᠣᠯ ᠨᠡᠩ ᠴᠢᠬᠤᠯᠠ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠵᠢᠭᠯᠠᠵᠤ᠂ ᠰᠡᠷᠭᠡᠶᠢᠯᠡᠨ ᠭᠠᠯ ᠤᠨᠲᠠᠷᠠᠭᠠᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠬᠤᠪᠢᠶᠠᠷᠢᠯᠠᠯ ᠢ ᠦᠨᠳᠦᠰᠦᠯᠡᠨ᠂ ᠡᠯ᠎ᠡ ᠲᠠᠯ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠲᠦᠭᠰᠢᠭᠦᠷᠢ ᠶᠢᠨ ᠳᠠᠯᠳᠠ ᠬᠡᠮ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠵᠢᠴᠢ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠠᠵᠢᠯᠲᠠᠳ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠬᠡᠷᠡᠭᠯᠡᠬᠦ ᠠᠷᠭ᠎ᠠ᠂ ᠠᠷᠠᠴᠢᠯᠠᠨ ᠬᠠᠮᠠᠭᠠᠯᠠᠬᠤ ᠮᠡᠳᠡᠯᠭᠡ ᠵᠡᠷᠭᠡ ᠶᠢ ᠪᠣᠯᠪᠠᠰᠤᠷᠠᠩᠭᠤᠶ ᠡᠵᠡᠮᠰᠢᠵᠦ᠂ ᠲᠣᠨᠤᠭ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠷᠠᠭᠤᠯᠤᠨ᠂ ᠭᠠᠯ ᠤᠨᠲᠠᠷᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠠᠯ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠵᠡᠷᠭᠡ ᠶᠢ ᠭᠦᠢᠴᠡᠳ ᠠᠰᠢᠭᠯᠠᠨ ᠤᠢ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠤᠯᠠᠨ ᠠᠷᠭ᠎ᠠ ᠵᠠᠮ ᠢᠶᠠᠷ ᠤᠬᠠᠭᠤᠯᠵᠤ᠂ ᠤᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠦᠷᠭᠦᠯᠵᠢᠯᠡᠨ ᠨᠡᠮᠡᠭᠳᠡᠭᠦᠯᠵᠦ᠂ ︽ᠤᠢ ᠰᠢᠭᠤᠶ ᠶᠢᠨ ᠭᠠᠯ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3